| | | ︽ᠢᠨᠲ᠋ᠧᠷ ᠰᠦᠯᠵᠢᠶᠡᠨ ᠤ ᠵᠠᠷ ᠤᠨ ᠬᠠᠮᠢᠶᠠᠷᠤᠯᠲᠠ ᠶᠢᠨ ᠠᠷᠭ᠎ᠠ︾ ᠶᠢ ᠡᠨᠡ ᠵᠢᠯ ᠤᠨ 5 ᠰᠠᠷ᠎ᠠ ᠳᠤ ᠡᠬᠢᠯᠡᠨ ᠬᠡᠷᠡᠭᠵᠢᠭᠦᠯᠦᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠣᠶᠢᠷ᠎ᠠ ᠳᠤ ︽ᠢᠨᠲ᠋ᠧᠷ ᠰᠦᠯᠵᠢᠶᠡᠨ ᠤ ᠵᠠᠷ ᠤᠨ ᠬᠠᠮᠢᠶᠠᠷᠤᠯᠲᠠ ᠶᠢᠨ | ᠠᠷᠭ᠎ᠠ︾ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ 2023 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠭᠡᠵᠦ ᠪᠤᠢ᠃ | ᠡᠭᠦᠨ ᠢ ᠰᠤᠷᠪᠤᠯᠵᠢᠯᠠᠭᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠣᠶᠢᠯᠠᠭᠠᠭᠰᠠᠨ ᠶᠤᠮ᠃ ᠳᠤᠮᠳᠠᠳᠤ | ᠤᠯᠤᠰ ᠤᠨ ᠢᠨᠲ᠋ᠧᠷ ᠰᠦᠯᠵᠢᠶᠡᠨ ᠤ ᠵᠠᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠣᠨᠴᠠᠯᠢᠭ᠂ ᠰᠢᠨ᠎ᠡ ᠬᠠᠨᠳᠤᠰᠢ᠂ ᠰᠢᠨ᠎ᠡ ᠱᠠᠭᠠᠷᠳᠠᠯᠭ᠎ᠠ ᠳᠤ | ᠵᠣᠬᠢᠴᠠᠭᠤᠯᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠢᠨ 2016 ᠣᠨ ᠳᠤ ᠲᠣᠭᠲᠠᠭᠠᠭᠰᠠᠨ ︽ | ᠢᠨᠲ᠋ᠧᠷ ᠰᠦᠯᠵᠢᠶᠡᠨ ᠤ ᠵᠠᠷ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠢᠨᠠᠯᠲᠠ | ᠬᠠᠮᠢᠶᠠᠷᠤᠯᠲᠠ ᠶᠢᠨ ᠲᠦᠷᠢᠮ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠢᠨ᠎ᠡ ᠪᠠᠷ ᠨᠡᠶᠢᠲᠡᠯᠡᠭᠰᠡᠨ ᠠᠷᠭ᠎ᠠ ᠨᠢ ᠢᠨᠲ᠋ᠧᠷ ᠰᠦᠯᠵᠢᠶᠡᠨ ᠤ ᠵᠠᠷ ᠤᠨ ᠬᠤᠯᠪᠣᠭᠳᠠᠯ ᠪᠥᠬᠦᠶ | ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠬᠰᠢᠳᠠ ᠨᠠᠷᠢᠯᠢᠬᠵᠢᠭᠤᠯᠵᠤ᠂ ᠦᠢᠯᠡ ᠠᠵᠢᠯᠯᠠᠭ᠎ᠠ ᠶᠢᠨ ᠵᠢᠷᠤᠮᠵᠢᠯ ᠢ ᠲᠣᠳᠣᠷᠬᠠᠶᠢᠯᠠᠵᠤ᠂ | ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠠᠢ᠂ ᠡᠨᠡ ᠨᠢ ᠢᠨᠲ᠋ᠧᠷ ᠰᠦᠯᠵᠢᠶᠡᠨ ᠤ ᠵᠠᠷ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ | ᠬᠠᠮᠠᠭᠠᠯᠠᠵᠤ᠂ ᠲᠣᠭᠠᠴᠢᠯᠠᠭᠰᠠᠨ ᠠᠵᠤ ᠠᠬᠤᠶ ᠶᠢᠨ ᠵᠢᠷᠤᠮᠵᠢᠭᠤᠨ ᠪᠥᠭᠡᠳ ᠦᠷᠭᠦᠯᠵᠢᠯᠡᠨ ᠬᠥᠭᠵᠢᠬᠦ ᠳᠤ ᠬᠦᠴᠦᠨ ᠨᠡᠮᠡᠷᠢᠯᠡᠬᠦ ᠴᠢᠬᠤᠯᠠ ᠠᠴᠢ ᠬᠤᠯᠪᠣᠭᠳᠠᠯ ᠲᠠᠢ | ᠶᠤᠮ᠃ |