| | | ᠶᠠᠮᠠᠷ ᠪᠠᠶᠢᠳᠠᠯ ᠤᠨ ᠳᠣᠣᠷ᠎ᠠ ᠬᠤᠪᠢ ᠪᠠᠷ ᠢᠶᠠᠨ ᠰᠢᠢᠳᠪᠦᠷᠢᠯᠡᠵᠦ ᠪᠣᠯᠬᠤ ᠪᠣᠢ︖ | ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢᠨ ᠳᠠᠯᠠᠳᠤᠭᠠᠷ ᠵᠦᠢᠯ ᠳᠤ᠄ ᠬᠥᠮᠥᠨ ᠢ ᠦᠬᠦᠭᠦᠯᠵᠦ ᠰᠢᠷᠬᠠᠲᠤᠭᠤᠯᠤᠭᠰᠠᠨ ᠦᠭᠡᠢ᠂ ᠵᠥᠪᠬᠡᠨ | ᠡᠳ᠋ ᠬᠥᠷᠥᠩᠭᠡ ᠶᠢᠨ ᠬᠥᠩᠭᠡᠪᠲᠦᠷ ᠬᠤᠬᠢᠷᠠᠯ ᠤᠴᠠᠷᠠᠭᠤᠯᠤᠭᠰᠠᠨ ᠪᠥᠭᠡᠳ ᠦᠨᠳᠦᠰᠦᠨ ᠪᠣᠳᠠᠲᠤ ᠬᠡᠷᠡᠭ ᠨᠢ ᠲᠣᠳᠣᠷᠬᠠᠢ᠂ ᠲᠤᠬᠠᠢ ᠶᠢᠨ ᠬᠥᠮᠥᠨ ᠨᠢ ᠪᠣᠳᠠᠲᠤ | ᠬᠡᠷᠡᠭ ᠵᠢᠴᠢ ᠪᠤᠢ ᠪᠣᠯᠤᠭᠰᠠᠨ ᠰᠢᠯᠲᠠᠭᠠᠨ ᠤ ᠲᠤᠬᠠᠢ ᠮᠠᠷᠭᠤᠯᠳᠤᠭᠠᠨ ᠦᠭᠡᠢ ᠪᠠᠶᠢᠪᠠᠯ᠂ ᠲᠡᠷᠡ ᠳᠠᠷᠤᠢ ᠳᠤᠨᠢ ᠲᠤᠬᠠᠢ ᠶᠢᠨ ᠲᠠᠯᠠᠪᠤᠷ ᠠᠴᠠ ᠵᠠᠶᠢᠯᠠᠵᠤ᠂ ᠵᠠᠮ | ᠬᠠᠷᠢᠯᠴᠠᠭ᠎ᠠ ᠶᠢ ᠰᠡᠷᠭᠦᠭᠡᠵᠦ᠂ ᠬᠤᠬᠢᠷᠠᠯ ᠢ ᠲᠦᠯᠦᠬᠦ ᠤᠴᠢᠷ ᠶᠠᠪᠤᠳᠠᠯ ᠢ ᠥᠪᠡᠰᠦᠪᠡᠨ ᠵᠥᠪᠳᠡᠯᠴᠡᠨ ᠰᠢᠢᠳᠪᠦᠷᠢᠯᠡᠵᠦ ᠪᠣᠯᠣᠨ᠎ᠠ ᠭᠡᠵᠦ ᠲᠣᠭᠲᠠᠭᠠᠵᠠᠢ᠃ | ᠳᠣᠣᠷᠠᠬᠢ ᠪᠠᠶᠢᠳᠠᠯ ᠳᠤ ᠥᠪᠡᠰᠦᠪᠡᠨ ᠵᠥᠪᠳᠡᠯᠴᠡᠨ ᠰᠢᠢᠳᠪᠦᠷᠢᠯᠡᠵᠦ ᠪᠣᠯᠬᠤ ᠦᠭᠡᠢ᠂ ᠲᠤᠬᠠᠢ ᠶᠢᠨ ᠲᠠᠯᠠᠪᠤᠷ ᠢ ᠬᠠᠮᠠᠭᠠᠯᠠᠬᠤ ᠶᠢᠨ ᠬᠠᠮᠲᠤ ᠲᠡᠷᠡ | ᠳᠠᠷᠤᠢ ᠳᠤᠨᠢ ᠴᠠᠭᠳᠠᠭ᠎ᠠ ᠳᠤ ᠮᠡᠳᠡᠭᠦᠯᠬᠦ ᠬᠡᠷᠡᠭᠲᠡᠢ᠄ | ◇ ᠬᠥᠮᠥᠨ ᠢ ᠦᠬᠦᠭᠦᠯᠦᠭᠰᠡᠨ᠂ ᠰᠢᠷᠬᠠᠲᠤᠭᠤᠯᠤᠭᠰᠠᠨ︔ | ◇ ᠡᠳ᠋ ᠬᠥᠷᠥᠩᠭᠡ ᠶᠢᠨ ᠬᠤᠬᠢᠷᠠᠯ ᠤᠨ ᠠᠳᠡᠯ ᠭᠠᠷᠴᠤ᠂ ᠲᠤᠬᠠᠢ ᠶᠢᠨ ᠬᠥᠮᠥᠨ ᠨᠢ ᠪᠣᠳᠠᠲᠤ ᠬᠡᠷᠡᠭ ᠪᠤᠶᠤ ᠪᠤᠢ ᠪᠣᠯᠤᠭᠰᠠᠨ ᠰᠢᠯᠲᠠᠭᠠᠨ ᠤ ᠲᠤᠬᠠᠢ | ᠮᠠᠷᠭᠤᠯᠳᠤᠭᠠᠨ ᠲᠠᠢ ᠪᠣᠯᠤᠭᠰᠠᠨ ᠵᠢᠴᠢ ᠬᠡᠳᠦ᠋ᠢᠪᠡᠷ ᠪᠣᠳᠠᠲᠤ ᠬᠡᠷᠡᠭ ᠪᠤᠶᠤ ᠪᠤᠢ ᠪᠣᠯᠤᠭᠰᠠᠨ ᠰᠢᠯᠲᠠᠭᠠᠨ ᠤ ᠲᠤᠬᠠᠢ ᠮᠠᠷᠭᠤᠯᠳᠤᠭᠠᠨ ᠦᠭᠡᠢ ᠪᠣᠯᠪᠠᠴᠤ | ᠵᠥᠪᠳᠡᠯᠴᠡᠭᠡᠳ ᠬᠤᠬᠢᠷᠠᠯ ᠤᠨ ᠲᠥᠯᠥᠪᠦᠷᠢ ᠶᠢᠨ ᠲᠤᠬᠠᠢ ᠬᠡᠯᠡᠯᠴᠡᠵᠦ ᠲᠣᠬᠢᠷᠠᠵᠤ ᠴᠢᠳᠠᠭᠰᠠᠨ ᠦᠭᠡᠢ︔ | ◇ ᠮᠠᠰᠢᠨᠲᠤ ᠲᠡᠷᠭᠡ ᠳᠤ ᠨᠣᠮᠧᠷ ᠫᠠᠶᠢᠰᠠ ᠦᠭᠡᠢ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢᠯᠡᠳᠬᠡᠮᠵᠢ ᠲᠡᠮᠳᠡᠭ ᠦᠭᠡᠢ᠂ ᠳᠠᠭᠠᠳᠬᠠᠯ ᠤᠨ | ᠢᠯᠡᠳᠬᠡᠮᠵᠢ ᠲᠡᠮᠳᠡᠭ ᠦᠭᠡᠢ︔ | ◇ ᠳᠡᠯᠪᠡᠷᠡᠬᠦ ᠪᠣᠳᠠᠰ᠂ ᠨᠣᠴᠣᠮᠠᠲᠠᠭᠠᠢ ᠳᠡᠯᠪᠡᠷᠡᠮᠡᠲᠡᠭᠡᠢ ᠬᠢᠮᠢ ᠶᠢᠨ ᠪᠣᠳᠠᠰ ᠵᠢᠴᠢ ᠬᠤᠣᠷᠳᠠᠭᠤᠯᠬᠤ ᠴᠢᠨᠠᠷᠲᠠᠢ᠂ ᠰᠠᠴᠤᠷᠠᠭ ᠢᠳᠡᠪᠬᠢ ᠴᠢᠨᠠᠷᠲᠠᠢ᠂ | ᠢᠳᠡᠮᠡᠬᠡᠢ ᠴᠢᠨᠠᠷᠲᠠᠢ᠂ ᠬᠠᠯᠳᠠᠪᠤᠷᠢᠲᠤ ᠡᠪᠡᠳᠴᠢᠨ ᠤ ᠡᠪᠡᠳᠴᠢᠨ ᠡᠭᠦᠰᠬᠡᠭᠴᠢ ᠪᠡᠶ᠎ᠡ ᠵᠡᠷᠭᠡ ᠠᠶᠤᠯᠲᠠᠢ ᠪᠣᠳᠠᠰ ᠢ ᠲᠡᠭᠡᠭᠡᠪᠦᠷᠢᠯᠡᠭᠰᠡᠨ ᠲᠡᠷᠭᠡ ᠬᠥᠰᠬᠡ︔ | ◇ ᠪᠠᠷᠢᠯᠭ᠎ᠠ᠂ ᠤᠯᠠᠨ ᠨᠡᠶᠢᠲᠡ ᠶᠢᠨ ᠲᠥᠬᠦᠭᠡᠷᠦᠮᠵᠢ ᠪᠤᠶᠤ ᠪᠤᠰᠤᠳ ᠲᠥᠬᠦᠭᠡᠷᠦᠮᠵᠢ ᠲᠠᠢ ᠮᠥᠷᠭᠦᠯᠳᠦᠭᠰᠡᠨ︔ | ◇ ᠵᠢᠯᠣᠭᠤᠴᠢ ᠳᠤ ᠮᠠᠰᠢᠨᠲᠤ ᠲᠡᠷᠭᠡ ᠵᠢᠯᠤᠭᠤᠳᠬᠤ ᠬᠦᠴᠦᠨ ᠪᠦᠬᠦᠢ ᠦᠨᠡᠮᠯᠡᠯ ᠦᠭᠡᠢ︔ | ◇ ᠵᠢᠯᠣᠭᠤᠴᠢ ᠠᠷᠢᠬᠢ ᠤᠤᠭᠤᠭᠰᠠᠨ᠂ ᠤᠯᠤᠰ ᠠᠴᠠ ᠵᠠᠬᠢᠷᠤᠨ ᠬᠠᠮᠢᠶᠠᠷᠴᠤ ᠪᠠᠶᠢᠭ᠎ᠠ ᠮᠡᠳᠡᠷᠡᠯ ᠤᠨ ᠡᠮ ᠪᠤᠶᠤ ᠮᠢᠨᠴᠦᠷᠡᠭᠦᠯᠬᠦ ᠡᠮ ᠢ ᠤᠤᠭᠤᠭᠰᠠᠨ | ᠰᠡᠵᠢᠭᠯᠡᠯᠲᠡᠢ ᠪᠠᠶᠢᠬᠤ︔ | ◇ ᠲᠤᠬᠠᠢ ᠶᠢᠨ ᠬᠥᠮᠥᠨ ᠨᠢ ᠲᠡᠷᠭᠡ ᠬᠥᠰᠬᠡ ᠪᠠᠨ ᠥᠪᠡᠰᠦᠪᠡᠨ ᠰᠢᠯᠵᠢᠭᠦᠯᠵᠦ ᠳᠡᠶᠢᠯᠬᠦ ᠦᠭᠡᠢ ᠪᠠᠶᠢᠬᠤ᠃ | ᠵᠠᠮ ᠬᠠᠷᠢᠯᠴᠠᠭᠠᠨ ᠤ ᠠᠳᠡᠯ ᠳᠤ᠂ ᠬᠥᠮᠥᠨ ᠰᠢᠷᠬᠠᠲᠤᠭᠰᠠᠨ ᠯᠠ ᠶᠤᠮ ᠪᠣᠯ ᠲᠤᠬᠠᠢ ᠶᠢᠨ ᠲᠠᠯᠠᠪᠤᠷ ᠢ ᠬᠠᠮᠠᠭᠠᠯᠠᠬᠤ ᠶᠢᠨ ᠬᠠᠮᠲᠤ ᠳᠠᠷᠦ᠋ᠢᠬᠠᠨ | ᠴᠠᠭᠳᠠᠭ᠎ᠠ ᠳᠤ ᠮᠡᠳᠡᠭᠦᠯᠬᠦ ᠬᠡᠷᠡᠭᠲᠡᠢ᠃ | |