| | | | ᠨᠠᠮᠤᠷ ᠤᠨ ᠤᠯᠠᠷᠢᠯ ᠪᠣᠯᠪᠠᠯ ᠠᠭᠤᠷ ᠠᠮᠢᠰᠬᠤᠯ ᠠᠭᠠᠵᠢᠮ ᠢᠶᠠᠷ ᠭᠠᠩ ᠬᠠᠭᠤᠷᠠᠶ ᠪᠣᠯᠵᠣ᠂ ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ᠂ ᠭᠠᠯ ᠬᠡᠷᠡᠭᠯᠡᠬᠦ | ᠦᠵᠡᠭᠳᠡᠯ ᠢᠯᠡᠳᠲᠡ ᠨᠡᠮᠡᠭᠳᠡᠨ᠎ᠡ᠂ ᠬᠡᠷᠪᠡ ᠪᠣᠯᠭᠤᠮᠵᠢᠲᠠᠶ ᠠᠵᠢᠯᠯᠠᠬᠤ ᠥᠬᠡᠶ ᠪᠤᠶᠤ ᠵᠣᠬᠢᠰ ᠥᠬᠡᠶ ᠬᠡᠷᠡᠭᠯᠡᠪᠡᠯ᠂ ᠠᠮᠠᠷᠬᠠᠨ ᠭᠠᠯ ᠤᠨ ᠠᠶᠤᠯ ᠭᠠᠷᠴᠤ ᠮᠡᠳᠡᠨ᠎ᠡ᠂ | ᠪᠢᠳᠡ ᠬᠠᠮᠲᠤ ᠪᠠᠷ ᠨᠠᠮᠤᠷ ᠤᠨ ᠤᠯᠠᠷᠢᠯ ᠳᠤ ᠭᠠᠯ ᠰᠡᠷᠭᠡᠶᠢᠯᠡᠬᠦ ︽ᠳᠥᠷᠪᠡ ᠶᠢ ᠠᠪᠬᠤ ᠥᠬᠡᠶ︾ ᠪᠠᠶᠢᠬᠤ ᠶᠢ ᠰᠤᠷᠤᠯᠴᠠᠶ᠎ᠠ᠃ | ᠨᠢᠭᠡ ᠳᠤ ᠪᠣᠯᠬᠤ ᠦᠭᠡᠢ᠄ ᠠᠮᠢᠳᠤᠷᠠᠯ ᠳᠤ ᠭᠠᠯ ᠬᠡᠷᠡᠭᠯᠡᠬᠦ ᠳᠡᠭᠡᠨ ᠬᠥᠩᠭᠡᠪᠴᠢᠯᠡᠵᠦ ᠪᠣᠯᠬᠤ ᠦᠭᠡᠢ᠃ ᠨᠠᠮᠤᠷ ᠤᠨ ᠤᠯᠠᠷᠢᠯ ᠪᠣᠯᠬᠤ ᠳᠤ ᠭᠡᠷ ᠪᠦᠯᠢ ᠶᠢᠨ | ᠡᠳᠦᠷ ᠲᠤᠲᠤᠮ ᠤᠨ ᠬᠤᠭᠤᠯᠠ ᠬᠢᠬᠦ᠂ ᠳᠤᠯᠠᠭᠠᠯᠠᠬᠤ᠂ ᠭᠡᠷᠡᠯᠲᠦᠭᠦᠯᠬᠦ ᠵᠡᠷᠭᠡ ᠳᠤ ᠭᠠᠯ ᠬᠡᠷᠡᠭᠯᠡᠬᠦ ᠤᠳᠠᠭ᠎ᠠ ᠣᠯᠠᠰᠢᠷᠠᠵᠤ᠂ ᠡᠯ᠎ᠡ ᠲᠥᠷᠥᠯ ᠤᠨ ᠳᠤᠯᠠᠭᠠᠯᠠᠬᠤ | ᠪᠡᠯᠡᠳᠬᠡᠮᠵᠢ ᠶᠢᠨ ᠬᠡᠷᠡᠭᠯᠡᠬᠦ ᠳᠠᠪᠲᠠᠮᠵᠢ ᠨᠡᠯᠢᠶᠡᠳ ᠥᠨᠳᠥᠷ ᠪᠣᠯᠵᠤ᠂ ᠪᠠᠭ᠎ᠠ ᠯᠠ ᠬᠢᠴᠢᠶᠡᠬᠦ ᠦᠭᠡᠶ ᠪᠣᠯ ᠭᠠᠯ ᠤᠨ ᠠᠶᠤᠯ ᠭᠠᠷᠴᠤ᠂ ᠬᠡᠷᠪᠡ ᠰᠢᠲᠠᠯᠲᠠ | ᠡᠵᠡᠮᠳᠡᠯ ᠢᠶᠠᠨ ᠠᠯᠳᠠᠪᠠᠯ ᠠᠮᠠᠷᠬᠠᠨ ᠭᠠᠶ ᠭᠠᠮᠰᠢᠭ ᠪᠣᠯᠵᠤ᠂ ᠴᠢᠨᠠᠭᠰᠢᠯᠠᠪᠠᠯ ︽ᠭᠠᠯ ᠢᠶᠠᠷ ᠰᠢᠲᠠᠭᠠᠬᠤ︾ ᠪᠠᠶᠢᠳᠠᠯ ᠪᠤᠶ ᠪᠣᠯᠤᠨ᠎ᠠ᠃ | ᠬᠤᠶᠠᠷ ᠲᠤ ᠪᠣᠯᠬᠤ ᠦᠭᠡᠢ᠄ ︽ᠡᠪᠡᠳᠴᠢᠨ ᠲᠠᠢ︾ ᠴᠠᠬᠢᠯᠭᠠᠨ ᠬᠡᠷᠡᠭᠰᠡᠯ ᠭᠡᠷ ᠤᠨ ᠬᠡᠷᠡᠭᠰᠡᠯ ᠢ ᠬᠡᠷᠡᠭᠯᠡᠬᠦ ᠦᠭᠡᠢ᠃ ᠭᠡᠷ ᠤᠨ ᠴᠠᠬᠢᠯᠭᠠᠨ ᠬᠡᠷᠡᠭᠰᠡᠯ ᠳᠤ | ᠭᠡᠮ ᠭᠠᠷᠪᠠᠯ ᠡᠷᠬᠡᠪᠰᠢ ᠴᠠᠭ ᠲᠤᠬᠠᠢ ᠳᠤᠨᠢ ᠰᠡᠯᠪᠢᠨ ᠵᠠᠰᠠᠬᠤ ᠬᠡᠷᠡᠭᠲᠡᠢ᠂ ᠴᠠᠬᠢᠯᠭᠠᠨ ᠬᠡᠷᠡᠭᠰᠡᠯ ᠢ ᠶᠠᠭᠠᠬᠢᠭᠰᠠᠨ ᠴᠤ ︽ᠡᠪᠡᠳᠴᠢᠨ ᠲᠠᠢ︾ ᠠᠵᠢᠯᠯᠠᠭᠤᠯᠵᠤ ᠪᠣᠯᠬᠤ | ᠦᠭᠡᠢ᠃ | ᠭᠤᠷᠪᠠ ᠳᠤ᠂ ᠪᠢᠲᠡᠭᠡᠶ ᠳᠤᠷ᠎ᠠ ᠪᠠᠷ ᠢᠶᠠᠨ ᠲᠠᠮᠠᠬᠢ ᠲᠠᠲᠠ᠂ ᠠᠮᠤᠷ ᠲᠦᠪᠰᠢᠨ ᠤ ᠳᠠᠯᠳᠠ ᠬᠡᠮ ᠢ ᠠᠩᠬᠠᠷ᠃ ᠵᠢᠱᠢᠶᠡᠯᠡᠪᠡᠯ ᠶᠡᠭᠡ ᠰᠠᠯᠬᠢᠨ ᠤ ᠭᠡᠷ ᠤᠨ | ᠭᠠᠳᠠᠨ᠎ᠠ ᠳᠤᠷ᠎ᠠ ᠪᠠᠷ ᠲᠠᠮᠠᠬᠢ ᠲᠠᠲᠠᠬᠤ ᠪᠤᠶᠤ ᠣᠷᠣ ᠳᠡᠭᠡᠷ᠎ᠡ ᠲᠠᠮᠠᠬᠢ ᠲᠠᠲᠠᠬᠤ ᠨᠢ ᠠᠮᠠᠷᠬᠠᠨ ᠭᠠᠯ ᠤᠨ ᠠᠶᠤᠯ ᠡᠭᠦᠰᠭᠡᠨ᠎ᠡ᠃ | ᠳᠦᠷᠪᠡ ᠳᠤ᠂ ᠣᠷᠣᠴᠠᠳᠤ ᠠᠰᠠᠷ ᠲᠤ ᠬᠠᠶᠠᠭᠳᠠᠮᠠᠯ ᠪᠣᠳᠠᠰ ᠣᠪᠣᠭᠠᠯᠠᠬᠤ ᠪᠤᠶᠤ ᠲᠡᠷᠭᠡ ᠤᠨᠤᠭ᠎ᠠ ᠪᠠᠨ ᠵᠣᠭᠰᠣᠭᠠᠵᠤ ᠪᠣᠯᠬᠤ ᠦᠬᠡᠢ᠂ ᠭᠠᠯ | ᠤᠨᠲᠠᠷᠠᠭᠠᠬᠤ ᠵᠠᠮ ᠰᠠᠭᠠᠳ ᠦᠬᠡᠢ ᠨᠡᠪᠲᠡᠷᠡᠬᠦ ᠶᠢ ᠪᠠᠲᠤᠯᠠᠵᠤ᠂ ᠬᠡᠷ ᠲᠡᠭᠡᠨ ᠨᠣᠴᠣᠮᠠᠲᠠᠭᠠᠢ ᠳᠡᠯᠪᠡᠷᠡᠮᠡᠲᠡᠭᠡᠢ ᠵᠡᠷᠭᠡ ᠠᠶᠤᠯᠳᠤ ᠪᠣᠳᠠᠰ ᠢ ᠬᠠᠳᠠᠭᠠᠯᠠᠵᠤ ᠪᠣᠯᠬᠤ ᠦᠬᠡᠢ | ᠃ |