@ ᠥᠪᠥᠷ ᠮᠣᠩᠭᠤᠯ ᠤᠨ ᠰᠠᠭᠤᠭᠠᠯᠢ ᠠᠷᠠᠳ ᠣᠨᠳᠣᠣ ᠭᠠᠵᠠᠷ ᠲᠤ ᠳᠠᠭᠠᠳᠬᠠᠯ ᠳᠤ ᠣᠷᠣᠯᠴᠠᠬᠤ ᠳᠤ ᠪᠠᠨ ᠠᠩᠬᠠᠷᠤᠭᠠᠷᠠᠢ
ᠨᠡᠶᠢᠲᠡᠯᠡᠭᠰᠡᠨ ᠴᠠᠭ᠄
2024/10/24
       ᠤᠶᠤᠲᠠᠳ ᠤᠨ ᠠᠵᠢᠯ ᠤᠯᠬᠤ ᠤᠯᠠᠷᠢᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠬᠦᠷᠴᠦ ᠢᠷᠡᠬᠦ ᠪᠠᠷ᠂ ᠣᠨᠳᠣᠤ ᠭᠠᠵᠠᠷ ᠲᠤ ᠠᠵᠢᠯ ᠣᠯᠤᠭᠰᠠᠨ ᠪᠤᠶᠤ ᠣᠷᠳᠣ ᠬᠤᠭᠤᠴᠠᠭ᠎ᠠ ᠪᠠᠷ ᠪᠤᠰᠤᠳ ᠭᠠᠵᠠᠷ ᠲᠤ ᠰᠠᠭᠤᠷᠢᠰᠢᠭᠰᠠᠨ ᠵᠡᠷᠭᠡ ᠪᠠᠶᠢᠳᠠᠯ ᠠᠴᠠ ᠪᠣᠯᠵᠤ ᠳᠠᠭᠠᠳᠬᠠᠯ ᠳᠤ ᠣᠷᠣᠯᠴᠠᠬᠤ ᠭᠠᠵᠠᠷ ᠢᠶᠠᠨ ᠬᠤᠪᠢᠷᠠᠭᠤᠯᠬᠤ ᠳᠤ᠂ ᠤᠤᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠲᠦᠷ ᠵᠣᠭᠰᠣᠭᠠᠬᠤ ᠴᠢᠬᠤᠯᠠᠲᠠᠶ ᠪᠠᠶᠢᠳᠠᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠲᠠᠨᠢᠯᠴᠠᠭᠤᠯᠤᠭᠰᠠᠨ ᠢᠶᠠᠷ᠂ ᠡᠲᠡᠭᠡᠷ ᠰᠠᠭᠤᠭᠠᠯᠢ ᠠᠷᠠᠳ ᠤᠨ ᠣᠨᠳᠣᠤ ᠭᠠᠵᠠᠷ ᠲᠤ ᠳᠠᠭᠠᠳᠬᠠᠯ ᠳᠤ ᠣᠷᠣᠯᠴᠠᠬᠤ ᠳᠤ ᠳᠥᠭᠦᠮᠯᠡᠬᠦ ᠶᠢᠨ ᠲᠥᠯᠥᠭᠡ᠂ 2024 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠭᠠᠷ ᠤᠲᠠᠰᠤᠨ ᠤ ᠦᠵᠦᠭᠦᠷ ᠢᠶᠠᠷ ︽ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾᠎ ᠶᠢ ᠭᠦᠢᠴᠡᠳᠭᠡᠵᠦ ᠪᠣᠯᠤᠨ᠎ᠠ᠃       ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ ᠴᠤᠪᠤᠷᠠᠯ      ᠭᠦᠢᠴᠡᠳᠬᠡᠭᠴᠢ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ App — ᠥᠪᠥᠷ ᠮᠣᠩᠭᠤᠯ ᠲᠤᠰᠬᠠᠶ ᠲᠣᠭᠤᠷᠢᠭ᠂ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ App᠂ ᠸᠢᠴᠠᠲ ᠪᠤᠶᠤ ᡁᠢ ᠹᠦ᠋ ᠪᠣᠣ ᠳᠠᠬᠢ ︽ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ︾ ᠵᠢᠵᠢᠭ ᠫᠷᠤᠭ᠍ᠷᠠᠮ ᠵᠡᠷᠭᠡ ᠠᠷᠭ᠎ᠠ ᠵᠠᠮ ᠢᠶᠠᠷ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃       ᠠᠯᠬᠤᠮ ᠨᠢᠭᠡ       ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾ ᠴᠢᠳᠠᠮᠵᠢ ᠶᠢᠨ ᠬᠡᠰᠡᠭ ᠠᠴᠠ ᠡᠬᠢᠯᠡᠵᠦ ᠠᠵᠢᠯᠯᠠᠨ᠎ᠠ᠃
6386469625990703812766520.jpg
6386469627382891064613537.jpg       ᠠᠯᠬᠤᠮ ᠬᠤᠶᠠᠷ
       ᠬᠤᠪᠢ ᠬᠦᠮᠦᠨ ᠤ ᠠᠮᠠᠯᠠᠯᠲᠠ ᠶᠢ ᠤᠩᠰᠢᠭᠠᠳ ᠭᠠᠷ ᠤᠨ ᠦᠰᠦᠭ ᠵᠢᠷᠤᠨ᠎ᠠ᠃
6386469629273516104370448.jpg       ᠠᠯᠬᠤᠮ ᠭᠤᠷᠪᠠ
       ︽ᠲᠦᠷ ᠵᠣᠭᠰᠣᠭᠠᠬᠤ ᠰᠢᠯᠲᠠᠭᠠᠨ︾᠎ ᠢᠶᠠᠨ ᠰᠣᠩᠭᠤᠭᠠᠳ ᠲᠤᠰᠢᠶᠠᠨ᠎ᠠ᠃
6386469630353203491005504.jpg       ᠠᠯᠬᠤᠮ ᠳᠥᠷᠪᠡ
       ᠠᠮᠵᠢᠯᠲᠠ ᠲᠠᠢ ᠲᠤᠰᠢᠶᠠᠪᠠᠯ ᠳᠠᠷᠤᠢ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠢᠶᠠᠷ ᠪᠣᠳᠣᠵᠤ᠂ ᠬᠢᠨᠠᠨ ᠬᠠᠷᠭᠤᠭᠤᠯᠬᠤ ᠴᠢᠬᠤᠯᠠ ᠦᠭᠡᠢ᠃
6386469632028203336621618.jpg       ᠭᠠᠷ ᠤᠲᠠᠰᠤᠨ ᠳᠡᠭᠡᠷ᠎ᠡ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠭᠰᠠᠨ ᠤ ᠳᠠᠷᠠᠭ᠎ᠠ᠂ ᠰᠢᠯᠵᠢᠭᠦᠯᠬᠦ ᠭᠡᠵᠦ ᠪᠠᠶᠢᠭ᠎ᠠ ᠭᠠᠵᠠᠷ ᠣᠷᠣᠨ ᠤ
ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠠᠷᠢᠯᠴᠠᠵᠤ ᠪᠠᠶᠢᠭᠠᠳ ᠳᠠᠭᠠᠳᠬᠠᠯ ᠳᠤ ᠣᠷᠣᠯᠴᠠᠬᠤ ᠬᠠᠷᠢᠴᠠᠭᠠᠨ ᠤ ᠰᠢᠨ᠎ᠡ ᠳᠡᠩᠰᠡᠯᠡᠯᠲᠡ ᠪᠠᠨ ᠭᠦᠢᠴᠡᠳᠬᠡᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ