ᠥᠪᠥᠷ ᠮᠣᠩᠭᠤᠯ ᠤᠨ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠤᠨ ᠬᠢᠨ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠵᠠᠢ
ᠨᠡᠶᠢᠲᠡᠯᠡᠭᠰᠡᠨ ᠴᠠᠭ᠄
2024/10/15
        ᠥᠪᠥᠷ ᠮᠣᠩᠭᠤᠯ ᠤᠨ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠨᠢ ᠵᠢᠵᠢᠭᠦᠷ ᠬᠠᠤᠯᠢᠴᠢ ᠶᠢᠨ ᠨᠡᠪᠲᠡᠷᠡᠯᠴᠡᠬᠦ ᠤᠷ᠎ᠠ ᠮᠡᠷᠭᠡᠵᠢᠯ ᠢ ᠨᠢ ᠳᠡᠭᠡᠭᠰᠢᠯᠡᠭᠦᠯᠦᠨ᠂ ᠠᠵᠢᠯ ᠤᠨ ᠳᠠᠷᠤᠭᠠᠰᠤ ᠶᠢ ᠨᠢ ᠬᠥᠩᠭᠡᠷᠡᠭᠦᠯᠵᠦ᠂ ᠠᠵᠢᠯ ᠤᠨ ᠦᠷ᠎ᠡ ᠪᠦᠲᠦᠮᠵᠢ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠭᠦ ᠶᠢᠨ ᠲᠥᠯᠥᠭᠡ ︽ᠨᠡᠪᠲᠡᠷᠡᠯᠴᠡᠬᠦ ᠤᠷ᠎ᠠ ᠮᠡᠷᠭᠡᠵᠢᠯ ᠢ ᠪᠡᠶᠡᠴᠢᠯᠡᠨ ᠣᠶᠢᠯᠠᠭᠠᠭᠤᠯᠬᠤ ᠮᠠᠶ᠋ᠢᠭ ᠢᠶᠠᠷ ᠪᠦᠯᠭᠦᠮ ᠨᠡᠶᠢᠲᠡ ᠳᠤ ᠬᠠᠪᠰᠤᠷᠤᠨ ᠵᠢᠯᠣᠭᠤᠳᠤᠯᠭ᠎ᠠ ᠬᠢᠬᠦ︾ ᠲᠤᠰᠬᠠᠢ ᠰᠡᠳᠦᠪᠲᠦ ᠪᠣᠯᠪᠠᠰᠤᠷᠠᠯ ᠢ ᠡᠷᠭᠢᠯᠡᠪᠡ᠃        ᠪᠣᠯᠪᠠᠰᠤᠷᠠᠯ ᠠᠴᠠ ᠤᠯᠤᠰ ᠤᠨ ᠬᠤᠶᠠᠳᠤᠭᠠᠷ ᠳᠡᠰ ᠤᠨ ᠵᠥᠪᠯᠡᠯᠭᠡ ᠥᠭᠭᠦᠭᠴᠢ ᠶᠢ ᠲᠤᠰᠬᠠᠶᠢᠯᠠᠨ ᠤᠷᠢᠵᠤ ᠲᠤᠬᠠᠢ ᠶᠢᠨ ᠲᠠᠯᠠᠪᠤᠷ ᠲᠤ ᠵᠢᠯᠣᠭᠤᠳᠤᠯᠭ᠎ᠠ ᠭᠢᠯᠭᠡᠵᠦ᠂ ᠪᠦᠯᠭᠦᠮ ᠨᠡᠶᠢᠲᠡ ᠳᠤ ᠬᠠᠪᠰᠤᠷᠤᠨ ᠵᠢᠯᠤᠭᠤᠳᠬᠤ ᠭᠡᠯᠪᠡᠷᠢ ᠪᠠᠷ ᠲᠠᠪᠴᠠᠩ ᠨᠢᠭᠡᠪᠦᠷᠢ ᠶᠢᠨ ᠵᠢᠵᠢᠭᠦᠷ ᠬᠠᠤᠯᠢᠴᠢ ᠶᠢ ᠨᠡᠪᠲᠡᠷᠡᠯᠴᠡᠬᠦ ᠶᠠᠪᠤᠴᠠ ᠳᠤ ᠣᠷᠣᠯᠴᠠᠭᠤᠯᠤᠨ᠂ ᠪᠣᠳᠠᠲᠠᠢ ᠨᠡᠪᠲᠡᠷᠡᠯᠴᠡᠬᠦ ᠶᠠᠪᠤᠴᠠ ᠳᠤᠮᠳᠠᠬᠢ ᠬᠠᠷᠰᠢ ᠰᠠᠭᠠᠳ ᠵᠢᠴᠢ ᠡᠲᠡᠭᠡᠷ ᠠᠰᠠᠭᠤᠳᠠᠯ ᠢ ᠬᠡᠷᠬᠢᠨ ᠪᠦᠲᠦᠮᠵᠢᠲᠡᠶ ᠰᠢᠢᠳᠪᠦᠷᠢᠯᠡᠬᠦ ᠲᠤᠬᠠᠢ ᠪᠣᠳᠠᠲᠤ ᠦᠢᠯᠡᠳᠦᠯᠭᠡ ᠶᠢᠨ ᠲᠠᠶᠢᠯᠤᠮᠵᠢ ᠬᠢᠪᠡ᠃ ᠡᠶᠢᠮᠦᠷᠬᠦᠦ ᠪᠡᠶᠡᠴᠢᠯᠡᠨ ᠣᠶᠢᠯᠠᠭᠠᠬᠤ ᠮᠠᠶ᠋ᠢᠭ ᠤᠨ ᠰᠤᠷᠤᠯᠴᠠᠬᠤ ᠠᠷᠭ᠎ᠠ ᠮᠠᠶ᠋ᠢᠭ ᠨᠢ ᠪᠣᠯᠪᠠᠰᠤᠷᠠᠯ ᠳᠤ ᠣᠷᠣᠯᠴᠠᠭᠰᠠᠳ ᠢ ᠨᠡᠪᠲᠡᠷᠡᠯᠴᠡᠬᠦ ᠶᠢᠨ ᠴᠢᠬᠤᠯᠠ ᠴᠢᠨᠠᠷ ᠢ ᠨᠡᠩ ᠭᠦᠨᠵᠡᠭᠡᠢ ᠣᠶᠢᠯᠠᠭᠠᠭᠤᠯᠵᠤ᠂ ᠬᠠᠤᠯᠢᠴᠢ ᠨᠠᠷ ᠲᠤ ᠨᠡᠩ ᠤᠯᠠᠨ ᠨᠡᠪᠲᠡᠷᠡᠯᠴᠡᠬᠦ ᠤᠷ᠎ᠠ ᠳᠡᠮ ᠢ ᠡᠵᠡᠮᠰᠢᠭᠦᠯᠪᠡ᠃ ᠪᠣᠯᠪᠠᠰᠤᠷᠠᠯ ᠤᠨ ᠶᠠᠪᠤᠴᠠ ᠳᠤ ᠤᠯᠠᠨ ᠢᠶᠠᠷ ᠢᠶᠠᠨ ᠢᠳᠡᠪᠬᠢᠲᠡᠢ ᠣᠷᠣᠯᠴᠠᠨ᠂ ᠬᠠᠷᠢᠯᠴᠠᠨ ᠰᠤᠷᠤᠯᠴᠠᠵᠤ᠂ ᠬᠠᠮᠲᠤ ᠪᠠᠷ ᠲᠠᠪᠰᠢᠪᠠ᠃ ᠪᠣᠯᠪᠠᠰᠤᠷᠠᠯ ᠨᠢ ᠬᠠᠤᠯᠢᠴᠢᠳ ᠤᠨ ᠨᠡᠪᠲᠡᠷᠡᠯᠴᠡᠬᠦ ᠤᠷ᠎ᠠ ᠮᠡᠷᠭᠡᠵᠢᠯ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠪᠦᠯᠭᠦᠮ ᠤᠨ ᠬᠤᠭᠤᠷᠣᠨᠳᠣᠭᠢ ᠬᠠᠮᠵᠢᠯᠴᠠᠭ᠎ᠠ ᠶᠢ ᠴᠤ ᠳᠡᠭᠡᠭᠰᠢᠯᠡᠭᠦᠯᠪᠡ᠃        ᠲᠣᠰ ᠪᠣᠯᠪᠠᠰᠤᠷᠠᠯ ᠢᠶᠠᠷ ᠳᠡᠮᠵᠢᠨ ᠵᠢᠵᠢᠭᠦᠷ ᠬᠠᠤᠯᠢᠴᠢ ᠨᠢᠭᠡᠪᠦᠷᠢ ᠰᠡᠳᠬᠢᠴᠡ ᠵᠦᠢ ᠶᠢᠨ ᠮᠡᠳᠡᠯᠭᠡ ᠶᠢ ᠭᠦᠨᠵᠡᠭᠡᠢ ᠣᠶᠢᠯᠠᠭᠠᠭᠰᠠᠨ ᠢᠶᠠᠷ ᠪᠠᠷᠠᠬᠤ ᠦᠭᠡᠢ ᠪᠠᠰᠠ ᠤᠷᠮ᠎ᠠ ᠰᠡᠳᠬᠢᠯᠭᠡ ᠶᠢᠨ ᠳᠠᠷᠤᠯᠲᠠ ᠶᠢ ᠨᠢ ᠲᠠᠶᠢᠯᠤᠨ ᠲᠠᠶᠢᠳᠬᠤᠷᠠᠭᠤᠯᠵᠤ᠂ ᠬᠠᠯᠠᠮᠰᠢᠯ ᠤᠲᠠᠰᠤᠨ ᠤ ᠵᠢᠵᠢᠭᠦᠷ ᠬᠠᠤᠯᠢᠴᠢ ᠶᠢᠨ ᠤᠷᠮ᠎ᠠ ᠰᠡᠳᠬᠢᠯᠭᠡ ᠶᠢ ᠨᠠᠩ ᠲᠣᠭᠲᠠᠭᠤᠨ ᠪᠤᠯᠭᠠᠵᠤ᠂ ᠲᠡᠳᠡᠨ ᠤ ᠠᠵᠢᠯ ᠤᠨ ᠥᠷᠲᠡᠭ ᠤᠨ ᠮᠡᠳᠡᠷᠡᠮᠵᠢ ᠶᠢ ᠳᠡᠭᠡᠭᠰᠢᠯᠡᠭᠦᠯᠦᠭᠰᠡᠨ ᠪᠥᠭᠡᠳ ᠥᠪᠥᠷ ᠮᠣᠩᠭᠤᠯ ᠤᠨ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠤᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ