| | | | ᠠᠶᠤᠯ ᠲᠠᠢ ᠲᠠᠯᠠᠪᠤᠷ ᠲᠤ ᠣᠴᠢᠵᠤ ᠤᠮᠪᠠᠵᠤ ᠪᠤᠯᠬᠤ ᠦᠬᠡᠢ | ᠭᠠᠭᠴᠠᠭᠠᠷ ᠭᠠᠳᠠᠭᠰᠢ ᠭᠠᠷᠴᠤ ᠤᠮᠪᠠᠵᠤ ᠪᠣᠯᠬᠤ ᠦᠭᠡᠢ᠂ ᠨᠡᠩ ᠴᠤ ᠤᠰᠤᠨ ᠤ ᠪᠠᠶᠢᠳᠠᠯ ᠢ ᠮᠡᠳᠡᠬᠦ ᠦᠭᠡᠢ ᠲᠤᠯᠠ ᠨᠡᠯᠢᠶᠡᠳ ᠠᠶᠤᠯ ᠲᠠᠢ᠂ | ᠤᠰᠤᠨ ᠳᠤ ᠴᠠᠴᠠᠵᠤ ᠦᠬᠦᠬᠦ ᠠᠳᠡᠯ ᠠᠮᠠᠷᠬᠠᠨ ᠭᠠᠷᠬᠤ ᠭᠠᠵᠠᠷ ᠲᠤ ᠣᠴᠢᠵᠤ ᠤᠮᠪᠠᠵᠤ ᠪᠣᠯᠬᠤ ᠦᠭᠡᠢ᠃ ᠪᠢᠲᠡᠭᠡᠶ ᠠᠮᠠᠷᠬᠠᠨ ᠤᠰᠤᠨ ᠳᠤ ᠦᠰᠦᠷᠬᠦ ᠪᠠ | ᠱᠤᠩᠭᠤᠨ ᠤᠮᠪᠠ᠂ ᠪᠢᠲᠡᠭᠡᠶ ᠰᠢᠷᠦᠭᠦᠨ ᠤᠷᠤᠰᠬᠠᠯ ᠲᠠᠢ ᠭᠠᠵᠠᠷ ᠤᠮᠪᠠ᠃ | ᠤᠮᠪᠠᠵᠤ ᠴᠢᠳᠠᠬᠤ ᠦᠭᠡᠢ ᠴᠦ ᠪᠢᠲᠡᠭᠡᠶ ᠰᠠᠨᠳᠤᠷ | ᠤᠰᠤᠨ ᠳᠤ ᠤᠨᠠᠭᠰᠠᠨ ᠬᠥᠮᠦᠨ ᠤᠮᠪᠠᠵᠤ ᠴᠢᠳᠠᠬᠤ ᠦᠭᠡᠢ ᠴᠦ ᠠᠶᠤᠵᠤ ᠰᠠᠨᠳᠤᠷᠴᠤ ᠪᠣᠯᠬᠤ ᠦᠭᠡᠢ᠂ ᠠᠮᠢᠰᠬᠤᠭ᠎ᠠ ᠪᠠᠨ ᠳᠠᠷᠤᠨ ᠬᠠᠮᠠᠷ ᠢᠶᠠᠨ | ᠴᠢᠮᠬᠢᠵᠦ ᠤᠰᠤᠨ ᠳᠤ ᠬᠠᠭ᠋ᠠᠬᠤ ᠠᠴᠠ ᠵᠠᠶᠢᠯᠠᠰᠬᠢᠬᠦ ᠶᠢᠨ ᠬᠠᠮᠲᠤ ᠵᠣᠭᠰᠣᠵᠤ ᠲᠤᠷᠰᠢᠵᠤ ᠪᠣᠯᠤᠨ᠎ᠠ᠃ ᠬᠡᠷᠪᠡ ᠤᠰᠤ ᠭᠦᠨ ᠵᠣᠭᠰᠣᠬᠤ ᠶᠢᠨ ᠠᠷᠭ᠎ᠠ ᠦᠭᠡᠢ ᠪᠣᠯ᠂ | ᠦᠳᠲᠡᠷ ᠲᠦᠷᠭᠡᠨ ᠲᠣᠯᠣᠭᠠᠢ ᠪᠠᠨ ᠠᠷᠤᠨᠰᠢ ᠭᠡᠳᠡᠶᠢᠵᠦ᠂ ᠠᠮᠠ ᠪᠠᠨ ᠳᠡᠭᠡᠭᠰᠢ ᠬᠠᠨᠳᠤᠭᠤᠯᠤᠨ᠂ ᠠᠯᠢ ᠴᠢᠳᠠᠬᠤ ᠪᠠᠷ ᠠᠮᠠ ᠬᠠᠮᠠᠷ ᠢᠶᠠᠨ ᠤᠰᠤᠨ ᠠᠴᠠ ᠭᠠᠷᠭᠠᠵᠤ | ᠠᠮᠢᠰᠬᠤᠨ᠎ᠠ᠃ ᠭᠠᠷ ᠢᠶᠠᠨ ᠡᠷᠭᠦᠬᠦ ᠪᠤᠶᠤ ᠲᠡᠯᠴᠢᠯᠡᠵᠦ ᠪᠣᠯᠬᠤ ᠦᠭᠡᠢ᠂ ᠪᠡᠶ᠎ᠡ ᠪᠠᠨ ᠵᠢᠪᠬᠦ ᠠᠴᠠ ᠬᠢᠴᠢᠶᠡ᠃ ᠡᠭᠦᠨ ᠤ ᠬᠠᠮᠲᠤ᠂ ᠣᠷᠴᠢᠨ ᠲᠣᠭᠤᠷᠢᠨ ᠳᠤᠨᠢ | ᠤᠰᠤᠨ ᠤ ᠭᠠᠳᠠᠷᠭᠤ ᠠᠴᠠ ᠭᠠᠷᠴᠤ ᠪᠠᠶᠢᠭ᠎ᠠ ᠲᠣᠭᠲᠠᠮᠠᠯ ᠪᠣᠳᠠᠰ ᠪᠠᠶᠢᠬᠤ ᠡᠰᠡᠬᠦ ᠶᠢ ᠠᠵᠢᠭᠯᠠᠵᠤ᠂ ᠲᠡᠭᠦᠨ ᠳᠤ ᠣᠶᠢᠷᠠᠳᠬᠤ ᠬᠡᠷᠡᠭᠲᠡᠶ᠃ | ᠰᠢᠨᠵᠢᠯᠡᠬᠦ ᠤᠬᠠᠭᠠᠨ ᠤ ᠵᠣᠬᠢᠶᠠᠨ ᠪᠠᠶᠢᠭᠤᠯᠤᠯᠲᠠ ᠲᠠᠢ ᠠᠪᠤᠷᠠᠯᠲᠠ ᠬᠢᠬᠦ | ᠬᠡᠭᠡᠷ᠎ᠡ ᠭᠠᠳᠠᠨ᠎ᠠ ᠬᠥᠮᠦᠨ ᠤᠰᠤᠨ ᠳᠤ ᠤᠨᠠᠭᠰᠠᠨ ᠢ ᠣᠯᠵᠤ ᠮᠡᠳᠡᠪᠡᠯ᠂ ᠬᠠᠵᠠᠭᠤ ᠶᠢᠨ ᠡᠳ᠋ ᠪᠣᠳᠠᠰ ᠢᠶᠠᠷ ᠬᠥᠮᠦᠨ ᠢ ᠠᠪᠤᠷᠠᠬᠤ ᠬᠡᠷᠡᠭᠲᠡᠶ᠃ ᠤᠰᠤᠨ | ᠳᠣᠲᠣᠷ᠎ᠠ ᠠᠪᠤᠷᠠᠬᠤ ᠴᠠᠭᠠᠷᠢᠭ᠂ ᠮᠣᠳᠣᠨ ᠬᠠᠪᠲᠠᠰᠤ ᠵᠡᠷᠭᠡ ᠬᠥᠪᠦᠮᠡᠯ ᠪᠣᠳᠠᠰ ᠢ ᠬᠠᠶᠠᠵᠤ᠂ ᠤᠰᠤᠨ ᠳᠤ ᠤᠨᠠᠭᠰᠠᠨ ᠬᠥᠮᠦᠨ ᠢ ᠪᠠᠷᠢᠵᠤ ᠠᠪᠤᠭᠠᠳ ᠵᠢᠪᠬᠦ ᠦᠭᠡᠢ | ᠪᠣᠯᠭᠠᠨ᠎ᠠ︔ ᠪᠠᠰᠠ ᠤᠰᠤᠨ ᠳᠤ ᠤᠨᠠᠭᠰᠠᠨ ᠮᠣᠳᠣᠨ ᠰᠢᠳᠠᠮ᠂ ᠳᠡᠭᠡᠳᠦ ᠵᠡᠷᠭᠡ ᠪᠠᠷ ᠲᠠᠲᠠᠵᠤ ᠡᠷᠭᠢ ᠳᠤ ᠭᠠᠷᠭᠠᠵᠤ ᠪᠣᠯᠤᠨ᠎ᠠ᠃ ᠨᠠᠰᠤᠨ ᠳᠤ ᠦᠯᠦ ᠬᠦᠷᠦᠭᠰᠡᠳ | ᠤᠰᠤᠨ ᠳᠤ ᠣᠷᠣᠵᠤ ᠬᠥᠮᠦᠨ ᠠᠪᠤᠷᠠᠵᠤ ᠪᠣᠯᠬᠤ ᠦᠭᠡᠢ᠂ ᠴᠠᠭᠳᠠᠭ᠎ᠠ ᠳᠤ ᠮᠡᠳᠡᠭᠦᠯᠵᠦ ᠲᠤᠰᠠᠯᠠᠮᠵᠢ ᠭᠤᠶᠤᠴᠢᠯᠠᠵᠤ ᠪᠣᠯᠤᠨ᠎ᠠ᠃ | ᠤᠮᠪᠠᠵᠤ ᠴᠢᠳᠠᠬᠤ ᠬᠥᠮᠦᠨ ᠤᠰᠤᠨ ᠳᠤ ᠣᠷᠣᠵᠤ ᠠᠪᠤᠷᠠᠬᠤ ᠦᠶᠡᠰ᠂ ᠱᠠᠬᠠᠶ᠂ ᠭᠠᠳᠠᠷ ᠬᠦᠷᠮ᠎ᠡ ᠪᠠᠨ ᠲᠠᠶᠢᠯᠬᠤ ᠬᠡᠷᠡᠭᠲᠡᠶ᠃ ᠬᠡᠷᠪᠡ ᠤᠰᠤᠨ ᠳᠤ | ᠵᠢᠪᠦᠭᠴᠢ ᠨᠢ ᠪᠠᠰᠠ ᠰᠡᠷᠭᠡᠭ ᠪᠠᠶᠢᠪᠠᠯ᠂ ᠠᠪᠤᠷᠠᠭᠴᠢ ᠨᠢ ᠤᠰᠤᠨ ᠳᠤ ᠵᠢᠪᠦᠭᠴᠢ ᠶᠢᠨ ᠠᠷᠤ ᠳᠤ ᠪᠤᠶᠤ ᠤᠰᠤᠨ ᠳᠤ ᠱᠤᠩᠭᠤᠨ ᠣᠷᠣᠵᠤ᠂ ᠤᠰᠤᠨ ᠳᠤ | ᠵᠢᠪᠦᠭᠴᠢ ᠶᠢᠨ ᠠᠷᠤ ᠠᠴᠠ ᠪᠤᠶᠤ ᠬᠠᠵᠠᠭᠤ ᠲᠠᠯ᠎ᠠ ᠠᠴᠠ ᠨᠢ ᠰᠤᠭᠤ ᠪᠤᠶᠤ ᠡᠷᠡᠦ ᠶᠢ ᠨᠢ ᠲᠤᠯᠵᠤ ᠠᠮᠢᠰᠬᠤᠭᠤᠯᠤᠨ᠂ ᠲᠡᠭᠦᠨ ᠢ ᠡᠷᠭᠢ ᠳᠤ ᠴᠢᠷᠦᠨ ᠭᠠᠷᠭᠠᠵᠤ᠂ | ᠤᠰᠤᠨ ᠳᠤ ᠵᠢᠪᠦᠭᠴᠢ ᠲᠠᠢ ᠨᠢᠭᠤᠷᠯᠠᠨ ᠬᠦᠷᠦᠯᠴᠡᠬᠦ ᠠᠴᠠ ᠵᠠᠶᠢᠯᠠᠰᠬᠢᠵᠦ᠂ ᠪᠠᠷᠢᠭᠳᠠᠬᠤ ᠪᠤᠶᠤ ᠲᠡᠪᠡᠷᠢᠭᠳᠡᠬᠦ ᠠᠴᠠ ᠰᠡᠷᠭᠡᠶᠢᠯᠡᠨ᠎ᠡ᠃ | ᠤᠰᠤᠨ ᠳᠤ ᠵᠢᠪᠦᠭᠴᠢ ᠶᠢ ᠠᠪᠤᠷᠠᠵᠤ ᠭᠠᠷᠭᠠᠭᠰᠠᠨ ᠤ ᠳᠠᠷᠠᠭ᠎ᠠ᠂ ᠶᠠᠭᠤᠨ ᠤ ᠡᠮᠦᠨ᠎ᠡ ᠲᠡᠭᠦᠨ ᠤ ᠠᠮᠠ ᠬᠠᠮᠠᠷ ᠲᠠᠬᠢ ᠪᠤᠵᠠᠷ ᠰᠢᠪᠠᠷ᠂ ᠪᠤᠵᠠᠷ ᠡᠪᠡᠰᠦ ᠶᠢ | ᠦᠳᠲᠡᠷ ᠲᠦᠷᠭᠡᠨ ᠠᠷᠢᠯᠭᠠᠵᠤ᠂ ᠠᠮᠢᠰᠬᠤᠯ ᠤᠨ ᠵᠠᠮ ᠤᠨ ᠨᠡᠪᠲᠡᠷᠡᠬᠦ ᠶᠢ ᠪᠠᠲᠤᠯᠠᠨ᠎ᠠ᠃ ᠳᠠᠷᠠᠭ᠎ᠠ ᠨᠢ᠂ ᠤᠰᠤᠨ ᠳᠤ ᠵᠢᠪᠦᠭᠴᠢ ᠶᠢᠨ ᠬᠡᠪᠡᠯᠢ ᠶᠢᠨ ᠬᠡᠰᠡᠭ ᠢ | ᠠᠪᠤᠷᠠᠭᠴᠢ ᠶᠢᠨ ᠪᠦᠳᠦᠭᠦᠨ ᠭᠤᠶ᠎ᠠ ᠳᠡᠭᠡᠷ᠎ᠡ ᠲᠠᠯᠪᠢᠵᠤ᠂ ᠲᠣᠯᠣᠭᠠᠶ ᠶᠢᠨ ᠬᠡᠰᠡᠭ ᠢ ᠳᠣᠷᠣᠭᠰᠢ ᠳᠠᠷᠤᠨ᠂ ᠨᠢᠷᠤᠭᠤᠨ ᠤ ᠬᠡᠰᠡᠭ ᠢ ᠳᠠᠷᠤᠵᠤ᠂ ᠠᠮᠢᠰᠬᠤᠯ ᠤᠨ ᠵᠠᠮ | ᠪᠠ ᠬᠤᠳᠣᠭᠤᠳᠣᠨ ᠳᠣᠲᠣᠷᠠᠬᠢ ᠤᠰᠤ ᠶᠢ ᠨᠢ ᠭᠠᠷᠭᠠᠨ᠎ᠠ᠃ ᠠᠮᠢᠰᠬᠤᠯ᠂ ᠵᠢᠷᠦᠬᠡᠨ ᠴᠣᠬᠢᠯᠭ᠎ᠠ ᠨᠢ ᠵᠣᠭᠰᠣᠭᠰᠠᠨ ᠤᠰᠤᠨ ᠳᠤ ᠴᠠᠴᠠᠭᠰᠠᠳ ᠲᠤ ᠳᠠᠷᠦ᠋ᠢᠬᠠᠨ | ᠬᠥᠮᠦᠨ ᠤ ᠬᠦᠴᠦ ᠪᠠᠷ ᠠᠮᠢᠰᠬᠤᠭᠤᠯᠬᠤ ᠪᠠ ᠴᠡᠭᠡᠵᠢᠨ ᠭᠠᠳᠠᠨ᠎ᠠ ᠠᠴᠠ ᠨᠢ ᠵᠢᠷᠦᠬᠡᠨ ᠳᠤ ᠳᠠᠷᠤᠯᠲᠠ ᠥᠭᠴᠦ᠂ ᠲᠦᠷᠭᠡᠨ ᠠᠪᠤᠷᠠᠯᠲᠠ ᠬᠢᠭᠰᠡᠨ ᠤ ᠳᠠᠷᠠᠭ᠎ᠠ | ᠡᠮᠨᠡᠯᠭᠡ ᠳᠤ ᠬᠦᠷᠭᠡᠵᠦ ᠰᠡᠭᠦᠯᠴᠢ ᠶᠢᠨ ᠬᠤᠭᠤᠴᠠᠭᠠᠨ ᠤ ᠡᠮᠴᠢᠯᠡᠭᠡ ᠬᠢᠯᠭᠡᠨ᠎ᠡ᠃ |