| | | ᠰᠤᠷᠭᠠᠨ ᠬᠥᠮᠦᠵᠢᠯ ᠤᠨ ᠶᠠᠮᠤᠨ᠄ ᠡᠯ᠎ᠡ ᠭᠠᠵᠠᠷ ᠡᠯ᠎ᠡ ᠰᠤᠷᠭᠠᠭᠤᠯᠢ ᠳᠤ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠢ | ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠵᠢᠯ ᠪᠦᠷᠢ ᠰᠤᠷᠤᠭᠴᠢᠳ ᠲᠤ 2 ᠬᠢᠴᠢᠶᠡᠯ ᠤᠨ | ᠴᠠᠭ ᠠᠴᠠ ᠲᠡᠭᠡᠭᠰᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠬᠦᠷᠳᠡᠭᠡᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠡᠯ᠎ᠡ ᠭᠠᠵᠠᠷ ᠡᠯ᠎ᠡ | ᠰᠤᠷᠭᠠᠭᠤᠯᠢ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠳᠦᠷ ᠲᠤᠲᠤᠮ ᠤᠨ ᠰᠤᠷᠭᠠᠨ ᠬᠥᠮᠦᠵᠢᠯ ᠪᠣᠯᠤᠨ ᠲᠥᠪᠯᠡᠷᠡᠩᠭᠦᠶ ᠰᠤᠷᠭᠠᠨ ᠬᠥᠮᠦᠵᠢᠯ ᠢ | ᠤᠶᠠᠯᠳᠤᠭᠤᠯᠬᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠪᠣᠯᠤᠨ ᠰᠦᠯᠵᠢᠶᠡᠨ ᠭᠠᠳᠠᠨᠠᠬᠢ ᠰᠤᠷᠭᠠᠨ ᠬᠥᠮᠦᠵᠢᠯ ᠢ ᠤᠶᠠᠯᠳᠤᠭᠤᠯᠬᠤ᠂ ᠰᠤᠷᠭᠠᠭᠤᠯᠢ ᠶᠢᠨ | ᠲᠣᠲᠣᠷᠠᠬᠢ ᠰᠤᠷᠭᠠᠨ ᠬᠥᠮᠦᠵᠢᠯ ᠪᠣᠯᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ | ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ ᠦᠨᠳᠦᠰᠦᠨ ᠬᠠᠤᠯᠢ ᠶᠢᠨ ᠬᠥᠮᠦᠵᠢᠯ ᠪᠣᠯᠤᠨ ᠮᠡᠳᠡᠭᠡ ᠵᠠᠩᠭᠢ ᠶᠢᠨ | ᠮᠡᠷᠭᠡᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠡᠳᠦᠷ ᠲᠤᠳᠤᠮ ᠤᠨ ᠵᠢᠭᠠᠨ ᠰᠤᠷᠭᠠᠯᠲᠠ᠂ ᠬᠢᠴᠢᠶᠡᠯ ᠤᠨ ᠭᠠᠳᠠᠨᠠᠬᠢ ᠠᠵᠢᠯᠯᠠᠭ᠎ᠠ ᠂ ᠬᠢᠴᠢᠶᠡᠯ ᠤᠨ | ᠳᠠᠷᠠᠭᠠᠬᠢ ᠦᠢᠯᠡᠴᠢᠯᠡᠭᠡ᠂ ᠵᠤᠨ ᠤ ᠠᠮᠠᠷᠠᠯᠲᠠ ᠶᠢᠨ ᠳᠠᠰᠬᠠᠯ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠭᠡᠮ ᠤᠨ ᠦᠢᠯᠡᠳᠦᠯᠭᠡ ᠵᠡᠷᠭᠡ ᠲᠠᠢ ᠣᠷᠭᠠᠨᠢᠭ ᠢᠶᠠᠷ | ᠠᠭᠤᠰᠤᠯᠴᠠᠭᠤᠯᠬᠤ ᠬᠡᠷᠡᠭᠲᠡᠢ ᠭᠡᠵᠦ ᠱᠠᠭᠠᠷᠳᠠᠵᠠᠢ᠃ |