ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠭᠠᠳᠤᠮ ᠤᠨ ᠬᠤᠷᠠᠯ ᠤᠨ ᠬᠤᠭᠤᠴᠠᠭᠠᠨ ᠳᠤ ᠵᠢᠯᠣᠭᠤᠴᠢ ᠥᠬᠡᠶ ᠨᠢᠰᠬᠡᠯ ᠵᠡᠷᠭᠡ ᠨᠢᠰᠦᠭᠦᠷ ᠢ ᠵᠠᠬᠢᠷᠤᠨ ᠬᠠᠮᠢᠶᠠᠷᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/8/2
 ᠥᠷᠭᠡᠨ ᠤᠯᠠᠨ ᠬᠤᠳᠠ ᠶᠢᠨ ᠠᠷᠠᠳ᠂ ᠵᠢᠭᠤᠯᠴᠢᠯᠠᠭᠰᠠᠳ ᠲᠤ᠄          2023 ᠣᠨ ᠤ 8 ᠰᠠᠷ᠎ᠠ ᠶᠢᠨ 6 ᠤ ᠡᠳᠦᠷ ᠠᠴᠠ 8 ᠰᠠᠷ᠎ᠠ ᠶᠢᠨ 8 ᠤ ᠡᠳᠦᠷ᠂ ᠤᠯᠠᠭᠠᠨᠬᠠᠳᠠ ᠬᠤᠲᠠ ᠶᠢᠨ ᠠᠩᠬᠠᠳᠤᠭᠠᠷ ᠣᠳᠠᠭᠠᠨ ᠤ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠣᠭᠯᠠᠯᠲᠠ ᠵᠢᠴᠢ ᠪᠠᠭᠠᠷᠢᠨ ᠪᠠᠷᠠᠭᠤᠨ ᠬᠤᠰᠢᠭᠤᠨ ᠤ ᠬᠤᠷᠢᠨ ᠳᠥᠷᠪᠡᠳᠦᠭᠡᠷ ᠣᠳᠠᠭᠠᠨ ᠤ ᠨᠠᠭᠠᠳᠤᠮ ᠤᠨ ᠶᠡᠭᠡ ᠬᠤᠷᠠᠯ ᠪᠠᠭᠠᠷᠢᠨ ᠤ ᠲᠠᠯ᠎ᠠ ᠨᠤᠲᠤᠭ ᠲᠤ ᠶᠠᠪᠤᠭᠳᠠᠬᠤ ᠪᠠᠷ ᠪᠣᠶ᠃ ᠨᠠᠭᠠᠳᠤᠮ ᠤᠨ ᠬᠤᠷᠠᠯ ᠤᠨ ᠡᠯ᠎ᠡ ᠵᠦᠢᠯ ᠤᠨ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠡᠭᠡ ᠬᠤᠷᠠᠯ ᠤᠨ ᠬᠤᠭᠤᠴᠠᠭᠠᠨ ᠳᠠᠬᠢ ᠡᠯ᠎ᠡ ᠲᠠᠯᠠᠪᠤᠷ ᠤᠨ ᠵᠢᠯᠣᠭᠤᠴᠢ ᠥᠬᠡᠶ ᠨᠢᠰᠬᠡᠯ ᠵᠡᠷᠭᠡ ᠨᠢᠰᠦᠭᠦᠷ ᠢ ᠵᠠᠬᠢᠷᠤᠨ ᠬᠠᠮᠢᠶᠠᠷᠴᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠦᠨ ᠰᠣᠨᠢᠨ ᠮᠡᠳᠡᠭᠡ ᠤᠬᠠᠭᠤᠯᠭ᠎ᠠ ᠮᠡᠳᠡᠭᠡᠯᠡᠯ ᠵᠢᠴᠢ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠬᠤ ᠵᠢᠯᠣᠭᠤᠴᠢ ᠥᠬᠡᠶ ᠨᠢᠰᠬᠡᠯ ᠠᠴᠠ ᠭᠠᠳᠠᠨ᠎ᠠ᠂ ᠶᠠᠮᠠᠷᠪᠠ ᠨᠢᠭᠡᠴᠡ᠂ ᠬᠤᠪᠢ ᠬᠥᠮᠦᠨ ᠤ ᠵᠢᠯᠣᠭᠤᠴᠢ ᠥᠬᠡᠶ ᠨᠢᠰᠬᠡᠯ ᠵᠢᠴᠢ ᠪᠤᠰᠤᠳ ᠨᠢᠰᠦᠭᠦᠷ ᠤᠨ ᠡᠯ᠎ᠡ ᠬᠤᠷᠠᠯ ᠤᠨ ᠲᠠᠯᠠᠪᠠᠶ ᠵᠢᠴᠢ ᠠᠮᠤᠷ ᠲᠦᠪᠰᠢᠨ ᠤ ᠬᠡᠪᠴᠢᠶᠡᠨ ᠳᠤ ᠨᠢᠰᠬᠦ ᠶᠢ ᠴᠢᠩᠭ᠎ᠠ ᠴᠠᠭᠠᠵᠠᠯᠠᠨ᠎ᠠ          ᠠᠵᠢᠯᠯᠠᠭ᠎ᠠ ᠶᠢᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠥᠪᠰᠢᠶᠡᠷᠡᠯ ᠥᠬᠡᠶ ᠪᠠᠷ ᠳᠤᠷ᠎ᠠ ᠪᠠᠷ ᠢᠶᠠᠨ ᠨᠢᠰᠬᠡᠨ ᠰᠡᠭᠦᠳᠡᠷᠯᠡᠭᠰᠡᠨ ᠵᠢᠯᠣᠭᠤᠴᠢ ᠥᠬᠡᠶ ᠨᠢᠰᠬᠡᠯ ᠵᠡᠷᠭᠡ ᠨᠢᠰᠦᠭᠦᠷ ᠢ ᠣᠯᠵᠤ ᠮᠡᠳᠡᠪᠡᠯ᠂ ᠪᠠᠴᠢᠮ ᠪᠠᠶᠢᠳᠠᠯ ᠢ ᠠᠷᠭᠠᠴᠠᠭᠠᠬᠤ ᠭᠡᠳᠡᠷᠭᠦ ᠬᠤᠷᠢᠭᠯᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠲᠡᠭᠦᠨ ᠢ ᠠᠯᠪᠠᠲᠠᠨ ᠪᠠᠭᠤᠯᠭᠠᠬᠤ ᠶᠢᠨ ᠬᠠᠮᠲᠤ ᠬᠤᠯᠪᠣᠭᠳᠠᠯ ᠪᠥᠬᠦᠶ ᠨᠢᠭᠡᠴᠡ ᠵᠢᠴᠢ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ᠃                                ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                           2023 ᠣᠨ ᠤ 7 ᠰᠠᠷ᠎ᠠ ᠶᠢᠨ 31 ᠤ ᠡᠳᠦᠷ
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ