| | | | ᠮᠠᠨ ᠤ ᠣᠷᠣᠨ ᠤᠯᠤᠰ ᠤᠨ ᠪᠠᠶᠠᠷ ᠤᠨ ᠬᠤᠭᠤᠴᠠᠭᠠᠨ ᠳᠤ 127 ᠵᠦᠢᠯ ᠤᠨ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠪᠡ᠃ | ᠬᠥᠬᠡᠬᠤᠲᠠ ᠶᠢᠨ ᠣᠤ ᠸᠧᠢ ᠮᠣᠷᠢᠨ ᠤ ᠰᠣᠶᠣᠯ ᠵᠢᠭᠤᠯᠴᠢᠯᠠᠯ ᠤᠨ ᠣᠷᠣᠨ ᠤ ︽ᠣᠤ ᠸᠧᠢ ᠮᠣᠷᠢᠨ ᠤ ᠪᠠᠯᠭᠠᠰᠤ ᠶᠢᠨ ᠪᠣᠳᠠᠰ ᠤᠨ ᠪᠤᠰᠤ ᠰᠣᠶᠣᠯ ᠤᠨ ᠥᠪ ᠤᠨ | ᠮᠣᠷᠢᠨ ᠮᠡᠷᠭᠡᠵᠢᠯ ᠤᠨ ᠦᠵᠡᠭᠦᠯᠭᠡ︾ ᠵᠡᠷᠭᠡ 14 ᠵᠦᠢᠯ᠂ ᠪᠤᠭᠤᠲᠤ ᠬᠤᠲᠠ ᠶᠢᠨ ᠪᠤᠭᠤᠲᠤ ᠶᠢᠨ ᠡᠷᠲᠡᠨ ᠤ ᠬᠤᠲᠠ ᠶᠢᠨ ᠦᠵᠡᠮᠵᠢ ᠶᠢᠨ ᠭᠠᠵᠠᠷ ᠤᠨ | ︽ᠪᠤᠭᠤᠲᠤ ᠶᠢᠨ ᠡᠷᠲᠡᠨ ᠤ ᠬᠤᠲᠠ ᠶᠢᠨ ᠲᠠᠯ᠎ᠠ ᠨᠤᠲᠤᠭ ᠤᠨ ᠨᠠᠭᠠᠳᠤᠮ︾ ᠵᠡᠷᠭᠡ 12 ᠵᠦᠢᠯ᠂ ᠬᠥᠯᠥᠨ ᠪᠣᠶᠢᠷ ᠬᠤᠲᠠ ᠶᠢᠨ ︽ᠠᠯᠲᠠᠨ ᠨᠠᠮᠤᠷ ᠤᠨ ᠠᠷᠪᠠᠨ ᠰᠠᠷ᠎ᠠ | ᠰᠢᠯᠦᠭ ᠬᠢᠭᠡᠳ ᠠᠯᠤᠰ ᠳᠡᠷᠲᠡᠭᠡ︾ ᠶᠢᠨ ᠬᠢᠯᠢ ᠠᠯᠤᠰᠯᠠᠨ ᠥᠪᠡᠰᠦᠪᠡᠨ ᠲᠡᠷᠭᠡ ᠵᠢᠯᠤᠭᠤᠳᠬᠤ ᠵᠢᠭᠤᠯᠴᠢᠯᠠᠯ ᠵᠡᠷᠭᠡ 6 ᠵᠦᠢᠯ᠂ ᠬᠢᠩᠭᠠᠨ ᠠᠶᠢᠮᠠᠭ ᠤᠨ ᠤᠯᠠᠭᠠᠨᠮᠤᠳᠤ | ᠲᠠᠯ᠎ᠠ ᠨᠤᠲᠤᠭ ᠤᠨ ︽ᠳᠠᠭᠤᠤ ᠦᠪᠤᠷ ᠮᠤᠩᠭᠤᠯ ᠢᠶᠠᠷ ᠠᠶᠠᠯᠠᠭᠤᠯᠤᠨ ᠵᠤᠭᠠᠴᠠᠶ᠎ᠠ᠂ ᠡᠳᠦᠷ ᠡᠳᠦᠷ ᠨᠠᠭᠠᠳᠤᠮ ᠲᠠᠢ︾ ᠵᠡᠷᠭᠡ 7 ᠵᠦᠢᠯ᠂ ᠲᠦᠡᠭᠯᠢᠶᠤᠤ ᠬᠤᠳᠠ ᠶᠢᠨ | ᠶᠤᠸᠠᠢ ᠯᠠᠢ ᠡᠾᠧ ᠰᠤᠶᠤᠯ ᠵᠢᠭᠤᠯᠴᠢᠯᠠᠯ ᠰᠡᠯᠡᠬᠦᠴᠡᠯ ᠤᠨ ᠵᠡᠭᠡᠯᠢ ᠲᠤᠭᠤᠷᠢᠭ ᠤᠨ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠡᠨ 75 | ᠵᠢᠯ ᠤᠨ ᠤᠢ ᠶᠢ ᠪᠡᠯᠭᠡᠯᠡᠬᠦ ᠤᠯᠠᠭᠠᠨᠮᠦ᠋ᠴᠢᠷ ᠤᠨ ᠬᠠᠮᠲᠤᠷᠠᠭᠰᠠᠨ ᠲᠤᠭᠯᠠᠯᠳᠠ︾ ᠵᠡᠷᠭᠡ 10 ᠵᠦᠢᠯ᠂ ᠤᠯᠠᠭᠠᠨᠬᠠᠲᠠ ᠬᠤᠲᠠ ᠶᠢᠨ ᠯᠢᠶᠤᠤ ᠤᠯᠤᠰ ᠤᠨ ᠲᠡᠤᠬᠡ | ᠰᠤᠶᠤᠯ ᠤᠨ ᠮᠦᠽᠧᠢ ᠶᠢᠨ ︽ᠵᠠᠭᠤᠨ ᠮᠧᠲᠷ ᠤᠨ ᠤᠷᠲᠤ ᠡᠪᠬᠡᠮᠡᠯ ᠳᠡᠭᠡᠷ᠎ᠡ ᠳᠤᠮᠳᠠᠳᠤ ᠤᠯᠤᠰ ᠢ ᠵᠢᠷᠤᠭᠯᠠᠬᠤ︾ ᠵᠡᠷᠭᠡ 7 ᠵᠦᠢᠯ᠂ ᠰᠢᠯᠢ ᠶᠢᠨ ᠭᠤᠤᠯ ᠠᠶᠢᠮᠠᠭ ᠤᠨ | ︽ᠬᠡᠭᠡᠷ᠎ᠡ ᠠᠶᠠᠯᠠᠬᠤ ᠮᠠᠰᠢᠨ ᠲᠡᠷᠭᠡ ᠶᠢᠨ ᠬᠡᠭᠡᠷᠡᠯᠡᠨ ᠠᠶᠠᠯᠠᠬᠤ ᠠᠵᠢᠯᠯᠠᠭ᠎ᠠ︾᠂ ︽ᠲᠡᠰ ᠠᠴᠠ ᠲᠠᠪᠠᠭᠰᠠᠨ ᠮᠠᠰᠢᠨ ᠲᠡᠷᠭᠡᠨ ᠤ ᠵᠢᠯᠣᠭᠤᠴᠢ ᠶᠢᠨ ᠠᠪᠤᠷᠭᠤ | ᠪᠤᠯᠢᠶᠠᠯᠳᠤᠬᠤ ᠤᠷᠤᠯᠳᠤᠭᠠᠨ︾ ᠵᠡᠷᠭᠡ 10 ᠵᠦᠢᠯ᠂ ᠤᠯᠠᠭᠠᠨᠴᠠᠪ ᠬᠤᠲᠠ ᠶᠢᠨ ᠲᠠᠪᠤᠨ ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ ︽ᠭᠠᠯᠲᠤ ᠠᠭᠤᠯᠠ ᠪᠠᠷ | ᠵᠢᠭᠤᠯᠴᠢᠯᠠᠵᠤ ᠰᠠᠨᠰᠠᠷᠴᠢᠨ ᠤ ᠬᠦᠰᠡᠯ ᠢᠶᠠᠨ ᠲᠡᠷᠭᠡᠯᠰᠢᠯᠡᠭᠦᠯᠬᠦ︾ ᠵᠡᠷᠭᠡ 7 ᠵᠦᠢᠯ᠂ ᠣᠷᠳᠣᠰ ᠬᠤᠲᠠ ᠶᠢᠨ ᠬᠢᠶ᠎ᠠ ᠪᠠᠭᠰᠢ ᠶᠢᠨ ᠤᠯᠠᠭᠠᠨᠮᠦ᠋ᠷᠡᠨ ᠨᠠᠭᠤᠷ | ᠲᠣᠭᠤᠷᠢᠭ ᠤᠨ ᠵᠢᠯᠣᠭᠤᠴᠢ ᠥᠬᠡᠶ ᠨᠢᠰᠬᠡᠯ ᠤᠨ ᠲᠣᠭᠯᠠᠯᠲᠠ ᠵᠡᠷᠭᠡ 13 ᠵᠦᠢᠯ᠂ ᠪᠠᠶᠠᠨᠨᠠᠭᠤᠷ ᠬᠤᠲᠠ ᠶᠢᠨ ᠤᠯᠠᠭᠠᠨᠪᠤᠬ᠎ᠠ ᠶᠢᠨ ᠵᠢᠭᠤᠯᠴᠢᠯᠠᠯ ᠤᠨ ᠣᠷᠣᠨ ᠤ | ︽ᠤᠯᠠᠭᠠᠨᠪᠤᠬ᠎ᠠ ᠶᠢᠨ ᠡᠯᠡᠰᠦ ᠳᠠᠯᠠᠢ ᠨᠠᠭᠤᠷ ᠤᠨ ᠵᠢᠭᠤᠯᠴᠢᠯᠠᠯ ᠤᠨ ᠣᠷᠣᠨ ᠤ ᠡᠯᠡᠰᠦᠨ ᠴᠥᠯ ᠤᠨ ᠣᠳᠣᠨ ᠮᠡᠴᠢᠳ ᠳᠠᠭᠤᠤ ᠬᠥᠭᠵᠢᠮ ᠤᠨ ᠨᠠᠶᠢᠷ︾ ᠵᠡᠷᠭᠡ 9 | ᠵᠦᠢᠯ᠂ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠳᠤᠮᠳᠠᠳᠤ ᠤᠯᠤᠰ ᠤᠨ ᠡᠯᠡᠰᠦᠨ ᠴᠥᠯ ᠤᠨ ᠴᠤᠪᠤᠭ᠎ᠠ ᠠᠩᠭᠢ ᠶᠢᠨ ᠣᠨ ᠤ ᠡᠭᠡᠯᠵᠢᠲᠦ | ᠬᠤᠷᠠᠯ ᠵᠢᠴᠢ ᠤᠷᠤᠯᠳᠤᠭᠠᠨ ᠵᠡᠷᠭᠡ 5 ᠵᠦᠢᠯ᠂ ᠠᠯᠠᠱᠠ ᠠᠶᠢᠮᠠᠭ ᠤᠨ ︽2024 ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾ ᠵᠡᠷᠭᠡ 9 ᠵᠦᠢᠯ ᠪᠣᠶ︔ ᠥᠪᠥᠷ | ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠰᠣᠶᠣᠯ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠥᠪ ᠤᠨ ᠳᠤᠮᠳᠠᠳᠤ ᠤᠯᠤᠰ ᠤᠨ ᠠᠩᠬᠠᠳᠠᠭᠴᠢ ᠲᠣᠮᠣ ᠬᠡᠯᠪᠡᠷᠢ ᠶᠢᠨ ᠠᠳᠤᠭᠤᠨ ᠰᠣᠶᠣᠯ ᠤᠨ ᠪᠦᠷᠢᠨ ᠦᠵᠡᠭᠳᠡᠯᠲᠦ ᠬᠡᠯᠪᠡᠷᠢ ᠶᠢᠨ | ︽ᠮᠢᠩᠭᠠᠨ ᠣᠨ ᠤ ᠮᠣᠷᠢᠨ ᠤ ᠮᠠᠭᠲᠠᠭᠠᠯ︾ ᠤᠨ ᠲᠣᠭᠯᠠᠯᠲᠠ ᠵᠡᠷᠭᠡ 4 ᠵᠦᠢᠯ᠂ ᠥᠪᠥᠷ ᠮᠣᠩᠭᠤᠯ ᠤᠨ ᠮᠦᠽᠧᠶ ᠶᠢᠨ ︽ᠮᠦᠽᠧᠶ ᠳᠤ ᠤᠯᠤᠰ ᠤᠨ ᠪᠠᠶᠠᠷ ᠢ ᠪᠡᠯᠭᠡᠯᠡᠬᠦ︾ | ᠵᠡᠷᠭᠡ 5 ᠵᠦᠢᠯ᠂ ᠥᠪᠥᠷ ᠮᠣᠩᠭᠤᠯ ᠤᠨ ᠨᠣᠮ ᠤᠨ ᠰᠠᠩ ᠤᠨ ︽ᠤᠰᠤᠨ ᠪᠣᠳᠤᠭ ᠲᠠᠬᠢ ᠤᠯᠤᠰ ᠤᠨ ᠪᠠᠶᠠᠷ ᠤᠨ ᠳᠤᠷᠠᠰᠤᠮᠵᠢ︾ ᠭᠤᠣᠯ ᠰᠡᠳᠦᠪᠲᠦ ᠵᠢᠷᠤᠭ ᠵᠡᠷᠭᠡ | 3 ᠵᠦᠢᠯ᠂ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠤ ︽ᠤᠯᠤᠰ ᠨᠡᠶᠢᠭᠡᠮ ᠤᠨ ᠲᠣᠯᠢ ᠡᠷᠡᠨ ᠵᠠᠭᠤᠨ ᠤ ᠭᠡᠷᠡᠯ ᠰᠡᠭᠦᠳᠡᠷ︾ ᠰᠣᠨᠢᠨ ᠮᠡᠳᠡᠭᠡᠨ ᠤ ᠭᠡᠷᠡᠯ | ᠵᠢᠷᠤᠭ ᠤᠨ ᠦᠵᠡᠰᠭᠦᠯᠡᠩ ᠵᠡᠷᠭᠡ 6 ᠵᠦᠢᠯ ᠢ ᠳᠡᠯᠭᠡᠨ ᠦᠵᠡᠭᠦᠯᠪᠡ᠃ ︵ᠰᠣᠶᠣᠯ ᠵᠢᠭᠤᠯᠴᠢᠯᠠᠯ ᠤᠨ ᠲᠢᠩᠬᠢᠮ︶ |