ᠮᠠᠯᠴᠢᠨ ᠬᠦᠭᠵᠢᠯᠲᠦ ᠮᠢᠬᠠᠨ ᠤ ᠦᠬᠡᠷ ᠢ ᠬᠠᠰᠢᠶᠠᠯᠠᠨ ᠲᠡᠵᠢᠭᠡᠬᠦ  ᠰᠢᠨ᠎ᠡ ᠮᠠᠶ᠋ᠢᠭ ᠤᠨ ᠠᠷᠭ᠎ᠠ ᠬᠡᠯᠪᠡᠷᠢ ᠪᠠᠷ ᠪᠠᠶᠠᠵᠢᠯ ᠤᠨ ᠵᠠᠮ ᠢᠶᠠᠷ ᠵᠠᠮᠨᠠᠪᠠ
ᠨᠡᠶᠢᠲᠡᠯᠡᠭᠰᠡᠨ ᠴᠠᠭ᠄
2023/6/12
         ᠣᠶᠢᠷ᠎ᠠ ᠶᠢᠨ ᠬᠡᠳᠦᠨ ᠵᠢᠯ ᠤᠨ ᠲᠤᠷᠰᠢ᠂ ᠴᠠᠭᠠᠨᠨᠠᠭᠤᠷ ᠪᠠᠯᠭᠠᠰᠤ ᠶᠢᠨ ᠪᠠᠷᠰᠳᠤ ᠭᠠᠴᠠᠭ᠎ᠠ ᠶᠢᠨ ᠨᠠᠭᠤᠷ ᠤᠨ ᠳᠤᠭᠤᠶᠢᠯᠠᠩ ᠤᠨ ᠮᠠᠯᠴᠢᠨ ᠬᠦᠭᠵᠢᠯᠳᠦ ᠪᠠᠷᠢᠮᠵᠢᠶᠠᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ ᠰᠢᠨ᠎ᠡ ᠮᠠᠶ᠋ᠢᠭ ᠤᠨ ᠬᠠᠰᠢᠶᠠᠯᠠᠨ ᠲᠡᠵᠢᠭᠡᠬᠦ ᠠᠷᠭ᠎ᠠ ᠬᠡᠯᠪᠡᠷᠢ ᠪᠠᠷ ᠮᠢᠬᠠᠨ ᠤ ᠦᠬᠡᠷ ᠲᠡᠵᠢᠭᠡᠨ ᠦᠷᠡᠵᠢᠭᠦᠯᠵᠦ᠂ ᠪᠠᠶᠠᠵᠢᠨ ᠴᠢᠨᠡᠭᠡᠯᠢᠭᠵᠢᠬᠦ ᠵᠠᠮ ᠢᠶᠠᠷ ᠵᠠᠮᠨᠠᠭᠰᠠᠨ ᠪᠠᠶᠢᠨ᠎ᠠ᠃ᠣᠳᠣᠬᠠᠨ ᠳᠤ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠦᠢᠯᠡᠰ ᠠᠩᠬ᠎ᠠ ᠠᠯᠬᠤᠮ ᠬᠡᠪᠴᠢᠶᠡᠵᠢᠵᠦ᠂ ᠪᠠᠷᠢᠮᠵᠢᠶᠠᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ ᠲᠡᠵᠢᠭᠡᠨ ᠠᠷᠠᠴᠢᠯᠠᠬᠤ ᠪᠠᠷ ᠳᠡᠮᠵᠢᠨ᠂ ᠵᠢᠯ ᠪᠦᠷᠢ ᠵᠢᠷᠭᠤᠭ᠎ᠠ ᠠᠴᠠ ᠲᠤᠯᠤᠭᠠᠨ ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ ᠲᠤᠬᠠᠢ ᠶᠢᠨ ᠭᠠᠵᠠᠷ ᠤᠨ ᠪᠠᠷᠢᠮᠵᠢᠶᠠᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ ᠲᠡᠵᠢᠭᠡᠨ ᠦᠷᠡᠵᠢᠭᠦᠯᠬᠦ ᠦᠢᠯᠡᠰ ᠤᠨ ᠥᠯᠢᠭᠡᠷ ᠵᠢᠱᠢᠶ᠎ᠡ ᠪᠣᠯᠤᠭᠰᠠᠨ ᠪᠠᠶᠢᠨ᠎ᠠ᠃       ᠬᠦᠭᠵᠢᠯᠳᠦ ᠶᠢᠨ ᠲᠠᠷᠢᠬᠢ ᠲᠣᠯᠣᠭᠠᠢ ᠬᠤᠷᠴᠠ ᠰᠡᠷᠭᠡᠭ ᠪᠠᠶᠢᠵᠤ᠂ ᠬᠡᠰᠡᠭ ᠬᠤᠭᠤᠴᠠᠭᠠᠨ ᠤ ᠰᠦᠪᠡᠭᠴᠢᠯᠡᠯᠲᠡ ᠪᠠᠷ ᠳᠠᠮᠵᠢᠨ᠂ ᠲᠡᠷᠡ ᠥᠪᠡᠷ ᠤᠨ ᠬᠠᠰᠢᠶᠠᠯᠠᠨ ᠲᠡᠵᠢᠭᠡᠬᠦ ᠰᠠᠭᠤᠷᠢ ᠲᠥᠬᠦᠭᠡᠷᠦᠮᠵᠢ ᠪᠠᠨ ᠨᠠᠷᠢᠨ ᠨᠢᠮᠪᠠᠢ ᠲᠥᠯᠥᠪᠯᠡᠨ ᠥᠭᠡᠷᠡᠴᠢᠯᠡᠵᠦ᠂ ᠰᠠᠷᠠᠪᠴᠢ ᠶᠢᠨ ᠬᠠᠭᠠᠰ ᠢ ᠨᠢ ᠪᠢᠲᠡᠭᠦᠮᠵᠢᠯᠡᠵᠦ᠂ ᠬᠠᠭᠠᠰ ᠢ ᠨᠢ ᠨᠡᠭᠡᠭᠡᠵᠦ᠂ ᠲᠦᠷᠪᠡᠨ ᠲᠠᠯ᠎ᠠ ᠪᠠᠷ ᠨᠢ ᠮᠣᠳᠣ ᠪᠠᠷ ᠬᠦᠷᠢᠶᠡᠯᠡᠵᠦ᠂ ᠡᠬᠡ ᠪᠠᠶᠢᠭᠠᠯᠢ ᠲᠠᠢ ᠨᠢᠭᠲᠠ ᠬᠤᠯᠪᠤᠯᠳᠤᠭᠤᠯᠪᠠ᠃ ᠵᠢᠷᠤᠭ ᠲᠥᠯᠥᠪᠯᠡᠭᠡ ᠶᠢᠨ ᠬᠠᠮᠤᠭ ᠤᠨ ᠥᠪᠡᠷᠮᠢᠴᠡ ᠣᠨᠴᠠᠯᠢᠭ ᠭᠡᠪᠡᠯ ᠦᠬᠡᠷ ᠨᠢᠭᠡᠪᠦᠷᠢ ᠶᠢ ᠴᠥᠮ ᠥᠪᠡᠷ ᠤᠨ ᠪᠡᠶ᠎ᠡ ᠪᠠᠨ ᠳᠠᠭᠠᠭᠠᠭᠰᠠᠨ ᠣᠷᠣᠨ ᠵᠠᠢ ᠲᠠᠢ ᠪᠣᠯᠭᠠᠵᠤ᠂ ᠨᠢᠭᠡ ᠮᠥᠷ ᠲᠡᠷᠢ ᠲᠡᠭᠰᠢ ᠣᠷᠣᠭᠤᠯᠬᠤ ᠲᠥᠬᠦᠭᠡᠷᠦᠮᠵᠢ ᠲᠠᠢ ᠪᠣᠯᠭᠠᠨ᠂ ︽ᠭᠠᠭᠴᠠ ᠲᠠᠰᠤᠯᠭ᠎ᠠ︾ ᠨᠢᠭᠡᠪᠦᠷᠢ ᠶᠢ ᠴᠥᠮ ᠭᠠᠷ ᠢᠶᠠᠷ ᠲᠣᠬᠢᠷᠠᠭᠤᠯᠬᠤ ᠮᠠᠰᠢᠨ ᠢ ᠰᠢᠨᠵᠢᠯᠡᠬᠦ ᠤᠬᠠᠭᠠᠨᠴᠢ ᠪᠠᠷ ᠵᠢᠷᠤᠵᠤ ᠲᠥᠯᠥᠪᠯᠡᠨ᠂ ᠲᠡᠵᠢᠭᠡᠬᠦ ᠳᠤ ᠴᠠᠭ ᠪᠠ ᠬᠦᠴᠦ ᠶᠢ ᠠᠷᠪᠢᠯᠠᠨ᠎ᠠ᠃       ᠰᠠᠷᠠᠪᠴᠢ ᠶᠢᠨ ᠬᠠᠭᠠᠰ ᠪᠢᠲᠡᠭᠦᠮᠵᠢᠲᠦ ᠬᠡᠯᠪᠡᠷᠢ ᠶᠢᠨ ᠡᠮᠦᠨ᠎ᠡ ᠲᠠᠯ᠎ᠠ ᠳᠤᠨᠢ ᠡᠪᠡᠰᠦ ᠬᠠᠳᠠᠭᠠᠯᠠᠬᠤ ᠣᠷᠣᠨ ᠭᠠᠷᠭᠠᠵᠤ᠂ ᠳᠠᠷᠤᠰᠢᠭᠤᠯᠤᠭᠰᠠᠨ ᠡᠪᠡᠰᠦ ᠪᠣᠷᠳᠤᠭ᠎ᠠ ᠶᠢ ᠬᠠᠳᠠᠭᠠᠯᠠᠵᠤ᠂ ᠤᠷᠭᠤᠮᠠᠯ ᠤᠨ ᠰᠢᠭᠦᠰᠦ ᠪᠠ ᠮᠥᠬᠦᠯᠢᠭ ᠤᠨ ᠪᠦᠷᠢᠯᠳᠦᠭᠦᠨ ᠢ ᠪᠦᠲᠦᠮᠵᠢᠲᠡᠶ ᠬᠠᠳᠠᠭᠠᠯᠠᠵᠤ᠂ ᠰᠢᠮ᠎ᠡ ᠲᠡᠵᠢᠭᠡᠯ ᠢᠶᠠᠷ ᠪᠦᠷᠢᠨ᠂ ᠢᠳᠡᠬᠦ ᠳᠤ ᠲᠣᠬᠢᠷᠠᠮᠵᠢᠲᠠᠢ ᠪᠥᠭᠡᠳ ᠬᠠᠳᠠᠭᠠᠯᠠᠬᠤ ᠳᠤ ᠲᠣᠬᠢᠷᠠᠮᠵᠢᠲᠠᠢ ᠪᠠᠶᠢᠳᠠᠭ᠃ ᠳᠠᠷᠤᠰᠢᠭᠤᠯᠤᠭᠰᠠᠨ ᠲᠡᠵᠢᠭᠡᠯ ᠪᠣᠷᠳᠤᠭ᠎ᠠ ᠶᠢ ᠤᠳᠬᠤᠭᠤᠷ ᠲᠡᠷᠭᠡ ᠪᠠᠷ ᠵᠥᠭᠡᠭᠡᠪᠦᠷᠢᠯᠡᠨ ᠭᠠᠷᠭᠠᠵᠤ᠂ ᠢᠳᠡᠭᠦᠯᠬᠦ ᠲᠥᠬᠦᠭᠡᠷᠦᠮᠵᠢ ᠶᠢᠨ ᠣᠶᠢᠷᠠᠯᠴᠠᠭ᠎ᠠ ᠬᠦᠷᠭᠡᠬᠦ ᠳᠤ ᠳᠥᠭᠦᠮ ᠪᠥᠭᠡᠳ ᠬᠦᠴᠦ ᠠᠷᠪᠢᠯᠠᠨ᠎ᠠ᠃       ᠬᠡᠳᠦᠨ ᠵᠢᠯ ᠤᠨ ᠰᠢᠨᠲᠠᠷᠠᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠬᠦᠭᠵᠢᠯᠳᠦ ᠮᠢᠬᠠᠨ ᠤ ᠦᠬᠡᠷ ᠤᠨ ᠰᠢᠨ᠎ᠡ ᠮᠠᠶ᠋ᠢᠭ ᠤᠨ ᠬᠠᠰᠢᠶᠠᠯᠠᠨ ᠲᠡᠵᠢᠭᠡᠬᠦ ᠬᠡᠪᠴᠢᠶ᠎ᠡ ᠶᠢ ᠠᠩᠬ᠎ᠠ ᠠᠯᠬᠤᠮ ᠪᠦᠷᠢᠯᠳᠦᠭᠦᠯᠵᠦ᠂ 52 ᠮᠢᠬᠠᠨ ᠤ ᠦᠬᠡᠷ ᠲᠡᠵᠢᠭᠡᠵᠦ ᠪᠣᠶ᠂ ᠡᠭᠦᠨ ᠳᠤ ᠦᠨᠢᠶ᠎ᠡ 30 ᠰᠢᠬᠠᠮ ᠪᠠᠶᠢᠵᠤ᠂ ᠵᠢᠯ ᠪᠦᠷᠢ 20 ᠭᠠᠷᠤᠢ ᠲᠤᠭᠤᠯ ᠳᠦᠷᠦᠵᠦ ᠪᠣᠶ᠃ ᠡᠭᠦᠨ ᠤ ᠬᠠᠮᠲᠤ᠂ ᠲᠡᠷᠡ ᠮᠢᠬᠠᠨ ᠤ ᠦᠬᠡᠷ ᠢ ᠰᠠᠶᠢᠵᠢᠷᠠᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠰᠢᠮᠧᠨ᠋ᠲᠷ ᠡᠭᠦᠯᠳᠡᠷ ᠤᠨ ᠦᠬᠡᠷ ᠢ ᠬᠤᠳᠠᠯᠳᠤᠨ ᠠᠪᠤᠪᠠ᠃      ᠡᠪᠡᠰᠦ ᠪᠣᠷᠳᠤᠭ᠎ᠠ ᠶᠢ ᠨᠥᠭᠡᠴᠡᠯᠡᠬᠦ ᠲᠠᠯ᠎ᠠ ᠪᠠᠷ᠂ ᠬᠦᠭᠵᠢᠯᠳᠦ ᠵᠢᠯ ᠪᠦᠷᠢ 20 ᠭᠠᠷᠤᠢ ᠮᠦ ᠳᠠᠷᠤᠰᠢᠭᠤᠯᠤᠭᠰᠠᠨ ᠪᠣᠷᠳᠤᠭ᠎ᠠ ᠳᠠᠷᠢᠵᠤ᠂ ᠡᠭᠦᠨ ᠤ ᠳᠡᠭᠡᠷ᠎ᠡ 30 ᠮᠦ ᠡᠷᠳᠡᠨᠢ ᠰᠢᠰᠢ ᠶᠢᠨ ᠡᠰᠢ ᠰᠦᠷᠡᠯ ᠢ ᠪᠠᠭᠯᠠᠵᠤ᠂ ᠪᠠᠰᠠ ᠨᠢᠭᠡ ᠪᠦᠯᠦᠭ ᠡᠷᠳᠡᠨᠢ ᠰᠢᠰᠢ ᠶᠢᠨ ᠭᠤᠯᠢᠷ ᠤᠨ ᠨᠠᠷᠢᠯᠢᠭ ᠪᠣᠷᠳᠤᠭ᠎ᠠ ᠶᠢ ᠬᠠᠪᠰᠤᠷᠭᠠᠨ᠎ᠠ᠃ ᠲᠠᠪᠢ ᠭᠠᠷᠤᠢ ᠦᠬᠡᠷ ᠢ ᠬᠠᠰᠢᠶᠠᠯᠠᠨ ᠲᠡᠵᠢᠬᠡᠵᠤ ᠪᠣᠷᠳᠤᠭ᠎ᠠ ᠪᠠᠷ ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠵᠤ ᠴᠢᠳᠠᠨ᠎ᠠ᠃ ᠲᠡᠳᠡᠨ ᠤ ᠭᠡᠷ ᠲᠤ ᠪᠠᠰᠠ 300 ᠮᠦ ᠪᠡᠯᠴᠢᠭᠡᠷ ᠲᠠᠢ᠂ 200 ᠭᠠᠷᠤᠢ ᠬᠤᠨᠢ ᠲᠡᠵᠢᠭᠡᠬᠦ ᠳᠤ ᠬᠡᠷᠡᠭᠯᠡᠳᠡᠭ᠃       ᠬᠦᠭᠵᠢᠯᠳᠦ ᠪᠣᠯ ᠰᠢᠨ᠎ᠡ ᠮᠠᠶ᠋ᠢᠭ ᠤᠨ ᠮᠢᠬᠠᠨ ᠤ ᠦᠬᠡᠷ ᠢ ᠬᠠᠰᠢᠶᠠᠯᠠᠨ ᠲᠡᠵᠢᠭᠡᠬᠦ ᠵᠠᠭᠪᠤᠷ ᠢ ᠵᠣᠷᠢᠭᠲᠠᠢ ᠲᠤᠷᠰᠢᠭᠴᠢ ᠪᠠ ᠳᠠᠶᠢᠴᠢᠯᠠᠭᠴᠢ ᠮᠥᠨ᠂ ᠪᠠᠷᠢᠮᠵᠢᠶᠠᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ ᠰᠢᠨ᠎ᠡ ᠮᠠᠶ᠋ᠢᠭ ᠤᠨ ᠬᠠᠰᠢᠶᠠᠯᠠᠨ ᠲᠡᠵᠢᠭᠡᠬᠦ ᠵᠠᠭᠪᠤᠷ ᠢᠶᠠᠷ ᠬᠤᠶᠠᠷ ᠬᠥᠮᠥᠨ ᠥᠩᠭᠡᠷᠡᠭᠰᠡᠨ ᠤ ᠠᠷᠪᠠᠨ ᠬᠡᠳᠦᠨ ᠬᠥᠮᠥᠨ ᠤ ᠠᠵᠢᠯ ᠤᠨ ᠬᠡᠮᠵᠢᠶ᠎ᠡ ᠶᠢ ᠪᠡᠶᠡᠯᠡᠭᠦᠯᠵᠦ᠂ ᠬᠥᠮᠥᠨ ᠤ ᠬᠦᠴᠦᠨ ᠢ ᠲᠤᠶᠢᠯ ᠤᠨ ᠶᠡᠭᠡ ᠪᠠᠷ ᠠᠷᠪᠢᠯᠠᠵᠤ᠂ ᠣᠷᠣᠯᠭ᠎ᠠ ᠶᠢ ᠨᠢ ᠨᠡᠮᠡᠭᠳᠡᠭᠦᠯᠦᠭᠰᠡᠨ ᠪᠠᠶᠢᠨ᠎ᠠ᠃      ᠴᠠᠭᠠᠨᠨᠠᠭᠤᠷ ᠪᠠᠯᠭᠠᠰᠤ ᠶᠢᠨ︽ᠤᠮᠠᠷ᠎ᠠ ᠪᠠᠨ ᠬᠤᠨᠢ ᠢᠮᠠᠭ᠎ᠠ ᠡᠮᠦᠨ᠎ᠡ ᠪᠠᠨ ᠦᠬᠡᠷ︾ ᠲᠡᠵᠢᠬᠡᠬᠦ᠂ ᠪᠣᠬᠢᠷᠲᠤᠯ ᠦᠭᠡᠢ ᠰᠢᠨᠵᠢᠯᠡᠬᠦ ᠤᠬᠠᠭᠠᠨ ᠤ ᠬᠥᠭᠵᠢᠯᠲᠡ ᠶᠢᠨ ᠳᠠᠭᠠᠭᠤᠯᠭ᠎ᠠ ᠪᠠᠷ᠂ ᠮᠠᠯᠴᠢᠨ ᠬᠦᠭᠵᠢᠯᠲᠦ ᠰᠢᠨ᠎ᠡ ᠮᠠᠶ᠋ᠢᠭ ᠤᠨ ᠮᠢᠬᠠᠨ ᠤ ᠦᠬᠡᠷ ᠢ ᠬᠠᠰᠢᠶᠠᠯᠠᠨ  ᠲᠡᠵᠢᠭᠡᠬᠦ ᠠᠷᠭ᠎ᠠ ᠬᠡᠯᠪᠡᠷᠢ ᠪᠠᠷ ᠪᠠᠶᠠᠵᠢᠯ ᠤᠨ ᠵᠠᠮ ᠢᠶᠠᠷ ᠵᠠᠮᠨᠠᠵᠤ᠂ ᠠᠮᠵᠢᠯᠲᠠ ᠲᠠᠢ ᠲᠤᠷᠰᠢᠯᠭ᠎ᠠ ᠨᠢ ᠰᠤᠷᠤᠯᠴᠠᠭᠤᠰᠢᠳᠠᠢ ᠪᠣᠯᠣᠨ᠎ᠠ᠃       ᠬᠠᠰᠢᠶᠠᠯᠠᠨ ᠲᠡᠵᠢᠭᠡᠵᠦ ᠠᠷᠠᠴᠢᠯᠠᠬᠤ ᠶᠢ ᠶᠡᠭᠡ ᠪᠠᠷ ᠬᠡᠷᠡᠭᠵᠢᠭᠦᠯᠵᠦ᠂ ᠵᠢᠱᠢᠶ᠎ᠡ ᠦᠵᠡᠭᠦᠯᠬᠦ ᠡᠷᠦᠬᠡ ᠪᠠᠷ ᠳᠠᠶᠢᠴᠢᠯᠠᠨ ᠤᠯᠠᠮᠵᠢᠯᠠᠯᠲᠤ ᠪᠦᠳᠦᠭᠦᠯᠢᠭ ᠮᠠᠯᠵᠢᠯ ᠤᠨ ᠣᠶᠢᠯᠠᠭᠠᠭᠳᠠᠬᠤᠨ ᠢ ᠬᠤᠪᠢᠷᠠᠭᠤᠯᠬᠤ ᠨᠢ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ᠂ ᠠᠵᠤ ᠠᠬᠤᠢ ᠪᠠ ᠠᠮᠢ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠨᠢ ᠯᠠᠪᠲᠠᠢ ᠶᠤᠮ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ