| | | | ᠰᠢᠲᠠᠮᠠᠬᠠᠶ ᠬᠡᠢ ᠬᠡᠷᠡᠭᠯᠡᠬᠦ ᠦᠶ᠎ᠡ ᠶᠢᠨ ᠠᠩᠬᠠᠷᠬᠤ ᠵᠦᠢᠯ | ᠪᠠᠶᠢᠭᠠᠯᠢ ᠶᠢᠨ ᠰᠢᠲᠠᠮᠠᠬᠠᠶ ᠬᠡᠢ ᠨᠠᠪᠲᠠᠷᠠᠭᠰᠠᠨ ᠭᠡᠷ ᠲᠤ᠂ ᠬᠡᠷᠡᠭᠯᠡᠭᠴᠢ ᠳᠠᠬᠢᠨ ᠪᠤᠰᠤᠳ ᠲᠦᠯᠡᠰᠢ ᠬᠡᠷᠡᠭᠯᠡᠵᠦ ᠪᠣᠯᠬᠤ ᠦᠭᠡᠶ᠂ ᠵᠢᠱᠢᠶᠡᠯᠡᠪᠡᠯ | ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ᠂ ᠨᠡᠭᠦᠷᠡᠰᠦ ᠵᠡᠷᠭᠡ ᠪᠣᠯᠤᠨ᠎ᠠ᠃ | ᠪᠠᠶᠢᠭᠠᠯᠢ ᠶᠢᠨ ᠰᠢᠲᠠᠮᠠᠬᠠᠶ ᠬᠡᠢ ᠶᠢᠨ ᠭᠤᠮ ᠬᠤᠭᠤᠯᠠᠶ ᠶᠢᠨ ᠤᠷᠲᠤ ᠶᠢ 2 ᠮᠧᠲᠷ ᠠᠴᠠ ᠬᠡᠲᠦᠷᠡᠭᠦᠯᠵᠦ ᠪᠣᠯᠬᠤ ᠦᠭᠡᠶ᠂ ᠭᠤᠮ ᠬᠤᠭᠤᠯᠠᠶ ᠬᠡᠷᠡᠮ ᠢ | ᠨᠡᠪᠲᠡᠯᠵᠦ ᠪᠣᠯᠬᠤ ᠦᠭᠡᠶ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠰᠣᠯᠢᠬᠤ ᠬᠡᠷᠡᠭᠲᠡᠶ᠂ ᠭᠤᠮ ᠬᠤᠭᠤᠯᠠᠶ ᠬᠠᠭᠤᠴᠢᠷᠠᠬᠤ᠂ ᠬᠠᠭᠠᠷᠠᠬᠤ᠂ ᠮᠤᠷᠦ᠋ᠢᠬᠤ | ᠪᠤᠶᠤ ᠡᠪᠳᠡᠭᠳᠡᠪᠡᠯ ᠴᠠᠭ ᠲᠤᠬᠠᠶ ᠳᠤᠨᠢ ᠰᠣᠯᠢᠬᠤ ᠬᠡᠷᠡᠭᠲᠡᠶ᠃ | ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠢ ᠤᠳᠠᠭ᠎ᠠ ᠪᠦᠷᠢ ᠬᠡᠷᠡᠭᠯᠡᠭᠰᠡᠨ ᠤ ᠳᠠᠷᠠᠭ᠎ᠠ ᠡᠷᠬᠡᠪᠰᠢ ᠳᠠᠷᠤᠶ ᠲᠦᠷᠭᠡᠨ ᠬᠠᠭᠠᠵᠤ᠂ ᠤᠳᠠᠭ᠎ᠠ ᠪᠦᠷᠢ | ᠬᠡᠷᠡᠭᠯᠡᠬᠦ ᠠᠴᠠ ᠪᠠᠨ ᠡᠮᠦᠨ᠎ᠡ ᠠᠶᠤᠯ ᠥᠬᠡᠶ ᠪᠥᠭᠡᠳ ᠬᠡᠶ ᠭᠤᠭᠤᠵᠢᠬᠤ ᠥᠬᠡᠶ ᠪᠠᠶᠢᠬᠤ ᠶᠢ ᠨᠤᠲᠠᠯᠠᠪᠠᠯ ᠰᠠᠶ᠋ᠢ ᠬᠡᠶ ᠨᠡᠪᠲᠡᠷᠡᠭᠦᠯᠦᠨ ᠭᠠᠯ ᠨᠣᠴᠣᠭᠠᠵᠤ ᠪᠣᠯᠤᠨ᠎ᠠ᠃ | ᠬᠤᠭᠤᠯᠠ ᠬᠢᠬᠦ ᠦᠶᠡᠰ᠂ ᠲᠣᠭᠤᠭᠠᠨ ᠭᠡᠷ ᠲᠤ ᠴᠠᠭ ᠢᠮᠠᠭᠲᠠ ᠬᠥᠮᠦᠨ ᠪᠠᠶᠢᠵᠤ᠂ ᠱᠥᠯᠥ ᠪᠢᠯᠬᠠᠨ ᠭᠠᠷᠴᠤ ᠵᠤᠤᠬ᠎ᠠ ᠶᠢᠨ ᠭᠠᠯ ᠢ ᠤᠨᠲᠠᠷᠠᠭᠠᠵᠤ᠂ | ᠰᠢᠲᠠᠮᠠᠬᠠᠢ ᠬᠡᠢ ᠯᠡᠪᠡᠷᠡᠬᠦ ᠠᠴᠠ ᠵᠠᠶᠢᠯᠠᠰᠬᠢᠬᠦ ᠬᠡᠷᠡᠭᠲᠡᠢ᠃ | ᠬᠡᠷᠪᠡ ᠬᠡᠶ ᠬᠠᠩᠭᠠᠬᠤ ᠨᠢ ᠭᠡᠨᠡᠳᠲᠡ ᠲᠠᠰᠤᠯᠳᠠᠪᠠᠯ᠂ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠤᠨ ᠨᠡᠭᠡᠭᠡᠯᠭᠡ᠂ ᠬᠡᠷ ᠳᠣᠲᠣᠷᠠᠬᠢ ᠰᠢᠲᠠᠮᠠᠬᠠᠶ ᠬᠡᠶ ᠶᠢᠨ | ᠶᠡᠷᠦᠩᠬᠡᠶ ᠨᠡᠭᠡᠯᠡᠬᠡᠶ ᠶᠢ ᠬᠠᠮᠲᠤ ᠳᠤᠨᠢ ᠬᠠᠭᠠᠵᠤ᠂ ᠬᠡᠪ ᠢᠶᠠᠷ ᠬᠡᠶ ᠬᠠᠩᠭᠠᠭᠰᠠᠨ ᠤ ᠳᠠᠷᠠᠭ᠎ᠠ ᠰᠠᠶ᠋ᠢ ᠦᠷᠭᠦᠯᠵᠢᠯᠡᠨ ᠬᠡᠷᠡᠭᠯᠡᠵᠦ ᠪᠣᠯᠤᠨ᠎ᠠ᠃ | ᠬᠡᠢ ᠬᠡᠷᠡᠭᠯᠡᠬᠦ ᠳᠤ ᠳᠣᠣᠷᠠᠬᠢ ︽ᠵᠢᠷᠭᠤᠭ᠎ᠠ︾ ᠨᠢ ᠣᠨᠣᠪᠴᠢ ᠦᠭᠡᠢ | 1 . ᠰᠢᠲᠠᠮᠠᠬᠠᠶ ᠬᠡᠢ ᠶᠢᠨ ᠪᠡᠯᠡᠳᠬᠡᠮᠵᠢ ᠪᠣᠯᠤᠨ ᠬᠡᠷᠡᠭᠰᠡᠯ ᠢ ᠳᠤᠷ᠎ᠠ ᠪᠠᠷ ᠢᠶᠠᠨ ᠵᠠᠳᠠᠯᠵᠤ᠂ ᠥᠭᠡᠷᠡᠴᠢᠯᠡᠵᠦ ᠪᠣᠯᠬᠤ ᠦᠭᠡᠶ᠃ ᠬᠡᠷᠪᠡ ᠨᠤᠷᠠᠭᠠᠬᠤ᠂ | ᠥᠭᠡᠷᠡᠴᠢᠯᠡᠬᠦ ︵ᠵᠢᠱᠢᠶᠡᠯᠡᠪᠡᠯ ᠵᠠᠰᠠᠵᠤ ᠴᠢᠮᠡᠭᠯᠡᠬᠦ︶ ᠭᠡᠪᠡᠯ᠂ ᠡᠷᠬᠡᠪᠰᠢ ᠵᠣᠬᠢᠴᠠᠩᠭᠤᠶ ᠬᠢᠷᠢ ᠬᠡᠮ ᠲᠠᠢ ᠰᠢᠲᠠᠮᠠᠬᠠᠶ ᠬᠡᠢ ᠤᠭᠰᠠᠷᠠᠬᠤ᠂ ᠰᠡᠯᠪᠢᠨ ᠵᠠᠰᠠᠬᠤ ᠠᠵᠤ | ᠠᠬᠤᠶᠢᠯᠠᠯ ᠠᠴᠠ ᠪᠠᠷᠢᠯᠭ᠎ᠠ ᠶᠢᠨ ᠠᠵᠢᠯ ᠢ ᠬᠠᠷᠢᠭᠤᠴᠠᠬᠤ ᠬᠡᠷᠡᠭᠲᠡᠶ᠃ ᠰᠢᠲᠠᠮᠠᠬᠠᠶ ᠬᠡᠢ ᠶᠢᠨ ᠬᠡᠮᠵᠢᠯᠲᠡ ᠶᠢᠨ ᠰᠢᠯᠵᠢᠮᠡᠯ ᠲᠣᠨᠣᠭᠯᠠᠯ ᠵᠢᠴᠢ ᠬᠡᠮᠵᠢᠯᠲᠡ ᠶᠢᠨ | ᠲᠣᠨᠣᠭᠯᠠᠯ ᠠᠴᠠ ᠡᠮᠦᠨᠡᠬᠢ ᠪᠡᠯᠡᠳᠬᠡᠮᠵᠢ ᠶᠢ ᠦᠨᠡᠨᠬᠦ ᠬᠡᠷᠡᠭᠰᠡᠬᠦ ᠴᠢᠬᠤᠯᠠ ᠲᠠᠢ ᠪᠣᠯ ᠡᠷᠬᠡᠪᠰᠢ ᠰᠢᠲᠠᠮᠠᠬᠠᠶ ᠬᠡᠢ ᠬᠠᠩᠭᠠᠬᠤ ᠨᠢᠭᠡᠴᠡ ᠪᠠᠷ ᠵᠥᠪᠰᠢᠶᠡᠷᠡᠭᠦᠯᠬᠦ ᠬᠡᠷᠡᠭᠲᠡᠶ᠃ | | 2 . ᠰᠢᠲᠠᠮᠠᠬᠠᠶ ᠬᠡᠶ ᠶᠢᠨ ᠬᠤᠭᠤᠯᠠᠶ᠂ ᠨᠡᠭᠡᠯᠡᠬᠡᠶ᠂ ᠤᠷᠤᠰᠬᠠᠯ ᠤᠨ ᠬᠡᠮᠵᠢᠭᠦᠷ᠂ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠵᠡᠷᠭᠡ ᠰᠢᠲᠠᠮᠠᠬᠠᠶ ᠬᠡᠶ ᠶᠢᠨ | ᠪᠡᠯᠡᠳᠬᠡᠮᠵᠢ ᠶᠢ ᠨᠢᠭᠲᠠ ᠪᠢᠲᠡᠭᠦᠮᠵᠢᠯᠡᠵᠦ ᠤᠭᠰᠠᠷᠠᠵᠤ ᠪᠣᠯᠬᠤ ᠥᠬᠡᠶ᠂ ᠵᠢᠱᠢᠶᠡᠯᠡᠪᠡᠯ ᠬᠡᠷᠡᠮ ᠬᠠᠨ᠎ᠠ᠂ ᠡᠯᠭᠦᠭᠦᠷ ᠣᠷᠣᠶ᠂ ᠬᠤᠷᠭᠤ᠂ ᠵᠤᠤᠬ᠎ᠠ ᠶᠢᠨ ᠲᠠᠶᠢᠰᠠ | ᠵᠡᠷᠭᠡ ᠳᠤ ᠰᠠᠪᠠᠯᠠᠬᠤ ᠬᠡᠷᠡᠭᠲᠡᠶ᠃ | 3 . ᠰᠢᠲᠠᠮᠠᠬᠠᠶ ᠬᠡᠢ ᠶᠢᠨ ᠬᠡᠮᠵᠢᠭᠦᠷ᠂ ᠨᠡᠭᠡᠯᠡᠬᠡᠶ ᠵᠡᠷᠭᠡ ᠪᠡᠯᠡᠳᠬᠡᠮᠵᠢ ᠤᠭᠰᠠᠷᠠᠭᠰᠠᠨ ᠭᠡᠷ ᠳᠣᠲᠣᠷ᠎ᠠ ᠡᠯᠳᠡᠪ ᠶᠠᠭᠤᠮ᠎ᠠ ᠣᠪᠣᠭᠠᠯᠠᠵᠤ ᠪᠣᠯᠬᠤ ᠦᠭᠡᠶ᠃ | 4 . ᠰᠢᠲᠠᠮᠠᠬᠠᠶ ᠬᠡᠶ ᠶᠢᠨ ᠬᠤᠭᠤᠯᠠᠶ ᠳᠣᠲᠣᠷ᠎ᠠ ᠴᠠᠬᠢᠯᠭᠠᠨ ᠤᠲᠠᠰᠤ᠂ ᠳᠡᠭᠡᠰᠦ ᠲᠠᠲᠠᠵᠤ ᠪᠣᠯᠬᠤ ᠥᠬᠡᠶ᠂ ᠡᠰᠡᠬᠦᠯ᠎ᠡ ᠡᠯᠳᠡᠪ ᠡᠳ᠋ ᠡᠯᠭᠦᠵᠦ ᠪᠣᠯᠬᠤ ᠥᠬᠡᠶ | ᠃ | 5 . ᠰᠢᠲᠠᠮᠠᠬᠠᠶ ᠬᠡᠶ ᠶᠢᠨ ᠬᠤᠭᠤᠯᠠᠶ ᠶᠢᠨ ᠣᠯᠠᠨ ᠨᠡᠶᠢᠲᠡ ᠶᠢᠨ ᠨᠡᠭᠡᠯᠡᠬᠡᠶ ᠶᠢ ᠳᠤᠷ᠎ᠠ ᠪᠠᠷ ᠢᠶᠠᠨ ᠨᠡᠭᠡᠭᠡᠬᠦ ᠪᠤᠶᠤ ᠬᠠᠭᠠᠵᠤ ᠪᠣᠯᠬᠤ ᠥᠬᠡᠶ᠃ | 6 . ᠰᠢᠲᠠᠮᠠᠬᠠᠶ ᠬᠡᠶ ᠶᠢᠨ ᠪᠡᠯᠡᠳᠬᠡᠮᠵᠢ ᠶᠢ ᠬᠠᠤᠯᠢ ᠪᠤᠰᠤ ᠪᠠᠷ ᠬᠡᠷᠡᠭᠯᠡᠬᠦ ᠪᠠ ᠰᠢᠲᠠᠮᠠᠬᠠᠶ ᠬᠡᠶ ᠶᠢ ᠬᠤᠯᠠᠭᠠᠶᠢᠯᠠᠬᠤ᠂ ᠳᠠᠮᠵᠢᠭᠤᠯᠤᠨ ᠬᠠᠩᠭᠠᠵᠤ ᠪᠣᠯᠬᠤ | ᠥᠬᠡᠶ᠃ | ᠡᠳᠦᠷ ᠲᠤᠲᠤᠮ ᠤᠨ ᠪᠠᠶᠢᠴᠠᠭᠠᠯᠲᠠ ᠶᠢᠨ ᠠᠯᠳᠠᠭ᠎ᠠ | ᠦᠷᠭᠦᠯᠵᠢ ᠬᠡᠷᠡᠭᠯᠡᠳᠡᠭ ᠠᠷᠭ᠎ᠠ ᠪᠣᠯ ᠬᠢᠯᠭᠠᠰᠤᠨ ᠱᠤᠸᠠᠰᠠ ᠪᠠᠨ ᠰᠠᠪᠤᠩ ᠲᠠᠢ ᠤᠰᠤᠨ ᠳᠤ ᠳᠦᠷᠦᠵᠦ᠂ ᠰᠢᠲᠠᠮᠠᠬᠠᠶ ᠬᠡᠶ ᠶᠢᠨ ᠨᠡᠭᠡᠭᠡᠯᠭᠡ ᠶᠢᠨ | ᠠᠭᠤᠯᠵᠠᠷ ᠲᠤ ᠳᠦᠷᠭᠢᠨᠡ᠂ ᠬᠡᠷᠪᠡ ᠬᠥᠭᠡᠰᠦ ᠭᠠᠷᠪᠠᠯ᠂ ᠳᠠᠷᠤᠶ ᠲᠣᠰ ᠬᠡᠰᠡᠭ ᠤᠨ ᠬᠡᠶ ᠯᠡᠪᠡᠷᠡᠭᠰᠡᠨ ᠢ ᠬᠠᠷᠠᠭᠤᠯᠵᠤ ᠪᠠᠶᠢᠨ᠎ᠠ᠃ ᠢᠯᠡ ᠭᠠᠯ ᠢᠶᠠᠷ ᠪᠠᠶᠢᠴᠠᠭᠠᠵᠤ | ᠶᠠᠭᠠᠬᠢᠭᠰᠠᠨ ᠴᠤ ᠪᠣᠯᠬᠤ ᠦᠭᠡᠢ᠃ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠢᠲᠠᠮᠠᠬᠠᠶ ᠬᠡᠢ ᠶᠢᠨ | ᠨᠢᠭᠡᠴᠡ ᠶᠢᠨ ᠲᠤᠰᠬᠠᠶ ᠠᠵᠢᠯᠲᠠᠨ ᠳᠤ ᠮᠡᠳᠡᠭᠦᠯᠬᠦ ᠬᠡᠷᠡᠭᠲᠡᠶ᠃ | ᠰᠢᠲᠠᠮᠠᠬᠠᠶ ᠬᠡᠢ ᠯᠡᠪᠡᠷᠡᠵᠦ ᠪᠠᠶᠢᠬᠤ ᠶᠢ ᠴᠠᠭ ᠲᠤᠬᠠᠶ ᠳᠤᠨᠢ ᠣᠯᠵᠤ ᠮᠡᠳᠡᠬᠦ ᠶᠢᠨ ᠲᠤᠰᠠᠳᠠ᠂ ᠭᠡᠷ ᠪᠦᠯᠢ ᠳᠤ ᠬᠡᠷᠡᠭᠯᠡᠬᠦ ᠰᠢᠲᠠᠮᠠᠬᠠᠶ ᠬᠡᠢ ᠶᠢᠨ ᠲᠦᠭᠰᠢᠭᠦᠷᠢ | ᠮᠡᠳᠡᠭᠡᠯᠡᠬᠦ ᠮᠠᠰᠢᠨ ᠤᠭᠰᠠᠷᠠᠵᠤ᠂ ᠭᠠᠯ ᠤᠨᠲᠠᠷᠠᠭᠠᠭᠤᠷ ᠪᠡᠯᠡᠳᠬᠡᠵᠦ᠂ ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ | ᠬᠡᠷ ᠳᠣᠲᠣᠷᠠᠬᠢ ᠰᠢᠲᠠᠮᠠᠬᠠᠶ ᠬᠡᠶ ᠶᠢᠨ ᠪᠡᠯᠡᠳᠬᠡᠮᠵᠢ ᠪᠤᠶᠤ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠵᠡᠷᠭᠡ ᠨᠢ ᠯᠡᠪᠡᠷᠡᠭᠰᠡᠨ ᠢ ᠣᠯᠵᠤ ᠮᠡᠳᠡᠪᠡᠯ᠂ ᠳᠤᠤᠷᠠᠬᠢ | ᠠᠯᠬᠤᠮ ᠳᠠᠷᠠᠭ᠎ᠠ ᠪᠠᠷ ᠠᠵᠢᠯᠯᠠᠭᠠᠷᠠᠶ᠄ ᠬᠡᠶ ᠶᠢᠨ ᠢᠷᠡᠯᠲᠡ ᠶᠢᠨ ᠶᠡᠷᠦᠩᠬᠡᠶ ᠨᠡᠭᠡᠯᠡᠬᠡᠶ ᠶᠢ ᠳᠠᠷᠤᠶ ᠲᠦᠷᠭᠡᠨ ᠬᠠᠭᠠᠭᠠᠷᠠᠶ︔ ᠭᠡᠷ ᠤᠨ ᠭᠠᠳᠠᠨᠠᠬᠢ ᠶᠡᠷᠦᠩᠬᠡᠶ ᠴᠠᠬᠢᠯᠭᠠᠨ | ᠡᠭᠦᠰᠭᠡᠭᠴᠢ ᠶᠢ ᠲᠠᠰᠤᠯᠬᠤ︔ ᠠᠯᠢᠪᠠ ᠭᠠᠯ ᠢ ᠤᠨᠲᠠᠷᠠᠭᠠᠬᠤ︔ ᠡᠭᠦᠳᠡ ᠴᠣᠩᠬᠤ ᠶᠢ ᠲᠦᠷᠭᠡᠨ ᠨᠡᠭᠡᠭᠡᠬᠦ︔ ᠶᠠᠮᠠᠷᠪᠠ ᠴᠠᠬᠢᠯᠭᠠᠨ ᠬᠡᠷᠡᠭᠰᠡᠯ ᠨᠡᠭᠡᠭᠡᠬᠦ᠂ ᠬᠠᠭᠠᠬᠤ | ᠪᠤᠶᠤ ᠭᠠᠷ ᠤᠲᠠᠰᠤ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠰᠢᠲᠠᠮᠠᠬᠠᠶ ᠬᠡᠢ ᠶᠢᠨ ᠺᠣᠮᠫᠠᠨᠢ ᠳᠤ ᠬᠦᠷᠴᠦ ᠵᠠᠪᠳᠤᠨ ᠵᠠᠰᠠᠬᠤ᠂ ᠠᠶᠤᠯ ᠠᠴᠠ ᠠᠪᠤᠷᠠᠬᠤ | ᠳ᠋ᠢᠶᠠᠩᠬᠤᠸᠠ ᠶᠢ ᠤᠲᠠᠰᠤᠳᠠᠬᠤ ᠬᠡᠷᠡᠭᠲᠡᠶ᠃ |