ᠮᠠᠯᠴᠢᠨ ᠴᠢᠯᠠᠭᠤ ᠶᠢᠨ ᠵᠣᠯ ᠵᠢᠷᠭᠠᠯᠲᠤ ᠠᠮᠢᠳᠤᠷᠠᠯ
ᠨᠡᠶᠢᠲᠡᠯᠡᠭᠰᠡᠨ ᠴᠠᠭ᠄
2023/5/31
      ᠣᠶᠢᠷ᠎ᠠ ᠳᠤ᠂ ᠰᠤᠷᠪᠤᠯᠵᠢᠯᠠᠭᠴᠢ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠬᠤᠷᠤᠭᠠᠴᠢᠨ ᠭᠠᠴᠠᠭᠠᠨ ᠤ ᠪᠠᠶᠠᠨ ᠬᠤᠰᠢᠭᠤ ᠳᠤᠭᠤᠶᠢᠯᠠᠩ ᠳᠤ ᠬᠦᠷᠴᠦ ᠮᠠᠯᠴᠢᠳ ᠲᠠᠢ ᠬᠠᠮᠲᠤ ᠪᠠᠷ ᠲᠡᠳᠡᠨ ᠤ ᠶᠠᠭᠠᠷᠠᠯᠲᠠᠢ ᠪᠠᠶᠢᠳᠠᠯ ᠪᠠ ᠪᠠᠶᠠᠷ ᠪᠠᠶᠠᠰᠤᠯ ᠢ ᠣᠶᠢᠯᠠᠭᠠᠪᠠ᠃ ᠮᠠᠯᠴᠢᠨ ᠴᠢᠯᠠᠭᠤ ᠰᠤᠷᠪᠤᠯᠵᠢᠯᠠᠭᠴᠢ ᠲᠠᠢ ᠲᠡᠳᠡᠨ ᠤ ᠭᠡᠷ ᠤᠨ ᠣᠳᠣᠬᠢᠴᠢᠯᠠᠭᠰᠠᠨ ᠮᠠᠯ ᠠᠵᠤ ᠠᠬᠤᠢ ᠶᠢ ᠬᠥᠭᠵᠢᠭᠦᠯᠵᠦ ᠴᠢᠨᠡᠭᠡᠯᠢᠭᠵᠢᠯ ᠤᠨ ᠵᠠᠮ ᠢᠶᠠᠷ ᠵᠠᠮᠨᠠᠭᠰᠠᠨ ᠦᠯᠢᠭᠡᠷ ᠢ ᠬᠤᠪᠢᠶᠠᠯᠴᠠᠪᠠ᠃      ᠣᠶᠢᠯᠠᠭᠠᠭᠰᠠᠨ ᠢᠶᠠᠷ᠂ ᠴᠢᠯᠠᠭᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠳᠤᠮᠳᠠ ᠴᠢᠨᠠᠷ ᠰᠠᠶᠢᠲᠠᠢ ᠮᠢᠬᠠᠨ ᠤ ᠦᠬᠡᠷ ᠤᠨ ᠡᠭᠦᠯᠳᠡᠷ ᠢ ᠬᠥᠭᠵᠢᠭᠦᠯᠬᠦ ᠰᠢᠨ᠎ᠡ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠯᠲᠠ ᠶᠢ ᠴᠢᠩᠭᠠᠳᠬᠠᠬᠤ ᠶᠢᠨ ᠬᠠᠮᠲᠤ ᠴᠠᠭ ᠦᠶ᠎ᠡ ᠶᠢᠨ ᠬᠥᠭᠵᠢᠯᠲᠡ ᠶᠢ ᠳᠠᠭᠠᠵᠤ᠂ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠠᠵᠢᠯ ᠢ ᠬᠢᠵᠦ ᠪᠠᠶᠢᠨ᠎ᠠ᠃ ᠣᠳᠣᠬᠠᠨ ᠳᠤ ᠲᠡᠳᠡᠨ ᠤ ᠭᠡᠷ ᠤᠨ ᠦᠬᠡᠷ ᠤᠨ ᠰᠦᠷᠦᠭ ᠨᠢ ᠬᠠᠰᠢᠶᠠᠯᠠᠨ ᠲᠡᠵᠢᠭᠡᠬᠦ ᠳᠤ ᠴᠠᠭ ᠲᠤ ᠠᠷᠪᠢᠲᠠᠢ ᠪᠠᠷ ᠪᠠᠷᠠᠬᠤ ᠦᠭᠡᠢ᠂ ᠪᠠᠰᠠ ᠮᠠᠯ ᠤᠨ ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠶᠢ ᠡᠪᠳᠡᠬᠦ ᠠᠴᠠ ᠵᠠᠶᠢᠯᠠᠰᠬᠢᠵᠦ ᠴᠢᠳᠠᠨ᠎ᠠ᠃ ᠤᠯᠠᠨ ᠵᠢᠯ ᠤᠨ ᠲᠤᠷᠰᠢ᠂ ᠲᠡᠷᠡ ᠥᠪᠡᠷ ᠤᠨ ᠠᠵᠢᠯᠴᠢ ᠬᠥᠳᠡᠯᠮᠦᠷᠢᠴᠢ ᠪᠠ ᠤᠶᠤᠨ ᠤᠬᠠᠭᠠᠨ ᠢᠶᠠᠷ ᠢᠶᠠᠨ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠵᠠᠮ ᠢᠶᠠᠷ ᠵᠠᠮᠨᠠᠭᠰᠠᠨ ᠪᠠᠶᠢᠨ᠎ᠠ᠃ ᠲᠡᠷᠡ ᠳ᠋ᠠᠪᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠮᠠᠯ ᠠᠵᠤ ᠠᠬᠤᠢ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ᠨᠢᠳᠤᠨᠤᠨ ᠵᠢᠯ 40 ᠭᠠᠷᠤᠢ ᠰᠢᠮᠧᠨ᠋ᠲᠷ ᠲᠤᠭᠤᠯ ᠢ ᠪᠤᠷᠤᠯᠠᠭᠤᠯᠵᠤ᠂ 30 ᠭᠠᠷᠤᠢ ᠲᠦᠮᠡᠨ ᠲᠥᠭᠦᠷᠢᠭ ᠤᠨ ᠴᠡᠪᠡᠷ ᠣᠷᠣᠯᠭ᠎ᠠ ᠤᠯᠪᠡ᠃ ᠣᠲᠣ ᠲᠡᠳᠡᠨ ᠤ ᠭᠡᠷ ᠲᠤ ᠨᠢᠭᠡᠨᠲᠡ 120 ᠭᠠᠷᠤᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠠᠢ ᠪᠣᠯᠵᠤ᠂ 40 ᠭᠠᠷᠤᠢ ᠰᠢᠮᠧᠨ᠋ᠲᠷ ᠲᠤᠭᠤᠯ ᠲᠤᠰᠴᠤ ᠪᠠᠶᠢᠨ᠎ᠠ᠃        ᠳ᠋ᠠᠪᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠮᠠᠭᠲᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠮᠠᠯ ᠤᠨ ᠡᠭᠦᠯᠳᠡᠷ ᠰᠠᠶᠢᠵᠢᠷᠠᠭᠤᠯᠬᠤ᠂ ᠬᠢᠵᠢᠭ ᠢ ᠰᠡᠷᠭᠡᠶᠢᠯᠡᠬᠦ᠂ ᠡᠪᠡᠰᠦ ᠪᠣᠷᠳᠤᠭ᠎ᠠ ᠶᠢ ᠨᠥᠭᠡᠴᠡᠯᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠮᠠᠯᠴᠢᠨ ᠲᠠᠷᠢᠶᠠᠴᠢᠨ ᠤ ᠪᠦᠲᠦᠴᠡ ᠶᠢᠨ ᠲᠣᠬᠢᠷᠠᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠬᠦᠴᠢᠷᠳᠡᠯ ᠪᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠪᠦᠲᠦᠴᠡ ᠶᠢᠨ ᠲᠣᠬᠢᠷᠠᠭᠤᠯᠤᠯᠲᠠ ᠶᠢᠨ ᠳᠤᠮᠳᠠ ᠦᠷ᠎ᠡ ᠠᠰᠢᠭ ᠣᠯᠬᠤ ᠶᠢ ᠦᠨᠡᠩᠬᠦ ᠪᠠᠳᠤᠯᠠᠭᠰᠠᠨ ᠪᠠᠶᠢᠨ᠎ᠠ᠃ 
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ