ᠡᠶᠢᠮᠦᠷᠬᠦ ᠪᠠᠶᠢᠴᠠᠭᠠᠯᠲᠠ ᠶᠢ ᠬᠡᠦᠬᠡᠳ ᠲᠤ ᠪᠠᠶᠢᠩᠭᠤ ᠬᠢᠬᠦ ᠠᠶᠦᠯᠳᠠᠢ︕
ᠨᠡᠶᠢᠲᠡᠯᠡᠭᠰᠡᠨ ᠴᠠᠭ᠄
2023/2/23
          ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠬᠡᠤᠬᠡᠳ ᠤᠨ ᠪᠡᠶ᠎ᠡ ᠳᠠᠬᠢ ᠪᠢᠴᠢᠯ ᠡᠯᠧᠮᠧᠨ᠋ᠲ ᠢ ᠬᠡᠮᠵᠢᠬᠦ ᠳᠤ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠵᠤ᠂ ᠪᠢᠴᠢᠯ ᠡᠯᠧᠮᠧᠨ᠋ᠲ ᠢ ᠬᠡᠮᠵᠢᠬᠦ ᠶᠢ ᠪᠡᠶ᠎ᠡ ᠶᠢᠨ ᠪᠠᠶᠢᠴᠠᠭᠠᠯᠲᠠ ᠵᠡᠷᠭᠡ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠪᠣᠯᠭᠠᠵᠤ ᠪᠣᠯᠬᠤ ᠥᠬᠡᠶ ᠭᠡᠵᠦ ᠱᠠᠭᠠᠷᠳᠠᠪᠠ᠃ ᠣᠷᠣᠨ ᠨᠤᠲᠤᠭ ᠤᠨ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠡᠤᠬᠡᠳ ᠤᠨ ᠪᠢᠴᠢᠯ ᠡᠯᠧᠮᠧᠨ᠋ᠲ ᠢ ᠬᠡᠮᠵᠢᠬᠦ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠢᠶᠠᠨ ᠴᠢᠩᠭᠠᠳᠬᠠᠵᠤ᠂ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠨ ᠪᠠᠶᠢᠴᠠᠭᠠᠨ ᠬᠡᠮᠵᠢᠯᠲᠡ ᠬᠢᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠤᠨ ᠡᠮᠨᠡᠯᠭᠡ ᠶᠢᠨ ᠠᠵᠢᠯᠲᠠᠨ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ ᠬᠡᠵᠠᠢ᠃ ᠮᠠᠨ ᠤ ᠤᠯᠤᠰ ᠠᠯᠢ ᠡᠷᠲᠡ 2013 ᠣᠨ ᠳᠤ ︽ᠬᠡᠤᠬᠡᠳ ᠤᠨ ᠪᠢᠴᠢᠯ ᠡᠯᠧᠮᠧᠨ᠋ᠲ ᠢ ᠬᠡᠮᠵᠢᠬᠦ ᠶᠢ ᠵᠢᠷᠤᠮᠵᠢᠭᠤᠯᠬᠤ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠡᠬᠦᠨ ᠢ ᠨᠡᠶᠢᠳᠡᠮ ᠪᠠᠶᠢᠴᠠᠭᠠᠯᠲᠠ ᠶᠢᠨ ᠳᠦᠷᠦᠯ ᠪᠣᠯᠭᠠᠬᠤ ᠨᠢ ᠵᠣᠬᠢᠰ ᠥᠬᠡᠶ᠂ ᠢᠯᠠᠩᠭᠤᠶ᠎ᠠ 6 ᠰᠠᠷ᠎ᠠ ᠪᠤᠯᠤᠭ᠎ᠠ ᠦᠬᠡᠢ ᠨᠢᠯᠬ᠎ᠠ ᠬᠡᠤᠬᠡᠳ ᠲᠤ ᠨᠡᠩ ᠪᠤᠯᠬᠤ ᠦᠬᠡᠢ ᠭᠡᠵᠦ ᠲᠣᠳᠣᠷᠬᠠᠶ ᠵᠢᠭᠠᠭᠰᠠᠨ ᠪᠣᠯᠪᠠᠴᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠨ ᠤ ᠤᠴᠢᠷ ᠪᠤᠯᠭᠠᠭ᠎ᠠ ᠦᠬᠡᠢ ᠪᠠᠶᠢᠳᠠᠯ ᠦᠷᠬᠦᠯᠵᠢᠯᠡᠭᠰᠡᠭᠡᠷ ᠢᠷᠡᠭᠰᠡᠨ ᠪᠠᠶᠢᠨ᠎ᠠ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ