| | ᠬᠤᠰᠢᠭᠤᠨ ᠤ ᠨᠠᠮ ᠤᠨ ᠬᠤᠷᠢᠶ᠎ᠠ ᠰᠤᠳᠤᠯᠬᠤ ᠪᠠᠷ ᠳᠡᠮᠵᠢᠨ᠂ ᠳᠣᠤᠷᠠᠬᠢ 5 ᠨᠡᠷᠡᠰ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ | ᠨᠡᠶᠢᠲᠡᠯᠡᠬᠦ ᠪᠠᠷ ᠲᠣᠭᠲᠠᠪᠠ᠃ | ᠨᠢᠭᠡ᠂ ᠢᠯᠡ ᠨᠡᠶᠢᠲᠡᠯᠡᠬᠦ ᠨᠡᠷᠡᠰ | ᠲᠠᠩ ᠭᠦᠸᠧ ᠵᠢᠶᠧ᠂ ᠡᠷᠡᠭᠲᠡᠶ᠂ ᠮᠣᠩᠭᠤᠯ ᠦᠨᠳᠦᠰᠦᠲᠡᠨ᠂ 1984 ᠣᠨ ᠤ 3 ᠰᠠᠷ᠎ᠠ ᠳᠤ ᠳᠦᠷᠦᠵᠡᠶ᠂ ᠠᠰᠫᠢᠷᠠᠨᠲ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠭᠡᠰᠢᠭᠦᠨ᠂ ᠣᠲᠣ ᠳ᠋ᠠᠪᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ᠂ | ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠤᠯᠠᠮ ᠨᠢᠭᠡ ᠠᠯᠬᠤᠮ ᠰᠤᠮᠤ ᠪᠠᠯᠭᠠᠰᠤᠨ ᠤ ᠵᠡᠭᠡᠯᠢ ᠭᠤᠳᠤᠮᠵᠢ ᠶᠢᠨ ᠵᠢᠩᠬᠢᠨᠢ ᠰᠠᠯᠠᠭᠠᠨ ᠤ | ᠲᠠᠰ ᠤᠨ ᠤᠳᠤᠷᠢᠳᠬᠤ ᠲᠤᠰᠢᠶᠠᠯ ᠳᠤ ᠬᠡᠷᠡᠭᠯᠡᠬᠦ ᠪᠠᠷ ᠪᠣᠶ᠃ | ᠰᠢᠦᠢ ᠨᠠ᠂ ᠡᠮᠡᠭᠲᠡᠶ᠂ ᠬᠢᠲᠠᠳ ᠦᠨᠳᠦᠰᠦᠲᠡᠨ᠂ 1979 ᠣᠨ ᠤ 5 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ᠂ ᠣᠲᠣ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ | ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠨᠢᠭᠡᠳᠦᠭᠡᠷ ᠳᠡᠰ ᠤᠨ ᠬᠢᠨᠠᠨ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠲᠠᠢ᠂ ᠰᠤᠮᠤ ᠪᠠᠯᠭᠠᠰᠤᠨ ᠤ | ᠵᠡᠭᠡᠯᠢ ᠭᠤᠳᠤᠮᠵᠢ ᠶᠢᠨ ᠵᠢᠩᠬᠢᠨᠢ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠢ ᠤᠯᠠᠮ ᠨᠢᠭᠡ ᠠᠯᠬᠤᠮ ᠬᠡᠷᠡᠭᠯᠡᠬᠦ ᠪᠠᠷ ᠪᠣᠶ᠃ | ᠳ᠋ᠠᠩ ᠹᠦ᠋ ᠶᠦᠩ᠂ ᠡᠷᠡᠭᠲᠡᠶ᠂ ᠬᠢᠲᠠᠳ ᠦᠨᠳᠦᠰᠦᠲᠡᠨ᠂ 1976 ᠣᠨ ᠤ 5 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠭᠡᠰᠢᠭᠦᠨ᠂ ᠣᠲᠣ ᠴᠠᠭᠠᠨᠨᠠᠭᠤᠷ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠤᠯᠠᠮ ᠨᠢᠭᠡ ᠠᠯᠬᠤᠮ ᠰᠤᠮᠤ ᠪᠠᠯᠭᠠᠰᠤᠨ ᠤ ᠵᠡᠭᠡᠯᠢ ᠭᠤᠳᠤᠮᠵᠢ ᠶᠢᠨ ᠵᠢᠩᠬᠢᠨᠢ | ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠳᠤ ᠬᠡᠷᠡᠭᠯᠡᠬᠦ ᠪᠠᠷ ᠪᠣᠶ᠃ | ᠴᠧᠨ ᠭᠦᠸᠧ ᠪᠢᠨ᠂ ᠡᠷᠡᠭᠲᠡᠶ᠂ ᠮᠣᠩᠭᠤᠯ ᠦᠨᠳᠦᠰᠦᠲᠡᠨ᠂ 1979 ᠣᠨ ᠤ 10 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠬᠤᠶᠠᠳᠤᠭᠠᠷ ᠳᠡᠰ ᠤᠨ ᠬᠢᠨᠠᠨ | ᠪᠠᠶᠢᠴᠠᠭᠠᠬᠤ ᠲᠤᠰᠢᠶᠠᠯᠲᠠᠨ ᠤ ᠲᠤᠰᠢᠶᠠᠯ ᠲᠠᠢ᠂ ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ ᠵᠢᠩᠬᠢᠨᠢ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠳᠤ | ᠲᠣᠮᠢᠯᠠᠬᠤ ᠪᠠᠷ ᠪᠣᠶ᠃ | ᠪᠠᠳᠮᠠᠭᠠᠷᠪᠦ᠂ ᠡᠮᠡᠭᠲᠡᠢ᠂ ᠮᠣᠩᠭᠤᠯ ᠦᠨᠳᠦᠰᠦᠲᠡᠨ᠂ 1986 ᠣᠨ ᠤ 11 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠭᠡᠰᠢᠭᠦᠨ᠂ ᠤᠳᠤ ᠪᠠᠶᠠᠨᠲᠠᠯ᠎ᠠ ᠰᠤᠮᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠨ ᠳᠡᠳ᠋ ᠱᠦᠵᠢ᠂ ᠳᠥᠷᠪᠡᠳᠦᠭᠡᠷ ᠳᠡᠰ ᠤᠨ | ᠡᠷᠬᠢᠯᠡᠭᠴᠢ ᠭᠡᠰᠢᠭᠦᠴᠢ᠂ ᠭᠤᠷᠪᠠᠳᠤᠭᠠᠷ ᠳᠡᠰ ᠤᠨ ᠬᠢᠨᠠᠨ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠲᠠᠢ᠂ ᠰᠤᠮᠤ ᠪᠠᠯᠭᠠᠰᠤ ᠶᠢᠨ ᠵᠡᠭᠡᠯᠢ ᠭᠤᠳᠤᠮᠵᠢ ᠶᠢᠨ ᠳᠡᠳ᠋ | ᠰᠠᠯᠠᠭᠠᠨ ᠲᠡᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠤᠢ᠃ | ᠬᠤᠶᠠᠷ᠂ ᠢᠯᠡ ᠨᠡᠶᠢᠲᠡᠯᠡᠬᠦ ᠴᠠᠭ | 2023 ᠣᠨ ᠤ 8 ᠰᠠᠷ᠎ᠠ ᠶᠢᠨ 29 ᠤ ᠡᠳᠦᠷ ᠠᠴᠠ 2023 ᠣᠨ ᠤ 9 ᠰᠠᠷ᠎ᠠ ᠶᠢᠨ 4 ᠤ ᠡᠳᠦᠷ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠡ ᠪᠣᠯᠤᠨ ᠬᠤᠪᠢ ᠬᠥᠮᠦᠨ ᠰᠤᠷᠪᠤᠯᠵᠢᠯᠠᠬᠤ ᠪᠠᠷ ᠢᠷᠡᠭᠰᠡᠨ᠂ ᠵᠠᠬᠢᠳᠠᠯ ᠢᠷᠡᠭᠦᠯᠦᠭᠰᠡᠨ᠂ ᠤᠲᠠᠰᠤ ᠢᠷᠡᠭᠦᠯᠦᠭᠰᠡᠨ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ | ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ | ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠭᠠᠷᠠᠶ᠂ ᠪᠢᠳᠡ ᠠᠵᠢᠯ ᠤᠨ | ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ | ᠬᠠᠷᠢᠭᠤ ᠲᠤᠰᠬᠠᠨ᠎ᠠ᠃ | ᠵᠠᠷᠯᠠᠨ ᠨᠡᠶᠢᠲᠡᠯᠡᠬᠦ ᠠᠯᠪᠠᠨ ᠬᠡᠷ ᠢ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ 511 ᠲᠠᠰᠤᠭ ᠲᠤ ᠲᠣᠬᠢᠷᠠᠭᠤᠯᠤᠨ᠎ᠠ᠃ | | ᠬᠦᠯᠢᠶᠡᠨ ᠠᠪᠬᠤ ᠴᠠᠭ᠄ ᠠᠵᠢᠯ ᠤᠨ ᠡᠳᠦᠷ ᠤᠨ ᠦᠳᠡ ᠶᠢᠨ ᠡᠮᠦᠨᠡᠬᠢ 8᠄ 30 — 11᠄ 30 | ᠦᠳᠡ ᠶᠢᠨ ᠬᠤᠶᠢᠨᠠᠬᠢ 2᠄ 30 — 5᠄ 30 | ᠬᠦᠯᠢᠶᠡᠨ ᠠᠪᠬᠤ ᠤᠲᠠᠰᠤ᠄ ︵0476︶ 12380 | ᠣᠨᠴᠠᠭᠠᠶᠢᠯᠠᠨ ᠵᠠᠷᠯᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ | 2023 ᠤᠨ 8 ᠰᠠᠷ᠎ᠠ ᠶᠢᠨ 28 ᠤ ᠡᠳᠦᠷ |