| | | | ᠰᠢᠷᠠᠮᠥ᠋ᠷᠡᠨ ᠰᠤᠮᠤ ᠨᠢ ᠪᠠᠭᠠᠷᠢᠨ ᠪᠠᠷᠠᠭᠤᠨ ᠬᠤᠰᠢᠭᠤᠨ ᠤ ᠬᠠᠮᠤᠭ ᠤᠨ ᠡᠮᠦᠨ᠎ᠡ ᠵᠠᠬ᠎ᠠ ᠳᠤ ᠪᠠᠶᠢᠷᠢᠯᠠᠵᠤ᠂ ᠪᠠᠶᠢᠭᠠᠯᠢ᠂ ᠤᠰᠤᠨ ᠠᠰᠢᠭᠯᠠᠯᠲᠠ ᠶᠢᠨ | ᠨᠥᠬᠦᠴᠡᠯ ᠳᠠᠪᠠᠭᠤᠯᠢᠭ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠠᠭᠤᠷᠢ ᠪᠠᠲᠤ ᠪᠠᠬᠢ ᠪᠠᠶᠢᠳᠠᠭ᠃ ᠣᠶᠢᠷ᠎ᠠ ᠶᠢᠨ ᠵᠢᠯ ᠳᠤ᠂ ᠲᠣᠰ ᠰᠤᠮᠤ | ᠬᠥᠭᠵᠢᠯᠲᠡ ᠶᠢᠨ ᠰᠡᠳᠬᠢᠴᠡ ᠪᠠᠨ ᠦᠷᠭᠦᠯᠵᠢᠯᠡᠨ ᠥᠷᠭᠡᠳᠬᠡᠵᠦ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ᠂ ᠠᠵᠤ ᠦᠢᠯᠡᠰ ᠤᠨ ᠵᠠᠭᠪᠤᠷ ᠢᠶᠠᠨ | ᠲᠣᠬᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠨ ᠨᠡᠭᠡᠭᠡᠨ ᠬᠥᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠪᠠ᠃ ᠡᠭᠦᠨ ᠤ ᠳᠣᠲᠣᠷ᠎ᠠ᠂ ᠴᠠᠭᠠᠨ ᠢᠳᠡᠭᠡᠨ ᠤ ᠠᠵᠤ ᠦᠢᠯᠡᠰ ᠴᠢᠬᠤᠯᠠ ᠪᠠᠶᠢᠷᠢ | ᠰᠠᠭᠤᠷᠢ ᠶᠢ ᠡᠵᠡᠯᠡᠵᠦ᠂ ᠮᠠᠯᠴᠢᠨ ᠲᠠᠷᠢᠶᠠᠴᠢᠨ ᠡᠷᠦᠬᠡ ᠶᠢᠨ ᠪᠣᠳᠠᠭᠠᠯᠢ ᠪᠡᠶ᠎ᠡ ᠶᠢᠨ ᠬᠥᠭᠵᠢᠯᠲᠡ ᠠᠴᠠ ᠬᠡᠪᠴᠢᠶᠡᠵᠢᠯ ᠳᠠᠰᠢ ᠢᠳᠡᠭ ᠢᠳᠡᠭ ᠢᠶᠠᠷ ᠬᠤᠪᠢᠷᠠᠵᠤ᠂ | ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠪᠠᠰᠠ ᠨᠢᠭᠡᠨ ᠰᠢᠨ᠎ᠡ ᠠᠷᠭ᠎ᠠ ᠵᠠᠮ ᠪᠣᠯᠤᠭᠰᠠᠨ ᠪᠠᠶᠢᠨ᠎ᠠ᠃ | | | | | 2018 ᠣᠨ ᠳᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠬᠦ | ᠤᠷᠢᠶᠠᠯᠠᠭ᠎ᠠ ᠳᠤᠤᠷ᠎ᠠ᠂ ᠬᠤᠷᠢ ᠭᠠᠷᠤᠶ ᠵᠢᠯ ᠤᠨ ᠴᠠᠭᠠᠨ ᠢᠳᠡᠭᠡ ᠪᠣᠯᠪᠠᠰᠤᠷᠠᠭᠤᠯᠬᠤ ᠲᠤᠷᠰᠢᠯᠭ᠎ᠠ ᠲᠠᠢ ᠷᠢᠨᠴᠢᠭ᠌ᠮᠠ ᠡᠷ᠎ᠡ ᠨᠥᠬᠦᠷ ᠷᠠᠰᠢᠨᠢᠮ᠎ᠠ ᠲᠠᠢ ᠪᠠᠨ | ᠵᠥᠪᠳᠡᠯᠴᠡᠭᠰᠡᠨ ᠤ ᠳᠠᠷᠠᠭ᠎ᠠ᠂ ᠤᠤᠯ ᠤᠨ ︽ᠬᠡᠷ ᠪᠦᠯᠢ ᠶᠢᠨ ᠮᠠᠶ᠋ᠢᠭ︾ ᠤᠨ ᠴᠠᠭᠠᠨ ᠢᠳᠡᠭᠡ ᠪᠣᠯᠪᠠᠰᠤᠷᠠᠭᠤᠯᠬᠤ ᠠᠷᠭ᠎ᠠ ᠬᠡᠯᠪᠡᠷᠢ ᠶᠢ ᠲᠠᠰ ᠳᠡᠪᠰᠢᠭᠦᠯᠵᠦ᠂ ᠲᠣᠰ | ᠭᠠᠴᠠᠭᠠᠨ ᠤ ᠪᠠᠨ 10 ᠭᠠᠷᠤᠶ ᠮᠠᠯᠴᠢᠨ ᠲᠠᠷᠢᠶᠠᠴᠢᠨ ᠡᠷᠦᠬᠡ ᠲᠠᠢ ᠬᠠᠮᠲᠤᠷᠠᠨ ᠡᠵᠡᠩᠨᠡᠵᠦ᠂ ︽ᠪᠠᠭᠠᠷᠢᠨ ᠪᠠᠷᠠᠭᠤᠨ ᠬᠤᠰᠢᠭᠤᠨ ᠤ ᠨᠠᠷᠠᠨ ᠵᠦᠭ ᠲᠠᠷᠢᠶᠠᠯᠠᠩ ᠮᠠᠯ | ᠠᠵᠤ ᠠᠬᠤᠶ ᠶᠢᠨ ᠬᠤᠷᠰᠢᠶ᠎ᠠ︾ ᠶᠢ ᠡᠭᠦᠳᠦᠨ ᠪᠠᠶᠢᠭᠤᠯᠵᠤ᠂ ᠮᠢᠬᠠᠨ ᠤ ᠦᠬᠡᠷ ︵ᠰᠠᠭᠠᠯᠢ ᠶᠢᠨ ᠦᠨᠢᠶ᠎ᠡ︶ ᠲᠡᠵᠢᠭᠡᠨ ᠦᠷᠡᠵᠢᠭᠦᠯᠬᠦ᠂ ᠴᠠᠭᠠᠨ ᠢᠳᠡᠭᠡ ᠨᠠᠷᠢᠯᠢᠭ | ᠡᠳ᠋ᠰᠢᠭᠦᠯᠬᠦ᠂ ᠪᠣᠷᠣᠯᠠᠭᠤᠯᠬᠤ ᠪᠠᠷ ᠭᠤᠤᠯᠯᠠᠪᠠ᠃ ᠬᠤᠷᠰᠢᠶ᠎ᠠ ᠶᠢᠨ ᠡᠵᠡᠯᠡᠬᠦ ᠲᠠᠯᠠᠪᠠᠶ ᠨᠢ 3300 ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠳᠤ ᠬᠠᠰᠢᠶ᠎ᠠ | ᠰᠠᠷᠠᠪᠴᠢ ᠨᠢ 700 ᠲᠡᠭᠰᠢ ᠳᠥᠷᠪᠡᠯᠵᠢᠨ ᠮᠧᠲᠷ᠂ ᠡᠪᠡᠰᠦᠨ ᠬᠥᠮᠥᠷᠭᠡ ᠨᠢ 120 ᠲᠡᠭᠰᠢ ᠳᠥᠷᠪᠡᠯᠵᠢᠨ ᠮᠧᠲᠷ᠂ ᠨᠣᠭᠤᠭᠠᠨ ᠳᠠᠷᠤᠰᠢ ᠶᠢᠨ ᠵᠣᠭᠤᠷᠢ ᠨᠢ 240 | ᠪᠣᠰᠤᠭ᠎ᠠ ᠳᠥᠷᠪᠡᠯᠵᠢᠨ ᠮᠧᠲᠷ᠂ 115 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠴᠠᠭᠠᠨ ᠢᠳᠡᠭᠡ ᠢᠰᠬᠡᠬᠦ ᠲᠠᠰᠤᠭ᠂ ᠦᠢᠯᠡᠳᠬᠦ ᠲᠠᠰᠤᠭ᠂ ᠲᠣᠰᠣ | ᠪᠣᠯᠪᠠᠰᠤᠷᠠᠭᠤᠯᠬᠤ ᠲᠠᠰᠤᠭ ᠪᠠ ᠪᠤᠰᠤᠳ ᠳᠠᠭᠠᠯᠲᠠ ᠪᠦᠲᠦᠭᠡᠭᠳᠡᠬᠦᠨ ᠪᠣᠯᠪᠠᠰᠤᠷᠠᠭᠤᠯᠬᠤ ᠲᠠᠰᠤᠭ ᠢ ᠰᠢᠨ᠎ᠡ ᠪᠠᠷ ᠪᠠᠶᠢᠭᠤᠯᠵᠤ᠂ ᠴᠠᠭᠠᠨ ᠢᠳᠡᠭᠡ ᠪᠣᠯᠪᠠᠰᠤᠷᠠᠭᠤᠯᠬᠤ | ᠲᠤᠰᠬᠠᠶ ᠲᠥᠬᠦᠭᠡᠷᠦᠮᠵᠢ ᠬᠤᠳᠠᠯᠳᠤᠨ ᠠᠪᠴᠤ᠂ ᠲᠤᠰᠬᠠᠶ ᠮᠡᠷᠭᠡᠵᠢᠯ ᠤᠨ ᠠᠵᠢᠯᠲᠠᠨ ᠲᠣᠬᠢᠷᠠᠭᠤᠯᠵᠤ᠂ ︽ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ︾ | ᠶᠢ ᠨᠢᠭᠡ ᠴᠣᠭᠴᠠᠵᠢᠭᠤᠯᠤᠭᠰᠠᠨ ᠪᠠᠷᠢᠮᠵᠢᠶᠠᠵᠢᠭᠰᠠᠨ᠂ ᠵᠢᠷᠤᠮᠵᠢᠭᠰᠠᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠠᠶᠢᠭᠤᠯᠪᠠ᠃ | | | | | ︽ᠰᠢᠵᠢᠷ ᠠᠯᠲᠠᠨ ᠰᠦ ᠶᠢᠨ ᠢᠷᠡᠯᠲᠡ ᠶᠢᠨ ᠪᠦᠰᠡ︾ ᠳᠤ ᠪᠠᠶᠢᠷᠢᠯᠠᠵᠤ᠂ ᠠᠭᠤᠷ ᠠᠮᠢᠰᠬᠤᠯ᠂ ᠮᠠᠯᠵᠢᠯ ᠤᠨ ᠲᠠᠯᠠᠪᠠᠶ ᠴᠥᠮ ᠰᠢᠯᠢᠳᠡᠭ ᠰᠦ ᠶᠢᠨ | ᠢᠷᠡᠯᠲᠡ ᠶᠢᠨ ᠬᠠᠮᠤᠭ ᠤᠨ ᠰᠠᠶᠢᠨ ᠪᠠᠲᠤᠯᠠᠭ᠎ᠠ ᠪᠣᠯᠵᠣ᠂ ᠬᠤᠷᠰᠢᠶ᠎ᠠ ᠨᠢ ᠰᠢᠮᠧᠨ᠋ᠲ᠋ᠧᠷ ᠢᠶᠠᠷ ᠭᠤᠤᠯ ᠪᠣᠯᠭᠠᠭᠰᠠᠨ ᠰᠠᠭᠤᠷᠢ ᠡᠬᠡ ᠮᠠᠯ ᠢ ᠨᠠᠷᠢᠯᠢᠭ ᠰᠣᠩᠭᠤᠵᠤ᠂ ᠪᠥᠬᠦ | ᠵᠢᠯ ᠳᠤ ᠬᠠᠰᠢᠶᠠᠯᠠᠨ ᠲᠡᠵᠢᠭᠡᠵᠦ ᠬᠡᠪᠴᠢᠶᠡᠵᠢᠭᠦᠯᠦᠨ ᠲᠡᠵᠢᠭᠡᠨ ᠦᠷᠡᠵᠢᠭᠦᠯᠵᠦ᠂ ︽ᠴᠠᠷᠭᠠᠰᠤ + ᠪᠦᠬᠦᠯᠢ ᠨᠣᠭᠤᠭᠠᠨ ᠳᠠᠷᠤᠰᠢ + ᠨᠠᠷᠢᠯᠢᠭ ᠪᠣᠷᠳᠤᠭ᠎ᠠ ᠶᠢᠨ | ᠨᠥᠬᠦᠪᠥᠷᠢ ᠪᠣᠷᠳᠤᠭ᠎ᠠ︾ ᠶᠢᠨ ᠪᠥᠬᠦ ᠦᠨ᠎ᠡ ᠶᠢᠨ ᠪᠣᠷᠳᠤᠭ᠎ᠠ ᠶᠢᠨ ᠬᠠᠷᠢᠴᠠᠯ ᠢᠶᠠᠷ ᠲᠡᠵᠢᠭᠡᠨ ᠠᠷᠠᠴᠢᠯᠠᠬᠤ ᠶᠢ ᠬᠡᠷᠡᠭᠵᠢᠭᠦᠯᠵᠦ᠂ ︽ᠨᠢᠭᠡ ᠰᠠᠭᠤᠷᠢ ᠡᠪᠡᠰᠦ ᠠᠴᠠ | ᠨᠢᠭᠡ ᠴᠣᠮᠣ ᠰᠦ ᠬᠦᠷᠲᠡᠯ᠎ᠡ︾ ᠴᠢᠩᠭ᠎ᠠ ᠡᠵᠡᠮᠳᠡᠨ᠂ ᠴᠣᠯ ᠪᠠᠶᠢᠭᠠᠯᠢᠯᠢᠭ᠂ ᠪᠣᠬᠢᠷᠲᠤᠯ ᠥᠬᠡᠶ ᠴᠠᠭᠠᠨ ᠢᠳᠡᠭᠡᠨ ᠦᠢᠯᠡᠳᠬᠦ ᠶᠢ ᠪᠠᠷᠢᠮᠲᠠᠯᠠᠵᠤ᠂ ᠦᠢᠯᠡᠳᠬᠦᠨ ᠤ | ᠶᠠᠰᠤ ᠴᠢᠨᠠᠷ ᠢ ᠪᠠᠲᠤᠯᠠᠨ᠂ ᠰᠡᠳᠬᠢᠯ ᠳᠡᠯᠪᠢᠨ ᠠᠯᠬᠤᠮ ᠪᠦᠷᠢ ᠶᠢ ᠨᠠᠷᠢᠯᠢᠭ ᠬᠢᠪᠡ᠃ ᠣᠳᠣ ᠪᠠᠶᠢᠭ᠎ᠠ ᠮᠢᠬᠠᠨ ᠤ ᠦᠬᠡᠷ ︵ᠰᠠᠭᠠᠯᠢ ᠶᠢᠨ ᠦᠨᠢᠶ᠎ᠡ︶ 60 ᠭᠠᠷᠤᠶ | ᠲᠣᠯᠣᠭᠠᠶ ᠪᠠᠶᠢᠵᠤ᠂ ᠵᠢᠯ ᠳᠤ 20 ᠭᠠᠷᠤᠶ ᠲᠣᠯᠣᠭᠠᠶ ᠪᠣᠷᠣᠯᠠᠭᠤᠯᠵᠤ᠂ ᠡᠳᠦᠷ ᠪᠦᠷᠢ ᠳᠤᠮᠳᠠᠴᠢ ᠪᠠᠷ 100 ᠺᠢᠯᠣᠭ᠍ᠷᠠᠮ ᠰᠦ ᠭᠠᠷᠳᠠᠭ᠂ ᠴᠠᠭᠠᠨ ᠢᠳᠡᠭᠡᠨ ᠤ | ᠲᠥᠷᠥᠯ ᠵᠦᠢᠯ 10 ᠭᠠᠷᠤᠶ ᠵᠦᠢᠯ ᠪᠤᠶ᠂ ᠡᠭᠦᠨ ᠳᠤ ᠭᠤᠣᠯᠳᠠᠭᠤ ᠬᠤᠷᠤᠳ᠂ ᠰᠢᠷ᠎ᠠ ᠲᠣᠰᠣ᠂ ᠥᠷᠥᠮ᠎ᠡ᠂ ᠬᠠᠳᠠᠭᠠᠭᠰᠠᠨ᠂ ᠡᠭᠡᠳᠡᠭᠰᠡᠨ ᠰᠦ᠂ ᠴᠦᠴᠦᠬᠡᠢ᠂ | ᠰᠢᠷ᠎ᠠ ᠲᠣᠰᠣᠨ ᠤᠷᠤᠭᠤᠯ ᠤᠨ ᠪᠤᠳᠤᠭ ᠪᠣᠯᠤᠨ ᠦᠨᠢᠶᠡᠨ ᠰᠦ ᠶᠢᠨ ᠰᠠᠪᠤᠩ ᠵᠡᠷᠭᠡ ᠪᠠᠭᠲᠠᠨ᠎ᠠ᠃ | | | | | ︽ᠪᠠᠭᠠᠷᠢᠨ ᠪᠠᠷᠠᠭᠤᠨ ᠬᠤᠰᠢᠭᠤᠨ ᠤ ᠨᠠᠷᠠᠨ ᠵᠦᠭ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ︾ ᠶᠢᠨ ᠣᠷᠣᠯᠭ᠎ᠠ ᠵᠢᠯ ᠳᠠᠷᠠᠭᠠᠯᠠᠨ ᠨᠡᠮᠡᠭᠳᠡᠵᠦ᠂ ᠶᠠᠭ | ︽ᠵᠠᠭᠤᠨ ᠲᠦᠮᠡᠨ ᠲᠥᠭᠦᠷᠢᠭ ᠤᠨ ᠡᠷᠦᠬᠡ︾ ᠳᠠᠰᠢ ᠤᠷᠤᠭᠰᠢᠯᠠᠵᠤ ᠪᠣᠶ᠂ ᠬᠤᠷᠰᠢᠶ᠎ᠠ ᠶᠢᠨ ᠳᠠᠭᠠᠭᠤᠯᠤᠭᠴᠢ ᠷᠢᠨᠴᠢᠭ᠌ᠮᠠ ︽ᠪᠣᠬᠢᠷᠲᠤᠯ ᠥᠬᠡᠶ ᠬᠥᠭᠵᠢᠯᠲᠡ᠂ | ᠡᠬᠢ ᠪᠠᠶᠠᠯᠢᠭ ᠤᠨ ᠠᠰᠢᠭᠯᠠᠯᠲᠠ︾ ᠶᠢᠨ ᠣᠶᠢᠯᠠᠭᠠᠭᠳᠠᠬᠤᠨ ᠢᠶᠠᠷ᠂ ᠰᠦ ᠶᠢᠨ ᠦᠢᠯᠡᠰ ᠤᠨ ᠳᠠᠭᠠᠯᠲᠠ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠲᠠᠯ᠎ᠠ ᠪᠠᠷ | ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠰᠢᠷ᠎ᠠ ᠲᠣᠰᠣ ᠪᠠᠷ ᠬᠢᠭᠰᠡᠨ ᠤᠷᠤᠭᠤᠯ ᠤᠨ ᠪᠤᠳᠤᠭ᠂ ᠦᠨᠦᠷᠲᠦ ᠰᠠᠪᠤᠩ ᠵᠡᠷᠭᠡ ᠴᠤᠯᠤ ᠪᠠᠶᠢᠭᠠᠯᠢᠯᠢᠭ᠂ ᠪᠣᠬᠢᠷᠲᠤᠯ | ᠥᠬᠡᠶ ᠭᠤᠶᠣᠯᠠᠯ ᠤᠨ ᠡᠳ᠋ ᠢ ᠬᠡᠷᠡᠭᠯᠡᠨ ᠪᠣᠷᠣᠯᠠᠭᠤᠯᠵᠤ᠂ ᠡᠳ᠋ ᠨᠢ ᠰᠠᠶᠢᠨ ᠦᠨ᠎ᠡ ᠨᠢ ᠬᠢᠮᠳᠠ ᠪᠠᠶᠢᠵᠤ᠂ ᠥᠷᠭᠡᠨ ᠣᠯᠠᠨ ᠬᠡᠷᠡᠭᠯᠡᠭᠴᠢᠳ ᠤᠨ ᠬᠦᠷᠢᠶᠡᠯᠡᠯ ᠢ ᠶᠡᠬᠡᠳᠡ | ᠣᠯᠵᠤ ᠪᠠᠶᠢᠨ᠎ᠠ᠃ | | | | | ᠰᠠᠶᠢᠨ ᠦᠢᠯᠡᠳᠬᠦᠨ ᠨᠢ ᠪᠣᠷᠣᠯᠠᠭᠤᠯᠭ᠎ᠠ ᠰᠠᠶᠢᠲᠠᠶ᠂ ᠵᠣᠴᠢᠳ ᠤᠨ ᠢᠷᠡᠯᠲᠡ ᠲᠣᠭᠲᠠᠪᠤᠷᠢᠲᠠᠶ᠂ ᠦᠢᠯᠡᠳᠬᠦᠨ ᠤ ᠬᠠᠩᠭᠠᠯᠭ᠎ᠠ ᠨᠢ ᠬᠡᠷᠡᠭᠴᠡᠭᠡ ᠳᠡᠭᠡᠨ | ᠬᠥᠷᠬᠦ ᠥᠬᠡᠶ ᠪᠠᠶᠢᠵᠤ᠂ ᠪᠠᠭᠠᠷᠢᠨ ᠪᠠᠷᠠᠭᠤᠨ ᠬᠤᠰᠢᠭᠤᠨ ᠤ ᠬᠡᠪᠴᠢᠶᠠᠨ ᠳᠤ᠂ ᠤᠯᠠᠭᠠᠨᠬᠠᠳᠠ ᠬᠤᠲᠠ᠂ ᠡᠷᠢᠶᠡᠨ ᠬᠤᠲᠠ᠂ ᠬᠥᠬᠡᠬᠤᠲᠠ ᠵᠡᠷᠭᠡ ᠭᠠᠵᠠᠷ ᠲᠤ | ᠭᠤᠤᠯᠯᠠᠨ ᠪᠣᠷᠣᠯᠠᠭᠤᠯᠵᠤ᠂ ᠲᠡᠷᠡᠴᠢᠯᠡᠨ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠵᠤ᠂ ᠰᠦᠯᠵᠢᠶᠡᠨ ᠤ ᠵᠠᠬᠢᠶᠠᠯᠠᠭ᠎ᠠ ᠶᠢᠨ ᠬᠠᠭᠤᠳᠠᠰᠤ ᠴᠤ | ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ᠃ ᠢᠩᠭᠢᠭᠡᠳ ᠥᠪᠡᠷ ᠤᠨ ᠪᠦᠲᠦᠭᠡᠭᠳᠡᠬᠦᠨ ᠢᠶᠠᠨ ᠪᠣᠷᠣᠯᠠᠭᠤᠯᠤᠭᠰᠠᠨ ᠢᠶᠠᠷ ᠪᠠᠷᠠᠬᠤ ᠥᠬᠡᠶ ᠪᠠᠰᠠ ᠲᠤᠬᠠᠶ ᠶᠢᠨ ᠭᠠᠵᠠᠷ ᠤᠨ | ᠳᠠᠪᠠᠭᠤᠯᠢᠭ ᠡᠬᠢ ᠪᠠᠶᠠᠯᠢᠭ ᠢᠶᠠᠨ ᠭᠠᠳᠠᠭᠰᠢ ᠳᠡᠯᠭᠡᠨ ᠦᠵᠡᠭᠦᠯᠵᠦ᠂ ᠰᠢᠷᠠᠮᠥ᠋ᠷᠡᠨ ᠰᠤᠮᠤ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠤᠭᠰᠠᠨ | ᠪᠠᠶᠢᠨ᠎ᠠ᠃ | | | | | ︽ᠪᠠᠭᠠᠷᠢᠨ ᠪᠠᠷᠠᠭᠤᠨ ᠬᠤᠰᠢᠭᠤᠨ ᠤ ᠨᠠᠷᠠᠨ ᠵᠦᠭ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ︾ ᠪᠣᠯ ᠰᠢᠷᠠᠮᠥ᠋ᠷᠡᠨ ᠰᠤᠮᠤ ᠶᠢᠨ ︽ᠪᠦᠲᠦᠴᠡ ᠳᠤ | ᠲᠣᠬᠢᠷᠠᠭᠤᠯᠤᠯᠲᠠ ᠬᠢᠵᠦ᠂ ᠠᠷᠭ᠎ᠠ ᠬᠡᠯᠪᠡᠷᠢ ᠪᠠᠨ ᠬᠤᠪᠢᠷᠠᠭᠤᠯᠬᠤ︾ ᠶᠢᠨ ᠬᠤᠰᠢᠭᠤᠴᠢ ᠪᠥᠭᠡᠳ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠠᠴᠠ | ᠣᠲᠣ ᠦᠶ᠎ᠡ ᠶᠢᠨ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠳᠠᠰᠢ ᠬᠤᠪᠢᠷᠠᠭᠤᠯᠤᠭᠰᠠᠨ ︽ᠬᠢᠴᠢᠶᠡᠯ ᠤᠨ ᠲᠥᠯᠥᠭᠡᠯᠡᠭᠴᠢ︾ ᠪᠠᠶᠢᠵᠤ᠂ ᠴᠠᠭᠠᠨ ᠢᠳᠡᠭᠡᠨ ᠪᠠ ᠮᠠᠯ | ᠠᠵᠤ ᠠᠬᠤᠶ ᠶᠢᠨ ᠬᠠᠮᠵᠢᠯᠴᠠᠨ ᠬᠥᠭᠵᠢᠬᠦ᠂ ᠬᠠᠷᠢᠯᠴᠠᠨ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠡᠶᠡᠯᠡᠭᠦᠯᠪᠡ᠃ ᠰᠢᠷᠠᠮᠥ᠋ᠷᠡᠨ ᠰᠤᠮᠤ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠥᠷᠭᠡᠨ ᠣᠯᠠᠨ ᠮᠠᠯᠴᠢᠨ ᠲᠠᠷᠢᠶᠠᠴᠢᠨ ᠢ ᠢᠳᠡᠪᠬᠢᠲᠡᠶ ᠬᠥᠲᠥᠯᠥᠨ ᠵᠢᠯᠣᠭᠤᠳᠴᠤ ᠰᠢᠨ᠎ᠡ ᠪᠠᠶᠢᠳᠠᠯ ᠳᠤ ᠵᠣᠬᠢᠴᠠᠭᠤᠯᠤᠨ᠂ ᠰᠢᠨ᠎ᠡ | ᠡᠵᠡᠩᠨᠡᠯᠲᠡ ᠶᠢᠨ ᠬᠡᠯᠪᠡᠷᠢ ᠶᠢ ᠬᠠᠶᠢᠨ ᠰᠦᠪᠡᠭᠴᠢᠯᠡᠵᠦ᠂ ᠴᠠᠭᠠᠨ ᠢᠳᠡᠭᠡ ᠡᠳ᠋ᠰᠢᠭᠦᠯᠬᠦ ᠪᠠ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ | ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠠᠷᠭ᠎ᠠ ᠵᠠᠮ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠨ᠎ᠡ᠃ | | | |