| | | ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠬᠠᠮᠲᠤᠷᠠᠨ ᠪᠦᠭᠦ ᠤᠯᠤᠰ ᠤᠨ ᠵᠠᠯᠠᠭᠤ ᠨᠠᠮ ᠤᠨ ᠭᠡᠰᠢᠭᠦᠨ ᠬᠠᠤᠯᠢᠴᠢ ᠶᠢᠨ | ᠪᠣᠯᠪᠠᠰᠤᠷᠠᠯ ᠤᠨ ᠠᠩᠭᠢ ᠶᠢ ᠡᠷᠭᠢᠯᠡᠵᠦ᠂ ᠪᠦᠭᠦ ᠤᠯᠤᠰ ᠤᠨ ᠵᠠᠯᠠᠭᠤ ᠨᠠᠮ ᠤᠨ ᠭᠡᠰᠢᠭᠦᠨ ᠬᠠᠤᠯᠢᠴᠢ ᠳᠤ ᠲᠥᠪᠯᠡᠷᠡᠩᠭᠦᠢ ᠪᠣᠯᠪᠠᠰᠤᠷᠠᠯ ᠥᠷᠨᠢᠭᠦᠯᠪᠡ᠃ | ᠪᠣᠯᠪᠠᠰᠤᠷᠠᠯ ᠤᠨ ᠠᠩᠭᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠬᠤ ᠪᠠᠷ ᠭᠤᠣᠯ ᠰᠡᠳᠦᠪ ᠪᠤᠯᠭᠠᠵᠤ᠂ ᠵᠠᠯᠠᠭᠤ ᠨᠠᠮ ᠤᠨ ᠭᠡᠰᠢᠭᠦᠨ ᠬᠠᠤᠯᠢᠴᠢ ᠶᠢᠨ ᠡᠩᠨᠡᠭᠡ ᠶᠢᠨ ᠣᠨᠴᠠᠯᠢᠭ ᠲᠠᠢ ᠤᠶᠠᠯᠳᠤᠭᠤᠯᠤᠨ᠂ ᠤᠯᠤᠰ | ᠲᠥᠷᠥᠴᠢ ᠴᠢᠨᠠᠷ᠂ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠳᠣᠪᠤᠶᠢᠯᠭᠠᠵᠤ᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ | ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠰᠤᠳᠤᠯᠬᠤ | ᠬᠦᠷᠢᠶᠡᠯᠡᠩ᠂ ᠬᠠᠤᠯᠢ ᠴᠠᠭᠠᠵᠠ ᠶᠢᠨ ᠶᠠᠮᠤᠨ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠰᠤᠳᠤᠯᠭᠠᠨ ᠤ ᠨᠡᠶᠢᠭᠡᠮᠯᠢᠭ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠥᠬᠦᠳ ᠪᠠ ᠲᠤᠰᠬᠠᠢ ᠮᠡᠷᠭᠡᠵᠢᠯᠲᠡᠨ ᠢ ᠲᠣᠬᠢᠷᠠᠭᠤᠯᠤᠨ ᠬᠢᠴᠢᠶᠡᠯ ᠣᠷᠣᠭᠤᠯᠵᠤ᠂ ᠨᠠᠮ ᠤᠨ ᠭᠡᠰᠢᠭᠦᠨ ᠬᠠᠤᠯᠢᠴᠢ ᠶᠢᠨ ᠲᠥᠯᠥᠭᠡᠯᠡᠭᠴᠢ ᠶᠢ | ᠵᠣᠬᠢᠶᠠᠨ ᠪᠠᠶᠢᠭᠤᠯᠵᠤ ᠲᠡᠷᠢᠭᠦᠨ ᠤ ᠦᠶ᠋ᠯᠡ ᠠᠵᠢᠯᠯᠠᠭ᠎ᠠ ᠪᠠ ᠠᠵᠢᠯ ᠮᠡᠷᠭᠡᠵᠢᠯ ᠤᠨ ᠲᠤᠬᠠᠢ ᠲᠥᠷᠥᠭᠳᠡᠯ ᠢ ᠬᠤᠪᠢᠶᠠᠯᠴᠠᠵᠤ᠂ ᠥᠷᠭᠡᠨ ᠣᠯᠠᠨ ᠵᠠᠯᠠᠭᠤ ᠨᠠᠮ ᠤᠨ | ᠭᠡᠰᠢᠭᠦᠨ ᠬᠠᠤᠯᠢᠴᠢ ᠶᠢᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠤᠬᠠᠪᠤᠷᠢᠯᠠᠵᠤ ᠪᠠᠲᠤᠲᠠᠢ ᠦᠢᠯᠡᠳᠦᠯᠭᠡᠵᠢᠭᠦᠯᠵᠦ᠂ ︽ | ᠤᠯᠤᠰ ᠤᠨ ᠶᠡᠭᠡ ᠶᠠᠪᠤᠳᠠᠯ︾ ᠳᠤ ᠦᠢᠯᠡᠴᠢᠯᠡᠵᠦ᠂ ᠠᠷᠠᠳ ᠤᠨ ᠲᠥᠯᠥᠭᠡ ᠠᠵᠢᠯ ᠬᠢᠬᠦ ᠶᠢ ᠦᠢᠯᠡᠳᠦᠯᠭᠡᠵᠢᠭᠦᠯᠵᠦ᠂ ᠠᠵᠢᠯ ᠬᠢᠬᠦ ᠬᠤᠷᠢᠭ᠎ᠠ ᠱᠤᠭᠤᠮ ᠢ ᠴᠢᠩᠭ᠎ᠠ | ᠰᠠᠬᠢᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠡᠬᠦᠳᠡᠭ ᠳᠦᠭᠦᠷᠡᠩ ᠬᠠᠯᠠᠭᠤᠨ ᠰᠡᠳᠬᠢᠯ ᠢᠶᠠᠷ ᠣᠷᠤᠯᠴᠠᠬᠤ ᠶᠢ | ᠬᠥᠮᠥᠵᠢᠭᠦᠯᠦᠨ ᠵᠢᠯᠣᠭᠤᠳᠪᠠ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠪᠣᠯ ᠨᠢᠳᠤᠨᠤᠨ ᠤ ᠪᠦᠭᠦ ᠤᠯᠤᠰ ᠤᠨ ᠬᠠᠤᠯᠢᠴᠢ ᠶᠢᠨ ᠠᠵᠢᠯ ᠲᠥᠷᠥᠯ ᠤᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠣᠯᠪᠠᠰᠤᠷᠠᠯ ᠤᠨ ᠠᠩᠭᠢ ᠶᠢ ᠡᠷᠭᠢᠯᠡᠭᠰᠡᠨ ᠤ ᠳᠠᠷᠠᠭᠠᠬᠢ᠂ ᠬᠠᠤᠯᠢᠴᠢ ᠶᠢᠨ ᠡᠩᠨᠡᠭᠡ ᠶᠢᠨ ᠤᠯᠤᠰ ᠲᠥᠷᠥ ᠶᠢᠨ | ᠵᠢᠯᠣᠭᠤᠳᠤᠮᠵᠢ ᠶᠢ ᠴᠢᠩᠭᠠᠳᠬᠠᠵᠤ᠂ ᠬᠠᠤᠯᠢᠴᠢ ᠶᠢᠨ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠠᠰᠠ ᠨᠢᠭᠡᠨ ᠴᠢᠬᠤᠯᠠ ᠠᠷᠭ᠎ᠠ | ᠬᠡᠮᠵᠢᠶ᠎ᠡ ᠪᠣᠯᠣᠨ᠎ᠠ᠃ ᠰᠤᠷᠤᠬᠴᠢᠳ᠂ ᠲᠣᠰ ᠤᠳᠠᠭᠠᠨ ᠤ ᠪᠣᠯᠪᠠᠰᠤᠷᠠᠯ ᠪᠣᠯ ᠨᠢᠭᠡ ᠤᠳᠠᠭᠠᠨ ᠤ ᠣᠯᠳᠠᠬᠤᠶ᠎ᠠ ᠪᠡᠷᠬᠡ ᠰᠤᠷᠤᠯᠴᠠᠬᠤ᠂ ᠰᠣᠯᠢᠯᠴᠠᠬᠤ ᠲᠣᠭᠢᠶᠠᠯ | ᠪᠠᠶᠢᠵᠤ᠂ ᠬᠠᠤᠯᠢᠴᠢ ᠶᠢᠨ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠢ ᠠᠬᠢᠭᠤᠯᠬᠤ᠂ ᠨᠠᠮ ᠤᠨ ᠭᠡᠰᠢᠭᠦᠨ ᠬᠠᠤᠯᠢᠴᠢ ᠶᠢᠨ ᠡᠩᠨᠡᠭᠡ ᠶᠢᠨ | ᠴᠢᠳᠠᠪᠤᠷᠢ ᠬᠡᠪ ᠪᠣᠯᠪᠠᠰᠤᠷᠠᠯ ᠢ ᠳᠡᠭᠡᠭᠰᠢᠯᠡᠭᠦᠯᠭᠦ᠂ ᠵᠠᠯᠠᠭᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠬᠤ ᠶᠢ | ᠵᠣᠷᠢᠭᠵᠢᠭᠤᠯᠬᠤ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ | ᠦᠢᠯᠡᠴᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠨᠡᠶᠢᠳᠡᠮ ᠲᠤᠰᠬᠠᠵᠠᠭᠠᠪᠠ᠃ | ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠣᠯᠪᠠᠰᠤᠷᠠᠯ ᠡᠬᠢᠯᠡᠬᠦ ᠶᠣᠰᠣᠯᠠᠯ ᠳᠤ | ᠣᠷᠣᠯᠴᠠᠵᠤ᠂ ᠬᠠᠤᠯᠢ ᠴᠠᠭᠠᠵᠠ ᠶᠢᠨ ᠶᠠᠮᠤᠨ ᠤ ᠭᠤᠣᠯ ᠬᠠᠷᠢᠭᠤᠴᠠᠯᠭᠠᠲᠠᠨ ᠪᠣᠯᠪᠠᠰᠤᠷᠠᠯ ᠡᠬᠢᠯᠡᠬᠦ ᠳᠠᠶᠢᠴᠢᠯᠠᠯᠲᠠ ᠬᠢᠪᠡ᠃ ᠪᠣᠯᠪᠠᠰᠤᠷᠠᠯ ᠤᠨ ᠠᠩᠭᠢ ᠨᠢ ᠪᠦᠭᠦ | ᠤᠯᠤᠰ ᠤᠨ ᠵᠣᠬᠢᠶᠠᠨ ᠪᠠᠶᠢᠭᠤᠯᠬᠤ ᠺᠠᠳ᠋ᠷ ᠤᠨ ᠳᠡᠭᠡᠳᠦ ᠰᠤᠷᠭᠠᠭᠤᠯᠢ ᠳᠤ ᠭᠤᠣᠯ ᠬᠢᠴᠢᠶᠡᠯ ᠤᠨ ᠲᠠᠩᠬᠢᠮ ᠨᠡᠭᠡᠭᠡᠵᠦ᠂ ᠡᠯ᠎ᠡ ᠭᠠᠵᠠᠷ ᠤᠨ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠬᠤᠯᠪᠣᠭᠳᠠᠯ ᠪᠦᠬᠦᠢ ᠪᠣᠯᠪᠠᠰᠤᠷᠠᠯ ᠤᠨ ᠪᠠᠶᠢᠭᠤᠯᠤᠮᠵᠢ ᠳᠤ ᠬᠤᠪᠢᠶᠠᠷᠢ ᠬᠢᠴᠢᠶᠡᠯ ᠤᠨ ᠲᠠᠩᠬᠢᠮ ᠭᠠᠷᠭᠠᠵᠤ᠂ ᠸᠢᠳᠢᠤ᠋ ᠪᠠᠷ | ᠬᠢᠴᠢᠶᠡᠯᠯᠡᠬᠦ ᠭᠡᠯᠪᠡᠷᠢ ᠪᠠᠷ ᠪᠦᠭᠦ ᠤᠯᠤᠰ ᠲᠤ ᠥᠷᠨᠢᠭᠦᠯᠪᠡ᠃ ᠡᠯ᠎ᠡ ᠭᠠᠵᠠᠷ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠠᠤᠯᠢ ᠴᠠᠭᠠᠵᠠ ᠶᠢᠨ | ᠲᠢᠩᠬᠢᠮ ︵ᠲᠣᠪᠴᠢᠶ᠎ᠠ︶ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠢᠴᠢᠶᠡᠯ ᠤᠨ ᠲᠠᠩᠬᠢᠮ ᠳᠤ ᠪᠣᠯᠪᠠᠰᠤᠷᠠᠯ ᠡᠬᠢᠯᠡᠬᠦ ᠶᠣᠰᠣᠯᠠᠯ᠂ ᠪᠣᠯᠪᠠᠰᠤᠷᠠᠯ | ᠲᠡᠭᠦᠰᠬᠦ ᠶᠣᠰᠣᠯᠠᠯ ᠳᠤ ᠣᠷᠣᠯᠴᠠᠪᠠ᠃ |