ᠰᠤᠪᠤᠷᠭ᠎ᠠ ᠪᠠᠯᠭᠠᠰᠤ ᠶᠢᠨ ᠨᠤᠲᠤᠭ ᠲᠠᠭᠠᠨ ᠪᠤᠴᠠᠭᠰᠠᠨ ᠵᠠᠯᠠᠭᠤ ᠮᠥᠷᠡᠨ ᠮᠠᠯᠴᠢᠨ ᠲᠠᠷᠢᠶᠠᠴᠢᠳ ᠢ ᠳᠠᠶᠢᠴᠢᠯᠠᠨ ᠴᠢᠨᠡᠬᠡᠯᠢᠭᠵᠢᠯ ᠤᠨ ᠵᠠᠮ ᠢᠶᠠᠷ ᠵᠠᠮᠨᠠᠨ᠎ᠠ
ᠨᠡᠶᠢᠲᠡᠯᠡᠭᠰᠡᠨ ᠴᠠᠭ᠄
2023/4/26
         ᠮᠥᠷᠡᠨ ᠪᠣᠯ ᠪᠠᠭᠠᠷᠢᠨ ᠪᠠᠷᠠᠭᠤᠨ ᠬᠤᠰᠢᠭᠤᠨ ᠤ ᠰᠤᠪᠤᠷᠭ᠎ᠠ ᠪᠠᠯᠭᠠᠰᠤᠨ ᠤ ᠪᠤᠮᠠᠨᠰᠢᠷᠤᠢ ᠭᠠᠴᠠᠭᠠᠨ ᠤ ᠨᠠᠶᠠᠭᠠᠳ ᠣᠨ ᠳᠤ ᠲᠥᠷᠥᠭᠰᠡᠨ ᠰᠢᠨ᠎ᠡ ᠴᠠᠭ ᠦᠶ᠎ᠡ ᠶᠢᠨ ᠮᠠᠯᠴᠢᠨ ᠪᠣᠯᠤᠨ᠎ᠠ᠂ 2004 ᠣᠨ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠲᠡᠭᠦᠰᠴᠦ᠂ ᠲᠡᠭᠦᠰᠦᠭᠰᠡᠨ ᠤ ᠳᠠᠷᠠᠭ᠎ᠠ ᠶᠡᠷᠦ ᠨᠢ ᠭᠠᠳᠠᠨ᠎ᠠ ᠣᠷᠣᠨ ᠳᠤ ᠬᠥᠯᠥᠰᠥᠨ ᠠᠵᠢᠯ ᠬᠢᠵᠦ ᠪᠠᠶᠢᠪᠠ᠂ 2013 ᠣᠨ ᠳᠤ ᠨᠤᠲᠤᠭ ᠤᠰᠤᠨ ᠳᠠᠭᠠᠨ ᠪᠤᠴᠠᠵᠤ ᠠᠳᠠᠯ ᠦᠢᠯᠡᠰ ᠪᠤᠰᠬᠠᠵᠤ᠂ ᠪᠣᠷᠣᠭᠵᠢᠭᠤᠨ ᠠᠮᠢᠳᠤᠷᠠᠬᠤ ᠶᠢᠨ ᠬᠠᠮᠲᠤ᠂ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠡᠷᠦᠬᠡ ᠪᠣᠯᠤᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠭᠰᠠᠨ ᠪᠠᠶᠢᠨ᠎ᠠ᠃
微信图片_20230426084236.jpg
       ᠮᠥᠷᠡᠨ ︽ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ︾᠎ ᠶᠢ ᠠᠬᠢᠭᠤᠯᠬᠤ ᠪᠠᠷ ᠭᠤᠤᠯ ᠬᠠᠷᠠᠯᠲᠠ ᠪᠠᠨ ᠪᠣᠯᠭᠠᠭᠰᠠᠨ ᠤ ᠳᠠᠷᠠᠭ᠎ᠠ᠂ 11 ᠡᠷᠦᠬᠡ ᠭᠡᠰᠢᠭᠦᠳ ᠢ ᠤᠷᠤᠭᠤᠯᠤᠨ ᠪᠠᠭᠠᠷᠢᠨ ᠪᠠᠷᠠᠭᠤᠨ ᠬᠤᠰᠢᠭᠤᠨ ᠤ ᠮᠥᠷᠡᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢ ᠪᠠᠶᠢᠭᠤᠯᠵᠤ᠂ ᠡᠷᠬᠢᠨ ᠲᠣᠭᠤᠷᠢᠨ ᠤ ᠶᠠᠳᠠᠭᠤ ᠬᠦᠴᠢᠷᠳᠡᠯᠲᠡᠶ ᠡᠷᠦᠬᠡ ᠪᠠ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠠᠶᠠᠨ ᠵᠠᠮ︾ ᠳᠡᠭᠡᠷ᠎ᠡ᠂ ︽ᠲᠦᠷᠦᠭᠦᠴᠢ ᠭᠠᠯᠠᠭᠤ ᠶᠢᠨ ᠦᠢᠯᠡᠳᠦᠯ︾᠎ ᠢ ᠭᠦᠢᠴᠡᠳ ᠪᠠᠳᠠᠷᠠᠭᠤᠯᠵᠤ᠂ 15 ᠶᠠᠳᠠᠭᠤ ᠬᠦᠴᠢᠷᠳᠡᠯᠲᠡᠢ ᠡᠷᠦᠬᠡ ᠶᠢᠨ 60 ᠬᠥᠮᠦᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠰᠦᠢᠳᠬᠡᠯ ᠬᠤᠷᠢᠶᠠᠬᠤ ᠦᠭᠡᠢ ᠪᠠᠷ ᠶᠠᠳᠠᠭᠤ ᠬᠦᠴᠢᠷᠳᠡᠯᠲᠡᠢ ᠡᠷᠦᠬᠡ ᠶᠢᠨ ᠲᠠᠷᠢᠶᠠᠨ ᠭᠠᠵᠠᠷ᠂ ᠡᠪᠡᠰᠦ ᠬᠠᠳᠤᠬᠤ᠂ ᠡᠪᠡᠰᠦ ᠪᠣᠭᠤᠵᠢᠯᠠᠬᠤ᠂ ᠵᠢᠯ ᠲᠤᠷᠰᠢ 7 ᠶᠠᠳᠠᠭᠤ ᠬᠦᠴᠢᠷᠳᠡᠯᠲᠡᠢ ᠡᠷᠦᠬᠡ ᠶᠢ ᠬᠥᠯᠥᠰᠥᠯᠡᠵᠦ᠂ ᠲᠡᠳᠡᠨ ᠳᠤ ᠠᠵᠢᠯ ᠤᠨ ᠪᠠᠶᠢᠷᠢ ᠬᠠᠩᠭᠠᠵᠠᠢ᠃ ᠡᠭᠦᠨ ᠤ ᠬᠠᠮᠲᠤ᠂ ᠡᠷᠭᠢᠨ ᠲᠣᠭᠤᠷᠢᠨ ᠤ ᠲᠠᠷᠢᠶᠠᠴᠢᠨ ᠮᠠᠯᠴᠢᠳ ᠲᠤ ᠮᠡᠷᠭᠡᠵᠢᠯ ᠤᠨ ᠯᠠᠪᠯᠠᠯᠭ᠎ᠠ᠂ ᠲᠡᠵᠢᠭᠡᠨ ᠠᠷᠠᠴᠢᠯᠠᠬᠤ ᠬᠠᠮᠢᠶᠠᠷᠤᠯᠲᠠ᠂ ᠪᠣᠷᠣᠯᠠᠭᠤᠯᠤᠨ ᠬᠤᠳᠠᠯᠳᠤᠬᠤ ᠵᠡᠷᠭᠡ ᠦᠢᠯᠡᠴᠢᠯᠡᠭᠡᠨ ᠬᠠᠩᠭᠠᠵᠤ᠂ ᠲᠠᠷᠢᠶᠠᠴᠢᠨ ᠮᠠᠯᠴᠢᠳ ᠤᠨ ᠪᠠᠶᠠᠵᠢᠬᠤ ᠳᠤ ᠢᠳᠡᠪᠬᠢ ᠬᠦᠴᠦᠨ ᠢ ᠨᠡᠮᠡᠷᠢᠯᠡᠪᠡ᠃
微信图片_20230426084242.jpg
      ᠬᠥᠳᠡᠭᠡ ᠲᠣᠰᠬᠤᠨ ᠤ ᠬᠥᠳᠡᠯᠮᠦᠷᠢ ᠬᠦᠴᠦ ᠵᠢᠯ ᠳᠠᠷᠠᠭᠠᠯᠠᠨ ᠪᠠᠭᠠᠰᠴᠤ᠂ ᠮᠠᠯᠴᠢᠨ ᠲᠠᠷᠢᠶᠠᠴᠢᠨ ᠤ ᠥᠪᠡᠷ ᠤᠨ ᠥᠷᠲᠡᠭ ᠥᠨᠳᠥᠷ᠂ ᠤᠨᠠᠯᠲᠠ ᠳᠤᠤᠷ᠎ᠠ ᠪᠠᠶᠢᠬᠤ ᠪᠠᠶᠢᠳᠠᠯ ᠳᠤ ᠴᠢᠭᠯᠡᠭᠦᠯᠦᠨ᠂ ᠮᠥᠷᠡᠨ ︽ᠲᠠᠷᠢᠶᠠᠨ ᠠᠰᠠᠷᠠᠭᠴᠢ︾᠎ ᠶᠢᠨ ᠪᠣᠳᠣᠯ ᠣᠷᠣᠵᠤ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠵᠠᠭᠪᠤᠷ ᠢ ᠬᠡᠷᠡᠭᠵᠢᠭᠦᠯᠵᠦ᠂ ᠪᠥᠬᠦ ᠲᠣᠰᠬᠤᠨ ᠤ ᠭᠠᠵᠠᠷ ᠰᠢᠷᠣᠶ ᠶᠢ ᠬᠡᠪᠴᠢᠶᠡᠵᠢᠭᠦᠯᠦᠨ ᠳᠠᠷᠢᠵᠤ᠂ ᠲᠠᠷᠢᠶᠠᠯᠠᠬᠤ ᠥᠪᠡᠷ ᠤᠨ ᠥᠷᠲᠡᠭ ᠢ ᠪᠠᠭᠤᠷᠠᠭᠤᠯᠤᠨ᠂  ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠯᠮᠦᠷᠢ ᠬᠦᠴᠦᠨ ᠢ ᠠᠷᠪᠢᠯᠠᠪᠠ᠃ ᠨᠠᠶᠢᠳᠠᠵᠤ ᠬᠠᠮᠢᠶᠠᠷᠤᠭᠤᠯᠬᠤ ᠠᠴᠠ ᠡᠮᠦᠨ᠎ᠡ᠂ ᠲᠠᠷᠢᠶᠠᠴᠢᠨ ᠮᠠᠯᠴᠢᠳ ᠪᠦᠬᠦᠯᠢ ᠰᠠᠭᠤᠷᠢ ᠡᠷᠳᠡᠨᠢ ᠰᠢᠰᠢ ᠲᠠᠷᠢᠬᠤ ᠳᠤ ᠮᠦ ᠪᠦᠷᠢ ᠶᠢᠨ ᠤᠨᠠᠯᠲᠠ ᠨᠢ 2 . 8 ᠲᠤᠨ ᠠᠴᠠ 3 ᠲᠣᠨ ᠪᠠᠶᠢᠵᠤ᠂ ᠨᠠᠶᠢᠳᠠᠵᠤ ᠬᠠᠮᠢᠶᠠᠷᠤᠭᠤᠯᠤᠭᠰᠠᠨ ᠤ ᠳᠠᠷᠠᠭ᠎ᠠ᠂ ᠮᠦ ᠪᠦᠷᠢ ᠶᠢᠨ ᠤᠨᠠᠯᠲᠠ ᠨᠢ 3 . 5 ᠲᠤᠨ ᠠᠴᠠ 4 ᠲᠣᠨ ᠳᠤ ᠬᠦᠷᠬᠦ ᠪᠣᠯᠤᠨ᠎ᠠ᠃ 2022 ᠣᠨ ᠳᠤ᠂ ᠬᠤᠷᠰᠢᠶᠠᠵᠢᠯ ᠠᠴᠠ ᠮᠠᠯ ᠥᠬᠡᠶ ᠡᠷᠦᠬᠡ ᠶᠢᠨ ᠨᠠᠶᠢᠳᠠᠨ ᠬᠠᠮᠢᠶᠠᠷᠤᠭᠤᠯᠵᠤ ᠪᠠᠶᠢᠭ᠎ᠠ ᠡᠷᠦᠬᠡ ᠨᠢ ᠮᠥ ᠪᠦᠷᠢ ᠳᠡᠭᠡᠨ 3 . 5 ᠲᠣᠨ ᠡᠷᠳᠡᠨᠢ ᠰᠢᠰᠢ ᠬᠤᠷᠢᠶᠠᠵᠤ᠂ ᠲᠣᠨ ᠪᠦᠷᠢ ᠳᠡᠭᠡᠨ 350 ᠲᠥᠭᠦᠷᠢᠭ ᠤᠨ ᠪᠠᠷᠢᠮᠵᠢᠶ᠎ᠠ ᠪᠠᠷ ᠪᠡᠯᠡᠨ ᠮᠥᠩᠭᠦ ᠪᠣᠯᠭᠠᠵᠤ᠂ ᠮᠠᠯ ᠲᠠᠢ ᠡᠷᠦᠬᠡ ᠨᠢ ᠮᠥ ᠪᠦᠷᠢ ᠳᠡᠭᠡᠨ 3 . 5 ᠲᠣᠨ ᠪᠦᠬᠦᠯᠢ ᠡᠷᠳᠡᠨᠢ ᠰᠢᠰᠢ ᠶᠢᠨ ᠪᠠᠷᠢᠮᠵᠢᠶ᠎ᠠ ᠪᠠᠷ ᠬᠡᠷ ᠲᠤᠨᠢ ᠬᠦᠷᠭᠡᠨ᠎ᠡ᠃
微信图片_20230426084245.jpg
      ᠡᠨᠡ ᠬᠦ ︽ᠪᠠᠶᠢᠳᠠᠯ ᠢ ᠨᠢ ᠦᠵᠡᠵᠦ ᠲᠣᠭᠲᠠᠭᠠᠬᠤ︾ ᠨᠠᠶᠢᠳᠠᠨ ᠬᠠᠮᠢᠶᠠᠷᠤᠭᠤᠯᠬᠤ ᠵᠠᠭᠪᠤᠷ ᠨᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠳᠤ ᠰᠠᠨᠠᠯ ᠨᠢᠭᠡᠲᠡᠶ ᠮᠡᠳᠡᠷᠡᠭᠳᠡᠵᠦ᠂ ︽ᠮᠥᠷᠡᠨ ᠭᠡᠬᠦ ᠡᠨᠡ ᠬᠦ ︿ᠲᠠᠷᠢᠶᠠᠨ ᠭᠠᠵᠠᠷ ᠤᠨ ᠠᠰᠠᠷᠠᠭᠴᠢ﹀᠎ ᠨᠢ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠶᠢᠨ ᠰᠠᠶᠢᠨᠲᠠᠶ ᠲᠠᠯ᠎ᠠ ᠶᠢ ᠪᠢᠳᠡᠨ ᠳᠤ ᠦᠨᠡᠨ ᠬᠦ ᠮᠡᠳᠡᠷᠡᠭᠦᠯᠵᠦ᠂ ᠪᠢᠳᠡ ︿ᠭᠠᠷ ᠰᠠᠵᠢᠬᠤ ᠵᠠᠩᠭᠤᠶᠢᠳᠠ﹀ ᠪᠣᠯᠵᠣ᠂ ᠰᠡᠳᠬᠢᠯ ᠠᠮᠤᠷ ᠬᠦᠴᠦ ᠪᠠᠨ ᠠᠷᠪᠢᠯᠠᠵᠤ ᠪᠠᠶᠢᠭᠠᠳ ᠪᠠᠰᠠ ᠣᠷᠣᠯᠭ᠎ᠠ ᠪᠠᠨ ᠨᠡᠮᠡᠭᠳᠡᠭᠦᠯᠵᠦ᠂ ᠭᠠᠵᠠᠷ ᠰᠢᠷᠣᠶ ᠶᠢᠨ ᠮᠥ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ 175 ᠲᠥᠭᠦᠷᠢᠭ ᠣᠷᠴᠢᠮ ᠨᠡᠮᠡᠭᠳᠡᠵᠦ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠭᠡᠳ ᠪᠠᠰᠠ ᠨᠢᠭᠡ ᠬᠤᠪᠢ ᠬᠥᠳᠡᠯᠮᠦᠷᠢ ᠶᠢᠨ ᠰᠦᠢᠳᠭᠡᠯ ᠣᠯᠵᠤ᠂ ᠭᠠᠵᠠᠷ ᠰᠢᠷᠣᠶ ᠶᠢ ᠠᠲᠠᠷᠰᠢᠭᠤᠯᠬᠤ ᠠᠴᠠ ᠵᠣᠪᠠᠭ᠋ᠤ ᠬᠡᠷᠡᠭ ᠥᠬᠡᠶ ᠪᠣᠯᠵᠠᠶ︾ ᠭᠡᠪᠡ᠃ 2023 ᠣᠨ ᠳᠤ᠂ ᠮᠥᠷᠡᠨ ᠲᠡᠵᠢᠬᠡᠨ ᠦᠷᠡᠵᠢᠬᠦᠯᠬᠦ ᠲᠤᠰᠬᠠᠶ ᠬᠤᠷᠰᠢᠶ᠎ᠠ ᠶᠢᠨ ᠨᠠᠶᠢᠳᠠᠨ ᠬᠠᠮᠢᠶᠠᠷᠤᠭᠤᠯᠤᠭᠰᠠᠨ ᠭᠠᠵᠠᠷ ᠰᠢᠷᠣᠶ 3360 ᠮᠥ ᠳᠤ ᠬᠦᠷᠴᠦ᠂ ᠨᠠᠶᠢᠳᠠᠨ ᠬᠠᠮᠢᠶᠠᠷᠤᠭᠤᠯᠤᠭᠰᠠᠨ ᠡᠷᠦᠬᠡ 154 ᠪᠠᠶᠢᠵᠤ᠂ ᠪᠥᠬᠦ ᠲᠣᠰᠬᠤᠨ ᠢᠶᠠᠷ ᠢᠶᠠᠨ ᠨᠠᠶᠢᠳᠠᠨ ᠬᠠᠮᠢᠶᠠᠷᠤᠭᠤᠯᠬᠤ ᠶᠢ ᠦᠨᠳᠦᠰᠦᠨ ᠳᠡᠭᠡᠨ ᠪᠡᠶᠡᠯᠡᠭᠦᠯᠪᠡ᠂ ᠲᠡᠷᠡ ᠪᠠᠰᠠ ᠬᠡᠷ ᠪᠦᠯᠢ ᠶᠢᠨ ᠨᠥᠬᠦᠴᠡᠯ ᠢᠶᠠᠷ ᠬᠠᠷᠢᠴᠠᠩᠭᠤᠶ ᠠᠨᠠᠶ ᠪᠠᠶᠢᠭ᠎ᠠ 6 ᠮᠠᠯᠵᠢᠬᠤ ᠲᠠᠷᠢᠶᠠᠯᠠᠬᠤ ᠡᠷᠦᠬᠡ ᠶᠢᠨ ᠡᠷᠦᠬᠡ ᠪᠦᠷᠢ ᠳᠤ 1000 ᠲᠥᠭᠦᠷᠢᠭ ᠤᠨ ᠨᠠᠶᠢᠳᠠᠨ ᠬᠠᠮᠢᠶᠠᠷᠤᠭᠤᠯᠬᠤ ᠵᠠᠷᠤᠳᠠᠯ ᠢ ᠬᠠᠰᠤᠵᠤ ᠬᠡᠯᠲᠦᠷᠢᠭᠦᠯᠵᠦ᠂ ᠮᠠᠯᠴᠢᠨ ᠲᠠᠷᠢᠶᠠᠴᠢᠨ ᠤ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠪᠡ᠃
微信图片_20230426084248.jpg
        ᠪᠤᠮᠠᠨᠰᠢᠷᠤᠢ ᠭᠠᠴᠠᠭ᠎ᠠ ᠶᠢ ᠪᠠᠭᠠᠷᠢᠨ ᠪᠠᠷᠠᠭᠤᠨ ᠬᠤᠰᠢᠭᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠴᠡᠭ ᠢᠶᠠᠷ ᠲᠣᠭᠲᠠᠭᠠᠭᠰᠠᠨ ᠤ ᠳᠠᠷᠠᠭ᠎ᠠ᠂ ᠮᠥᠷᠡᠨ ︽ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ︾ ︽ᠬᠤᠶᠠᠷ ᠢ ᠨᠡᠮᠡᠭᠳᠡᠭᠦᠯᠬᠦ︾ ᠬᠠᠷᠠᠯᠲᠠ ᠶᠢᠨ ᠲᠣᠭᠤᠷᠢᠨ ᠳᠤ ᠪᠤᠮᠠᠨᠰᠢᠷᠤᠢ ᠳᠤ ᠲᠣᠬᠢᠷᠠᠬᠤ ︽ᠠᠰᠢᠭ ᠬᠦᠷᠲᠡᠭᠡᠬᠦ ᠵᠠᠮ︾ ᠭᠠᠷᠭᠠᠪᠠ᠃ ᠨᠡᠶᠢᠭᠡᠮᠴᠢᠯᠡᠭᠰᠡᠨ  ᠦᠢᠯᠡᠴᠢᠯᠡᠭᠡᠨ ᠤ ᠨᠠᠶᠢᠳᠠᠨ ᠬᠠᠮᠢᠶᠠᠷᠤᠭᠤᠯᠬᠤ ᠲᠥᠷᠥᠯ ᠵᠦᠢᠯ ᠳᠤ᠂ ᠮᠥᠷᠡᠨ  ᠲᠡᠵᠢᠬᠡᠨ ᠦᠷᠡᠵᠢᠬᠦᠯᠬᠦ ᠲᠤᠰᠬᠠᠶ ᠬᠤᠷᠰᠢᠶ᠎ᠠ ᠨᠢᠭᠡᠳᠦᠯᠲᠡᠶ ᠳᠠᠷᠢᠬᠤ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠬᠠᠳᠤᠵᠤ ᠬᠤᠷᠢᠶᠠᠬᠤ᠂ ᠨᠢᠭᠡᠳᠦᠯᠲᠡᠶ ᠬᠤᠪᠢᠶᠠᠷᠢᠯᠠᠬᠤ ᠰᠢᠨ᠎ᠡ ᠵᠠᠭᠪᠤᠷ ᠢ ᠬᠡᠷᠡᠭᠵᠢᠭᠦᠯᠵᠦ᠂ ᠡᠷᠦᠬᠡ ᠪᠠ ᠡᠷᠦᠬᠡ ᠶᠢᠨ ᠵᠠᠭᠠᠭ ᠢ ᠡᠪᠳᠡᠵᠦ᠂ ᠭᠠᠵᠠᠷ ᠰᠢᠷᠣᠶ ᠶᠢ ᠡᠷᠴᠢᠮᠵᠢᠭᠦᠯᠬᠦ ᠳᠤ ᠰᠢᠨ᠎ᠡ ᠵᠠᠮ ᠨᠡᠭᠡᠭᠡᠵᠦ ᠥᠭᠴᠡᠶ᠃ ᠮᠥᠷᠡᠨ ᠲᠡᠵᠢᠬᠡᠨ ᠦᠷᠡᠵᠢᠬᠦᠯᠬᠦ ᠲᠤᠰᠬᠠᠶ ᠬᠤᠷᠰᠢᠶ᠎ᠠ ᠨᠢ ᠬᠠᠮᠤᠭ ᠤᠨ ᠶᠡᠭᠡ ᠬᠡᠮᠵᠢᠶ᠎ᠡ ᠪᠠᠷ ᠭᠠᠴᠠᠭᠠᠨ ᠤ ᠮᠠᠯᠴᠢᠳ ᠲᠤ ᠠᠰᠢᠭ ᠣᠯᠭᠤᠬᠤ ᠶᠢᠨ ᠬᠠᠮᠲᠤ ᠪᠠᠰᠠ ᠤᠰᠤᠯᠠᠯᠲᠠ ᠶᠢᠨ ᠭᠠᠵᠠᠷ᠂ ᠡᠷᠭᠢᠯᠳᠦᠭᠡ ᠭᠠᠵᠠᠷ᠂ ᠬᠠᠳᠤᠵᠤ ᠬᠤᠷᠢᠶᠠᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ ᠨᠥᠬᠦᠪᠥᠷᠢ ᠶᠢᠨ 25 ᠲᠦᠮᠡ ᠭᠠᠷᠤᠶ ᠲᠥᠭᠦᠷᠢᠭ ᠤᠨ ᠪᠠᠯᠠ ᠮᠥᠩᠭᠦ ᠶᠢ ᠳᠠᠬᠢᠨ ᠠᠰᠢᠭ ᠬᠤᠪᠢᠶᠠᠵᠠᠶ᠂ ᠡᠭᠦᠨ ᠳᠤ 10 %᠎ ᠶᠢ ᠨᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠬᠡᠷᠡᠭᠯᠡᠵᠦ᠂ 20 %᠎ ᠶᠢ ᠨᠢ ᠬᠤᠪᠢ ᠣᠷᠣᠭᠤᠯᠤᠭᠴᠢ ᠳᠤ ᠠᠰᠢᠭ ᠬᠤᠪᠢᠶᠠᠵᠠᠶ᠃
微信图片_20230426084253.jpg
        ᠬᠤᠶᠢᠰᠢᠳᠠ ᠶᠢᠨ ᠬᠥᠭᠵᠢᠯᠲᠡ ᠶᠢᠨ ᠲᠤᠬᠠᠶ ᠶᠠᠷᠢᠬᠤ ᠳᠠᠭᠠᠨ ᠮᠥᠷᠡᠨ ︽︿ᠭᠤᠷᠪᠠ ᠶᠢ ᠬᠤᠪᠢᠷᠠᠭᠤᠯᠬᠤ﹀ ᠥᠭᠡᠷᠡᠴᠢᠯᠡᠯᠲᠡ ᠪᠣᠯ ᠮᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠰᠢᠪᠲᠤᠯᠤᠯᠲᠠ ᠶᠢᠨ ᠴᠡᠭ ᠮᠥᠨ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠨᠢ ᠪᠢᠳᠡᠨ ᠢ ᠮᠠᠯᠴᠢᠨ ᠲᠠᠷᠢᠶᠠᠴᠢᠨ ᠪᠠᠶᠢᠭᠰᠠᠨ ᠠᠴᠠ ᠬᠤᠪᠢ ᠣᠷᠣᠭᠤᠯᠤᠭᠴᠢ ᠪᠣᠯᠭᠠᠵᠤ᠂ ᠵᠢᠯ ᠵᠢᠯ ᠠᠰᠢᠭ ᠬᠤᠪᠢᠶᠠᠵᠤ᠂ ᠵᠢᠯ ᠵᠢᠯ ᠣᠷᠣᠯᠭ᠎ᠠ ᠪᠠᠨ ᠨᠡᠮᠡᠭᠳᠡᠭᠦᠯᠵᠦ᠂ ᠪᠢᠳᠡ ᠰᠢᠨ᠎ᠡ ᠬᠦᠰᠡᠯ ᠡᠷᠡᠮᠡᠯᠵᠡᠯ ᠢ ᠣᠯᠵᠤ ᠬᠠᠷᠠᠯ᠎ᠠ᠂ ᠠᠮᠢᠳᠤᠷᠠᠯ ᠴᠤ ᠶᠠᠪᠤᠬᠤ ᠲᠤᠲᠤᠮ ᠥᠭᠡᠳᠡᠯᠡᠵᠦ ᠪᠠᠶᠢᠨ᠎ᠠ︾ ᠭᠡᠪᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ