| | | ᠰᠤᠷᠪᠤᠯᠵᠢᠯᠠᠭᠴᠢ ᠬᠠᠤᠯᠢ ᠴᠠᠭᠠᠵᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠬᠠᠤᠯᠢ ᠴᠠᠭᠠᠵᠠ ᠶᠢᠨ ᠶᠠᠮᠤᠨ ᠠᠴᠠ ᠨᠠᠶᠢᠷᠠᠭᠤᠯᠵᠦ ᠵᠠᠰᠠᠪᠤᠷᠢ | ᠣᠷᠣᠭᠤᠯᠤᠭᠰᠠᠨ ︽2021 ᠣᠨ ᠤ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ︾ ᠶᠢ | ᠣᠶᠢᠷ᠎ᠠ ᠳᠤ ᠬᠡᠪᠯᠡᠨ ᠲᠠᠷᠬᠠᠭᠠᠬᠤ ᠪᠠᠷ ᠪᠠᠶᠢᠨ᠎ᠠ᠃ | ᠣᠶᠢᠯᠠᠭᠠᠭᠰᠠᠨ ᠢᠶᠠᠷ᠂ 2021 ᠣᠨ ᠤ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ | ᠬᠥᠲᠥᠯᠪᠦᠷᠢ ᠶᠢ ᠨᠠᠶᠢᠷᠠᠭᠤᠯᠤᠨ ᠵᠠᠰᠠᠪᠤᠷᠢ ᠣᠷᠣᠭᠤᠯᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠣᠭᠤᠰᠢᠯᠠᠭᠤᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠵᠢᠴᠢ ᠲᠥᠪ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠵᠶᠠᠨ ᠵᠠᠰᠠᠬᠤ ᠠᠵᠢᠯ ᠤᠨ ᠬᠤᠷᠠᠯ᠂ | ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠭᠤᠰᠢᠯᠠᠭᠤᠯᠣᠨ ᠨᠠᠶᠢᠳᠠᠪᠤᠷᠢᠵᠢᠭᠤᠯᠪᠠ᠃ | ᠰᠢᠯᠭᠠᠯᠲᠠ ᠶᠢᠨ ᠬᠥᠲᠥᠯᠪᠦᠷᠢ ᠳᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠢᠯᠭᠠᠯᠲᠠ ᠶᠢᠨ ᠬᠡᠪᠴᠢᠶᠡᠨ ᠳᠤ ᠣᠷᠣᠭᠤᠯᠵᠤ᠂ ᠬᠠᠤᠯᠢ | ᠴᠠᠭᠠᠵᠠ ᠶᠢᠨ ᠠᠵᠢᠯ ᠮᠡᠷᠭᠡᠵᠢᠯ ᠤᠨ ᠵᠣᠭᠰᠣᠯᠲᠠ᠂ ᠶᠣᠰᠣ ᠰᠤᠷᠲᠠᠬᠤᠨ ᠪᠠ ᠤᠷ᠎ᠠ ᠴᠢᠳᠠᠪᠤᠷᠢ ᠶᠢᠨ ᠲᠤᠬᠠᠢ ᠰᠢᠯᠭᠠᠨ ᠪᠠᠶᠢᠴᠠᠭᠠᠯᠲᠠ ᠶᠢ ᠦᠷᠭᠦᠯᠵᠢᠯᠡᠨ | ᠴᠢᠩᠭᠠᠳᠬᠠᠵᠤ᠂ ᠰᠢᠯᠭᠠᠯᠲᠠ ᠪᠠᠷ ᠰᠢᠯᠢᠨ ᠰᠣᠩᠭᠤᠬᠤ ᠶᠢᠨ ᠰᠢᠨᠵᠢᠯᠡᠬᠦ ᠤᠬᠠᠭᠠᠨᠴᠢ ᠴᠢᠨᠠᠷ ᠪᠠ ᠪᠦᠳᠤᠮᠵᠢᠳᠤ ᠴᠢᠨᠠᠷ ᠢ ᠠᠬᠢᠭᠤᠯᠤᠨ ᠳᠡᠭᠡᠭᠰᠢᠯᠡᠭᠦᠯᠵᠦ᠂ | ᠰᠢᠯᠭᠠᠯᠲᠠ ᠳᠤ ᠣᠷᠣᠯᠴᠠᠭᠰᠠᠳ ᠤᠨ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢ ᠬᠦᠷᠢᠶᠡᠯᠡᠬᠦ ᠶᠢ ᠬᠥᠳᠤᠯᠤᠨ ᠵᠢᠯᠣᠭᠤᠳᠴᠤ᠂ | ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢ | ᠦᠨᠡᠨᠴᠢ ᠰᠢᠳᠤᠷᠭᠤ ᠪᠠᠷ ᠡᠷᠬᠢᠮᠯᠡᠨ ᠳᠡᠭᠡᠳᠦᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠬᠤ ᠶᠢ ᠬᠥᠳᠤᠯᠤᠨ ᠵᠢᠯᠣᠭᠤᠳᠪᠠ᠃ ᠦᠨᠳᠦᠰᠦᠨ ᠪᠦᠳᠦᠴᠠ ᠪᠠ ᠨᠠᠶᠢᠷᠠᠭᠤᠯᠤᠨ ᠪᠢᠴᠢᠬᠦ ᠬᠡᠯᠪᠡᠷᠢ ᠶᠡᠷᠦᠩᠬᠡᠶ ᠳᠡᠭᠡᠨ ᠲᠣᠭᠲᠠᠭᠤᠨ | ᠪᠠᠶᠢᠬᠤ ᠶᠢ ᠪᠠᠳᠣᠯᠠᠭᠰᠠᠨ ᠰᠠᠭᠤᠷᠢᠨ ᠳᠡᠭᠡᠷ᠎ᠡ᠂ ᠰᠢᠯᠭᠠᠯᠲᠠ ᠶᠢᠨ ᠬᠥᠲᠥᠯᠪᠦᠷᠢ ᠨᠢ ᠨᠠᠮ ᠪᠠ ᠤᠯᠤᠰ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ | ᠬᠠᠮᠤᠭ ᠤᠨ ᠰᠢᠨ᠎ᠡ ᠣᠨᠣᠯ ᠤᠨ ᠦᠷ᠎ᠡ ᠪᠦᠲᠦᠭᠡᠯ᠂ ᠦᠢᠯᠡᠳᠦᠯᠭᠡ ᠶᠢᠨ ᠦᠷ᠎ᠡ ᠪᠦᠲᠦᠭᠡᠯ᠂ ᠲᠦᠷᠢᠮ ᠤᠨ ᠦᠷ᠎ᠡ ᠪᠦᠲᠦᠭᠡᠯ ᠪᠠ ᠬᠠᠤᠯᠢ ᠶᠢᠨ ᠤᠬᠠᠭᠠᠨ ᠤ ᠣᠨᠣᠯ | ᠵᠢᠴᠢ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠤᠨ ᠦᠭᠡᠷᠡᠴᠢᠯᠡᠭᠰᠡᠨ ᠪᠠᠶᠢᠳᠠᠯ ᠢ ᠦᠨᠳᠦᠰᠦᠯᠡᠨ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠥᠬᠦᠶ ᠲᠤᠰᠬᠠᠶ ᠮᠡᠷᠭᠡᠵᠢᠯ ᠰᠢᠨᠵᠢᠯᠡᠭᠡᠨ ᠤ ᠰᠠᠯᠠᠭ᠎ᠠ ᠶᠢᠨ ᠰᠢᠯᠭᠠᠨ ᠪᠠᠶᠢᠴᠠᠭᠠᠬᠤ ᠮᠡᠳᠡᠯᠭᠡ ᠶᠢᠨ ᠴᠡᠭ᠂ | ᠬᠥᠲᠥᠯᠪᠦᠷᠢ ᠶᠢᠨ ᠳᠠᠭᠠᠯᠳᠤᠭᠤᠯᠤᠯ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠮᠡᠯᠳᠠ ᠬᠠᠰᠣᠯᠳᠠ ᠬᠢᠵᠠᠢ᠃ |