| | | 2024 ᠣᠨ ᠤ ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠲᠤᠷᠠᠴᠤᠳ ᠤᠨ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ ᠱᠠᠲᠤᠨ ᠤ ᠠᠶᠠᠯᠠᠯ ᠤᠨ | ᠠᠵᠢᠯᠯᠠᠭᠠᠨ ᠤ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠣᠶᠢᠷ᠎ᠠ ᠶᠢᠨ ᠡᠳᠦᠷ ᠬᠤᠪᠧᠢ ᠮᠤᠵᠢ ᠶᠢᠨ ᠦᠬᠠᠨ ᠬᠤᠲᠠ ᠳᠤ ᠬᠤᠷᠠᠯᠳᠤᠪᠠ᠃ ᠬᠤᠷᠠᠯ ᠠᠴᠠ | ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠭᠦ ᠤᠯᠤᠰ ᠤᠨ ᠡᠯ᠎ᠡ ᠭᠠᠵᠠᠷ ᠤᠨ ᠬᠢᠨ ᠰᠦᠯᠵᠢᠶᠡᠨ ᠳᠡᠭᠡᠷᠡᠬᠢ ᠪᠤᠶᠤ ᠠᠬᠤᠢ ᠲᠠᠯᠠᠪᠠᠢ ᠶᠢᠨ | ᠠᠷᠭ᠎ᠠ ᠮᠠᠶ᠋ᠢᠭ ᠢᠶᠠᠷ ᠳᠠᠮᠵᠢᠨ ᠬᠠᠤᠯᠢ ᠲᠦᠭᠡᠮᠡᠯᠵᠢᠭᠦᠯᠬᠦ ᠰᠠᠶᠢᠨ ᠲᠤᠷᠠᠴᠤᠳ ᠤᠨ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ ᠱᠠᠲᠤᠨ ᠤ ᠠᠶᠠᠯᠠᠯ ᠤᠨ | ᠠᠵᠢᠯᠯᠠᠭ᠎ᠠ ᠶᠢ ᠨᠡᠶᠢᠲᠡ 62 ᠲᠦᠮᠡ ᠭᠠᠷᠤᠢ ᠲᠠᠯᠠᠪᠤᠷ ᠥᠷᠨᠢᠭᠦᠯᠵᠦ᠂ 44 ᠲᠦᠮᠡ ᠭᠠᠷᠤᠢ ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠲᠤᠷᠠᠴᠤᠳ ᠡᠭᠦᠨ ᠳᠤ | ᠢᠳᠡᠪᠬᠢᠲᠡᠢ ᠣᠷᠣᠯᠴᠠᠪᠠ᠃ | ᠲᠠᠨᠢᠯᠴᠠᠭᠤᠯᠤᠭᠰᠠᠨ ᠢᠶᠠᠷ᠂ ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠳᠤᠷᠠᠴᠤᠳ ᠤᠨ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ ᠱᠠᠲᠤᠨ ᠤ | ᠠᠶᠠᠯᠠᠯ ᠤᠨ ᠠᠵᠢᠯᠯᠠᠭ᠎ᠠ ᠶᠢ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ᠂ ᠬᠠᠤᠯᠢ ᠴᠠᠭᠠᠵᠠ ᠶᠢᠨ ᠶᠠᠮᠤᠨ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠲᠥᠪ ᠬᠤᠷᠢᠶ᠎ᠠ ᠠᠴᠠ ᠬᠠᠮᠲᠤᠷᠠᠨ ᠭᠤᠣᠯᠯᠠᠨ ᠡᠷᠭᠢᠯᠡᠵᠦ᠂ 2008 ᠣᠨ ᠤ 5 ᠰᠠᠷ᠎ᠠ ᠠᠴᠠ ᠥᠷᠨᠢᠭᠦᠯᠦᠭᠰᠡᠨ ᠠᠴᠠ ᠨᠠᠭᠠᠰᠢ᠂ ᠬᠠᠤᠯᠢ | ᠲᠦᠭᠡᠮᠡᠯᠵᠢᠭᠦᠯᠬᠦ ᠥᠷᠭᠡᠨ ᠣᠯᠠᠨ ᠵᠠᠯᠠᠭᠤ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠷᠭᠠᠭᠤᠯᠢ | ᠪᠠ ᠥᠷᠭᠡᠨ ᠠᠭᠤᠳᠠᠮ ᠬᠥᠳᠡᠭᠡ ᠲᠣᠰᠬᠤᠨ ᠳᠤ ᠬᠦᠷᠴᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠯᠠᠪᠯᠠᠭ᠎ᠠ᠂ ᠬᠠᠤᠯᠢ ᠴᠠᠭᠠᠵᠠ ᠶᠢᠨ | ᠦᠢᠯᠡᠴᠢᠯᠡᠭᠡ ᠥᠷᠨᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠬᠠᠤᠯᠢ ᠪᠠᠷ ᠵᠠᠰᠠᠬᠤ ᠦᠢᠯᠡᠳᠦᠯᠭᠡ ᠳᠤ ᠦᠢᠯᠡᠴᠢᠯᠡᠵᠦ᠂ ᠬᠠᠤᠯᠢ ᠪᠠᠷ ᠵᠠᠰᠠᠬᠤ | ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ | ︽ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠪᠣᠯ ᠬᠠᠤᠯᠢ ᠪᠠᠷ ᠵᠠᠰᠠᠬᠤ ᠨᠡᠶᠢᠭᠡᠮ ᠤᠨ ᠰᠠᠭᠤᠷᠢ ᠢᠨᠵᠧᠨᠧᠷᠢᠩ ᠮᠥᠨ᠂ ᠪᠦᠭᠦ ᠠᠷᠠᠳ ᠲᠤ ᠬᠠᠤᠯᠢ ᠶᠢ | ᠲᠦᠭᠡᠮᠡᠯᠵᠢᠭᠦᠯᠬᠦ ᠪᠣᠯ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠤᠷᠲᠤ ᠬᠤᠭᠤᠴᠠᠭᠠᠨ ᠤ ᠰᠠᠭᠤᠷᠢᠯᠠᠬᠤ ᠴᠢᠨᠠᠷᠲᠠᠢ ᠠᠵᠢᠯ ᠮᠥᠨ︾᠂ ᠳᠤᠮᠳᠠᠳᠤ | ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠬᠤᠩ ᠰᠢᠶᠠᠩ ᠬᠤᠷᠠᠯ ᠳᠡᠭᠡᠷ᠎ᠡ᠂ ᠡᠨᠡ ᠵᠢᠯ ᠤᠨ | ᠳᠡᠭᠡᠷ᠎ᠡ ᠬᠠᠭᠠᠰ ᠵᠢᠯ ᠳᠤ᠂ ᠪᠦᠭᠦ ᠤᠯᠤᠰ ᠤᠨ ᠡᠯ᠎ᠡ ᠭᠠᠵᠠᠷ ᠤᠨ 44 ᠲᠦᠮᠡ ᠰᠢᠬᠠᠮ ᠵᠠᠯᠠᠭᠤ ᠰᠠᠶᠢᠨ ᠳᠤᠷᠠᠴᠤᠳ ᠬᠠᠤᠯᠢ ᠪᠠᠷ ᠵᠠᠰᠠᠬᠤ ᠰᠣᠶᠣᠯ ᠤᠨ | ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠳᠤ ᠣᠷᠣᠯᠴᠠᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ | 62 ᠲᠦᠮᠡ ᠰᠢᠬᠠᠮ ᠲᠠᠯᠠᠪᠠᠢ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠳᠤᠷᠠᠴᠤᠳ ᠤᠨ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ | ᠱᠠᠲᠤᠨ ᠤ ᠠᠶᠠᠯᠠᠯ ᠤᠨ ᠠᠵᠢᠯᠯᠠᠭ᠎ᠠ ᠰᠢᠨ᠎ᠡ ᠢᠳᠡᠪᠬᠢᠲᠡᠢ ᠠᠬᠢᠴᠠ ᠣᠯᠪᠠ ᠭᠡᠵᠦ ᠲᠠᠨᠢᠯᠴᠠᠭᠤᠯᠵᠠᠢ᠃ | ᠲᠠᠨᠢᠯᠴᠠᠭᠤᠯᠤᠭᠰᠠᠨ ᠢᠶᠠᠷ᠂ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ᠡᠯ᠎ᠡ ᠮᠤᠵᠢ ᠶᠢᠨ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠭᠤᠣᠯᠳᠠᠯᠭ᠎ᠠ ᠪᠠᠨ ᠳᠣᠷᠣᠭᠰᠢ ᠪᠠᠭᠤᠯᠭᠠᠬᠤ᠂ ᠬᠦᠴᠦᠨ ᠢᠶᠠᠨ | ᠳᠣᠷᠣᠭᠰᠢ ᠪᠠᠭᠤᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠦᠨᠳᠦᠰᠦᠨ ᠱᠠᠲᠤ ᠲᠠᠢ ᠣᠶᠢᠷᠠᠳᠬᠤ᠂ ᠣᠯᠠᠨ ᠲᠦᠮᠡᠨ ᠲᠠᠢ ᠣᠶᠢᠷᠠᠳᠬᠤ᠂ ᠠᠷᠠᠳ ᠤᠨ | ᠠᠮᠢᠳᠤᠷᠠᠯ ᠲᠠᠢ ᠣᠶᠢᠷᠠᠳᠬᠤ ᠶᠢ ᠪᠠᠷᠢᠮᠲᠠᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠤᠯᠢ ᠲᠦᠭᠡᠮᠡᠯᠵᠢᠭᠦᠯᠬᠦ ᠲᠥᠰᠥᠯ ᠲᠣᠭᠲᠠᠭᠠᠵᠤ᠂ ᠬᠠᠤᠯᠢ | ᠲᠦᠭᠡᠮᠡᠯᠵᠢᠭᠦᠯᠬᠦ ᠠᠭᠤᠯᠭ᠎ᠠ ᠨᠢ ᠦᠨᠳᠦᠰᠦᠨ ᠱᠠᠲᠤᠨ ᠤ ᠣᠯᠠᠨ ᠲᠦᠮᠡᠨ ᠤ ᠬᠡᠷᠡᠭᠴᠡᠭᠡ ᠲᠠᠢ ᠨᠡᠶᠢᠴᠡᠬᠦ᠂ ᠬᠠᠤᠯᠢ ᠲᠦᠭᠡᠮᠡᠯᠵᠢᠭᠦᠯᠬᠦ ᠭᠡᠯᠪᠡᠷᠢ ᠨᠢ ᠠᠷᠠᠳ ᠣᠯᠠᠨ ᠤ | ᠳᠤᠷ᠎ᠠ ᠰᠣᠨᠢᠷᠬᠠᠯ ᠢ ᠲᠠᠲᠠᠵᠤ ᠳᠡᠶᠢᠯᠭᠦ ᠶᠢ ᠪᠠᠲᠤᠯᠠᠨ᠎ᠠ᠃ |