ᠡᠨᠡ ᠬᠦ ᠬᠠᠤᠯᠢ ᠶᠢᠨ ᠲᠥᠰᠦᠯ ᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ
ᠨᠡᠶᠢᠲᠡᠯᠡᠭᠰᠡᠨ ᠴᠠᠭ᠄
2023/9/25
           ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠭᠡ ᠤᠷᠤᠨᠴᠢ ᠦᠵᠡᠯ ᠤᠨ ᠬᠥᠮᠦᠵᠢᠯ ᠤᠨ ᠬᠠᠤᠯᠢ ︵ᠲᠥᠰᠦᠯ︶︾᠎ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠠᠩᠬ᠎ᠠ ᠤᠳᠠᠭ᠎ᠠ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ᠃ ᠲᠥᠰᠦᠯ ᠳᠤ᠂ ᠤᠯᠤᠰ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ ᠭᠡᠵᠦ ᠲᠤᠷᠠᠳᠪᠠ᠃ ᠲᠥᠰᠦᠯ ᠨᠢ ᠨᠡᠶᠢᠳᠡ 5 ᠪᠦᠯᠦᠭ 38 ᠵᠦᠢᠯ ᠢᠶᠠᠷ ᠪᠦᠷᠢᠯᠳᠦᠪᠡ᠂ ᠭᠤᠣᠯ ᠠᠭᠤᠯᠭ᠎ᠠ ᠳᠤ ᠡᠭᠡ ᠤᠷᠤᠨᠴᠢ ᠦᠵᠡᠯ ᠤᠨ ᠬᠥᠮᠦᠵᠢᠯ ᠤᠨ ᠠᠭᠤᠯᠤᠭᠳᠠᠬᠤᠨ ᠬᠠᠷᠠᠯᠲᠠ᠂ ᠵᠢᠯᠣᠭᠤᠳᠬᠤ ᠦᠵᠡᠯ ᠰᠠᠨᠠᠭ᠎ᠠ ᠪᠣᠯᠤᠨ ᠶᠡᠷᠦᠩᠬᠡᠢ ᠱᠠᠭᠠᠷᠳᠠᠯᠭ᠎ᠠ᠂ ᠤᠳᠤᠷᠢᠳᠬᠤ ᠪᠠᠶᠢᠭᠤᠯᠤᠮᠵᠢ ᠪᠣᠯᠤᠨ ᠠᠵᠢᠯ ᠤᠨ ᠵᠠᠷᠴᠢᠮ᠂ ᠠᠭᠤᠯᠭ᠎ᠠ᠂ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ᠂ ᠡᠲᠡᠭᠡᠳ᠂ ᠬᠡᠷᠡᠭᠵᠢᠭᠦᠯᠬᠦ ᠠᠷᠭ᠎ᠠ ᠬᠡᠮᠵᠢᠶ᠎ᠡ᠂ ᠲᠡᠮᠵᠢᠯᠭᠡ ᠪᠠᠲᠤᠯᠠᠭ᠎ᠠ ᠵᠡᠷᠭᠡ ᠠᠭᠤᠯᠭ᠎ᠠ ᠪᠤᠢ᠃
ᠢᠷᠡᠯᠲᠡ᠄ ᠠᠷᠠᠳ ᠤᠨ ᠰᠦᠯᠵᠢᠶ᠎ᠡ