| | | ᠡᠯᠪᠡᠭ ᠬᠤᠷᠢᠶᠠᠯᠲᠠ ᠲᠠᠢ ᠬᠥᠬᠡ ᠯᠤᠤ ᠵᠢᠯ ᠤᠨ ᠪᠠᠶᠠᠨ ᠨᠠᠮᠤᠷ ᠠᠶᠠᠷᠯᠠᠨ ᠤᠳᠤᠵᠤ᠂ ᠡᠷᠴᠢ ᠶᠢ ᠨᠥᠬᠦᠵᠦ ᠡᠨᠧᠷᠭᠢ ᠶᠢ ᠰᠡᠯᠪᠢᠬᠦ ᠠᠮᠤᠭᠤᠯᠠᠩ ᠡᠪᠦᠯ | ᠠᠶᠠᠷᠬᠠᠨ ᠰᠠᠭᠠᠲᠠᠯᠤᠭᠠ᠃ | | | | | | | | | | | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ ᠵᠢᠯᠣᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ | ᠭᠤᠣᠯ ᠰᠢᠵᠢᠮ ᠢ ᠪᠠᠲᠤ ᠡᠵᠡᠮᠳᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠳᠠᠶᠢᠴᠢᠯᠠᠨ | ᠬᠥᠭᠵᠢᠭᠡᠵᠦ᠂ ᠰᠣᠶᠣᠯ ᠤᠨ ᠪᠠᠶᠢᠭᠤᠯᠤᠯᠲᠠ ᠶᠢᠨ ᠶᠡᠭᠡ ᠳᠡᠭᠡᠭᠰᠢᠯᠡᠯᠲᠡ ᠪᠠᠷ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠶᠢ | ᠠᠬᠢᠭᠤᠯᠵᠤ᠂ ᠥᠨᠢᠷ ᠰᠣᠶᠣᠯ ᠤᠨ ᠥᠪ ᠪᠣᠯᠣᠭᠰᠠᠨ ᠮᠣᠩᠭᠤᠯ ᠤᠷᠠᠨ ᠪᠢᠴᠢᠯᠭᠡ ᠶᠢᠨ ᠤᠷᠠᠯᠢᠭ ᠢ ᠰᠠᠶᠢᠲᠤᠷ ᠤᠯᠠᠮᠵᠢᠯᠠᠨ ᠪᠠᠳᠠᠷᠠᠭᠤᠯᠤᠨ᠂ ᠤᠷᠠᠨ | ᠪᠦᠲᠦᠭᠡᠯᠭᠡ ᠶᠢᠨ ᠬᠢᠷᠢ ᠲᠦᠪᠰᠢᠨ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠬᠦ ᠶᠢ ᠵᠣᠷᠢᠵᠤ᠂ 11 ᠰᠡᠷ᠎ᠡ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ | ᠪᠠᠭᠠᠷᠢᠨ ᠪᠠᠷᠠᠭᠤᠨ ᠬᠤᠰᠢᠭᠤ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠤᠳᠬᠠᠨ᠂ ᠤᠮᠠᠷᠠᠲᠦ ᠬᠢᠯᠢ ᠶᠢᠨ | ᠰᠤᠶᠤᠯ ᠤᠨ ᠨᠡᠷᠡᠲᠦ ᠳᠡᠮᠳᠡᠭ ᠢ ᠴᠤᠭᠴᠠᠯᠠᠬᠤ︾ ᠭᠤᠣᠯ ᠰᠡᠳᠦᠪᠲᠦ ᠮᠤᠩᠭᠤᠯ ᠤᠷᠠᠨ ᠪᠢᠴᠢᠯᠭᠡ ᠶᠢᠨ ᠪᠤᠯᠪᠠᠰᠤᠷᠠᠯ ᠤᠨ ᠠᠩᠬᠢ ᠶᠢ ᠳ᠋ᠠᠪᠠᠨ ᠳᠤ ᠠᠮᠵᠢᠯᠲᠠ ᠲᠠᠢ | ᠡᠷᠬᠢᠯᠡᠪᠡ᠃ ᠪᠥᠬᠦ ᠬᠤᠰᠢᠭᠤᠨ ᠤ ᠤᠷᠠᠨ ᠪᠢᠴᠢᠯᠭᠡ ᠶᠢᠨ ᠳᠤᠷ᠎ᠠ ᠪᠠᠭ᠋ᠠᠲᠠᠳ ᠲᠠᠪᠢ ᠭᠠᠷᠤᠢ ᠬᠥᠮᠥᠨ ᠪᠣᠯᠪᠠᠰᠤᠷᠠᠯ ᠬᠦᠷᠲᠡᠵᠦ ᠤᠷᠠᠨ ᠪᠦᠲᠦᠭᠡᠯ ᠲᠤᠭᠤᠷᠪᠢᠬᠤ ᠳᠤ | ᠣᠷᠣᠯᠴᠠᠵᠠᠢ᠃ | | | | | | | | | | | ᠲᠣᠰ ᠤᠳᠠᠭᠠᠨ ᠤ ᠪᠣᠯᠪᠠᠰᠤᠷᠠᠯ ᠤᠨ ᠠᠩᠬᠢ ᠪᠠᠨ ᠰᠠᠶᠢᠲᠤᠷ ᠡᠷᠬᠢᠯᠡᠬᠦ ᠶᠢᠨ ᠲᠥᠯᠥᠭᠡ᠂ ᠪᠠᠭᠠᠷᠢᠨ ᠪᠠᠷᠠᠭᠤᠨ ᠬᠤᠰᠢᠭᠤᠨ ᠤ ᠮᠤᠩᠭᠤᠯ ᠤᠷᠠᠨ | ᠪᠢᠴᠢᠯᠭᠡ ᠶᠢᠨ ᠵᠤᠬᠢᠶᠠᠨ ᠪᠦᠳᠦᠭᠡᠬᠦ ᠰᠠᠭᠤᠷᠢᠨ ᠪᠠ ᠬᠤᠰᠢᠭᠤᠨ ᠤ ᠮᠤᠩᠭᠤᠯ ᠤᠷᠠᠨ ᠪᠢᠴᠢᠯᠭᠡᠲᠡᠳ ᠤᠨ ᠨᠡᠶᠢᠭᠡᠮᠯᠢᠭ ᠨᠢ ᠡᠷᠲᠡ ᠠᠴᠠ ᠲᠥᠰᠥᠪᠯᠡᠨ ᠨᠢᠮᠪᠠᠢ | ᠬᠠᠮᠵᠢᠯᠴᠠᠵᠤ᠂ ᠲᠣᠰ ᠤᠳᠠᠭᠠᠨ ᠤ ᠪᠣᠯᠪᠠᠰᠤᠷᠠᠯ ᠤᠨ ᠠᠯᠬᠤᠮ ᠳᠠᠷᠠᠭ᠎ᠠ᠂ ᠠᠷᠭ᠎ᠠ ᠬᠡᠯᠪᠡᠷᠢ᠂ ᠬᠢᠴᠢᠶᠡᠯᠯᠡᠭᠡ ᠶᠢᠨ ᠠᠭᠤᠯᠭ᠎ᠠ᠂ ᠵᠣᠬᠢᠶᠠᠨ ᠪᠦᠲᠦᠭᠡᠬᠦ ᠭᠤᠣᠯ | ᠰᠡᠳᠦᠪ ᠢᠶᠠᠨ ᠵᠥᠪᠳᠡᠨ ᠳᠣᠭᠲᠠᠭᠠᠭᠠᠳ᠂ ᠳᠤᠮᠳᠠᠳᠤ ᠰᠤᠷᠭᠠᠭᠤᠯᠢ ᠶᠢᠨ ᠥᠨᠳᠥᠷ ᠲᠠᠰ ᠤᠨ ᠪᠠᠭᠰᠢ᠂ ᠤᠯᠠᠭᠠᠨᠬᠤᠲᠠ ᠬᠤᠲᠠ ᠶᠢᠨ ᠤᠷᠠᠨ ᠪᠢᠴᠢᠯᠭᠡ ᠶᠢᠨ | ᠬᠢᠴᠢᠶᠡᠯ ᠲᠥᠷᠥᠯ ᠤᠨ ᠵᠢᠭᠠᠨ ᠰᠤᠳᠤᠯᠤᠭᠠᠴᠢ᠂ ᠥᠪᠥᠷ ᠮᠣᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠮᠣᠩᠭᠤᠯ ᠤᠷᠠᠨ ᠪᠢᠴᠢᠯᠭᠡ ᠶᠢᠨ ᠵᠥᠪᠯᠡᠯ ᠤᠨ | ᠡᠷᠬᠢᠯᠡᠭᠴᠢ᠂ ᠣᠷᠣᠨ ᠤ ᠲᠠᠰ ᠤᠨ ᠪᠣᠳᠠᠰ ᠤᠨ ᠪᠣᠰᠤ ᠰᠣᠶᠣᠯ ᠤᠨ ᠥᠪ ᠤᠨ ᠮᠣᠩᠭᠤᠯ ᠤᠷᠠᠨ ᠪᠢᠴᠢᠯᠭᠡ ᠶᠢᠨ ᠲᠥᠯᠦᠭᠡᠯᠡᠭᠴᠢ ᠤᠯᠠᠮᠵᠢᠯᠠᠭᠴᠢ᠂ ᠥᠪᠡᠷᠲᠡᠭᠡᠨ | ᠵᠠᠰᠠᠬᠤ ᠣᠷᠣᠨ ᠤ ᠤᠷᠠᠨ ᠪᠢᠴᠢᠯᠭᠡ ᠶᠢᠨ ᠵᠣᠬᠢᠶᠠᠨ ᠪᠥᠲᠦᠭᠡᠯᠭᠡ ᠶᠢᠨ ︽ᠰᠠᠷᠠᠨ᠎ᠠ︾ ᠱᠠᠩᠨᠠᠯ ᠬᠦᠷᠲᠡᠭᠴᠢ᠂ ︽ᠬᠢᠩᠭᠠᠨ ᠠᠶᠢᠮᠠᠭ ᠤᠨ ᠰᠣᠳᠣᠨ ᠴᠢᠳᠠᠪᠤᠷᠢᠲᠠᠨ︾ | ᠂ ᠬᠢᠩᠭᠠᠨ ᠠᠶᠢᠮᠠᠭ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠲᠡᠳ᠋ ᠲᠡᠷᠢᠭᠦᠯᠡᠭᠴᠢ᠂ ᠥᠪᠥᠷ ᠮᠣᠩᠭᠤᠯ ᠤᠨ ᠴᠢᠩᠭᠢᠰ ᠬᠠᠭᠠᠨ ᠤᠷᠠᠨ ᠪᠢᠴᠢᠯᠭᠡ ᠤᠷᠠᠨ | ᠵᠢᠷᠤᠭ ᠤᠨ ᠬᠦᠷᠢᠶᠡᠯᠡᠩ ᠤᠨ ᠲᠡᠳ᠋ ᠵᠠᠬᠢᠷᠤᠯ ᠴᠢ ᠶᠢᠨ ᠪᠠᠭᠰᠢ ᠶᠢ ᠣᠷᠢᠵᠣ ᠲᠣᠰᠬᠠᠢ ᠬᠢᠴᠢᠶᠡᠯ ᠲᠠᠶᠢᠯᠣᠮᠵᠢ᠂ ᠦᠵᠡᠬᠦᠯᠦᠯᠭᠡ ᠶᠢᠨ ᠬᠢᠴᠢᠶᠡᠯ ᠬᠢᠭᠰᠡᠨ ᠪᠠᠶᠢᠨ᠎ᠠ᠃ | ᠬᠢᠴᠢᠶᠡᠯ ᠪᠣᠯᠪᠠᠰᠤᠷᠠᠯ ᠤᠨ ᠳᠤᠮᠳᠠ᠂ ᠤᠷᠠᠨ ᠪᠢᠴᠢᠯᠭᠡ ᠶᠢᠨ ᠡᠷᠳᠡᠮᠲᠡᠨ ᠪᠠᠭᠰᠢ ᠠᠴᠠ ᠠᠳᠠᠯᠢ ᠪᠤᠰᠤ ᠨᠠᠰᠤᠨ ᠤ ᠠᠳᠠᠯᠢ ᠪᠤᠰᠤ ᠬᠢᠷᠢ ᠲᠦᠪᠰᠢᠨ ᠳᠤ ᠪᠠᠶᠢᠭ᠎ᠠ | ᠤᠷᠠᠨ ᠪᠢᠴᠢᠯᠭᠡ ᠶᠢᠨ ᠰᠤᠷᠤᠯᠭᠠᠲᠠᠨ ᠨᠠᠷ ᠲᠤ ᠬᠠᠨᠳᠤᠭᠤᠯᠤᠨ ᠮᠣᠩᠭᠤᠯ ᠣᠷᠡᠨ ᠪᠢᠴᠢᠯᠭᠡ ᠶᠢᠨ ᠲᠡᠣᠬᠡᠨ ᠬᠦᠭᠵᠢᠯ᠂ ᠦᠰᠦᠭ ᠪᠢᠴᠢᠬᠦ ᠪᠠ ᠣᠷᠡᠨ | ᠪᠢᠴᠢᠯᠭᠡ ᠶᠢᠨ ᠢᠯᠭᠠᠭ᠎ᠠ᠂ ᠣᠷᠡᠨ ᠪᠢᠴᠢᠯᠭᠡ ᠶᠢᠨ ᠰᠠᠭᠤᠷᠢ ᠂ ᠣᠷᠡᠨ ᠪᠢᠴᠢᠯᠭᠡ ᠶᠢ ᠰᠤᠷᠴᠤ ᠵᠣᠬᠢᠶᠠᠨ ᠪᠦᠲᠦᠭᠡᠯᠭᠡ ᠬᠢᠬᠦ ᠵᠡᠷᠭᠡ ᠣᠯᠠᠨ ᠰᠡᠳᠦᠪ ᠢᠶᠠᠷ ᠵᠢᠱᠢᠶ᠎ᠠ | ᠦᠵᠡᠬᠦᠯᠦᠯᠭᠡ ᠲᠠᠢ ᠲᠠᠶᠢᠯᠪᠦᠷᠢᠯᠡᠵᠣ᠂ ᠬᠢᠴᠢᠶᠡᠯ ᠰᠣᠨᠣᠰᠣᠭᠴᠢᠳ ᠲᠤ ᠰᠢᠨ᠎ᠡ ᠰᠡᠪᠡᠬᠦᠨ ᠦᠢᠯᠠᠭᠠᠯᠳᠡ ᠲᠠᠨᠢᠯᠳᠡ ᠲᠠᠢ ᠪᠣᠯᠭᠠᠵᠠᠢ᠃ ᠢᠯᠠᠩᠭᠤᠶ᠎ᠠ ᠣᠯᠠᠮᠵᠢᠯᠠᠯ ᠢ | ᠬᠦᠨᠳᠦᠳᠭᠡᠨ ᠲᠠᠭᠤᠷᠢᠶᠠᠨ ᠪᠢᠴᠢᠬᠦ ᠵᠠᠮ ᠢᠶᠠᠷ ᠵᠠᠮᠨᠠᠬᠤ᠂ ᠡᠷᠳᠡᠨ ᠤ ᠬᠢ ᠶᠢ ᠣᠳᠣᠬᠢ ᠳᠤ ᠦᠢᠯᠡᠴᠢᠯᠡᠭᠦᠯᠬᠦ ᠪᠠ ᠵᠠᠯᠭᠠᠮᠵᠢᠯᠠᠨ ᠬᠥᠭᠵᠢᠭᠦᠯᠬᠦ ᠶᠢ ᠪᠠᠷᠢᠮᠳᠠᠯᠠᠬᠤ᠂ | ᠦᠨᠳᠦᠰᠦᠨ ᠴᠢᠳᠠᠪᠤᠷᠢ᠂ ᠦᠨᠳᠦᠰᠦᠨ ᠠᠷᠭ᠎ᠠ ᠮᠡᠷᠭᠡᠵᠢᠯ ᠢ ᠬᠡᠷᠬᠢᠨ ᠡᠵᠡᠮᠰᠢᠬᠦ ᠲᠤᠬᠠᠢ ᠶᠠᠷᠢᠵᠤ ᠲᠠᠶᠢᠯᠪᠦᠷᠢᠯᠡᠨ᠂ ᠡᠷᠳᠡᠮ ᠮᠡᠳᠡᠯᠭᠡ ᠪᠠᠨ ᠬᠠᠷᠠᠮᠨᠠᠯ ᠦᠭᠡᠢ ᠪᠠᠷ | ᠴᠢᠩ ᠦᠨᠡᠨᠴᠢ᠂ ᠦᠨ᠎ᠡ ᠴᠡᠨ᠎ᠡ ᠲᠠᠢ ᠰᠠᠨᠠᠯ ᠰᠠᠨᠠᠭᠤᠯᠭ᠎ᠠ ᠥᠭᠭᠦᠭᠰᠡᠨ ᠨᠢ ᠪᠥᠬᠦ ᠪᠣᠯᠪᠠᠰᠤᠷᠠᠯ ᠳᠤ ᠣᠷᠣᠯᠴᠠᠭᠰᠠᠨ ᠣᠷᠡᠨ ᠪᠢᠴᠢᠯᠭᠡ ᠶᠢᠨ ᠲᠣᠷ᠎ᠡ ᠪᠠᠭ᠋ᠠᠳᠠᠳ ᠤᠨ | ᠮᠠᠰᠢ ᠶᠡᠭᠡ ᠰᠣᠨᠢᠷᠬᠠᠯ ᠪᠠ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃ ᠬᠢᠴᠢᠶᠡᠯᠡᠭᠴᠢ ᠪᠠᠭᠰᠢ ᠠᠴᠠ ᠪᠠᠰᠨ ᠪᠣᠯᠪᠠᠰᠣᠷᠡᠯ ᠳᠤ ᠣᠷᠣᠯᠴᠠᠭᠰᠠᠨ ᠣᠷᠡᠨ | ᠪᠢᠴᠢᠯᠭᠡᠳᠡᠳ ᠤᠨ ᠪᠦᠲᠦᠭᠡᠯᠭᠡ ᠶᠢ ᠠᠬᠤᠢ ᠲᠠᠯᠠᠪᠠᠢ ᠳᠤ ᠨᠢᠭᠡᠳ ᠨᠢᠭᠡ ᠪᠠᠷ ᠨᠢᠭᠤᠷᠳᠠᠨ ᠦᠨᠡᠯᠡᠯᠭᠡ ᠦᠭᠴᠣ᠂ ᠣᠯᠣᠭᠰᠠᠨ ᠠᠯᠳᠠᠭᠰᠠᠨ ᠢ ᠨᠢ ᠵᠢᠭᠠᠨ ᠵᠠᠰᠠᠵᠤ | ᠂ ᠦᠰᠦᠭ ᠤᠨ ᠵᠢᠷᠣᠯᠭ᠎ᠠ ᠠᠴᠠ ᠪᠦᠳᠦᠬᠡᠯᠭᠡ ᠬᠢᠵᠣ ᠵᠣᠬᠢᠶᠠᠮᠵᠢ ᠶᠢ ᠲᠡᠩᠴᠡᠭᠦᠯᠬᠦ ᠬᠦᠷᠲᠡᠯ᠎ᠡ᠂ ᠰᠠᠨᠠᠭᠰᠠᠨ ᠢᠶᠠᠷ ᠢᠶᠠᠨ ᠰᠡᠪᠡᠵᠦ ᠰᠠᠨᠠᠭᠠᠨ ᠳᠤᠷ᠎ᠠ ᠪᠠᠷ ᠢᠶᠠᠨ | ᠪᠢᠴᠢᠬᠦ ᠶᠢ ᠲᠡᠪᠴᠢᠨ᠂ ᠰᠣᠩᠭᠤᠳᠠᠭ ᠪᠢᠴᠢᠯᠭᠡ ᠶᠢ ᠲᠠᠭᠠᠨ ᠳᠠᠭᠤᠷᠢᠶᠠᠵᠤ ᠥᠪᠡᠷ ᠤᠨ ᠥᠪᠡᠷᠮᠢᠴᠡ ᠬᠡᠪ ᠨᠠᠮᠪᠠ ᠶᠢ ᠪᠦᠷᠢᠯᠳᠦᠭᠦᠯᠬᠦ ᠳᠣᠬᠠᠢ ᠦᠪᠡᠷ ᠤᠨ ᠣᠯᠠᠨ | ᠵᠢᠯ ᠤᠨ ᠲᠤᠷᠰᠢᠬᠢ ᠰᠤᠷᠴᠤ ᠰᠤᠳᠤᠯᠤᠭᠰᠠᠨ᠂ ᠨᠠᠢᠮᠠᠨ ᠮᠤᠵᠢ ᠣᠷᠣᠨ ᠪᠠ ᠪᠥᠬᠦ ᠣᠷᠣᠨ ᠤ ᠡᠯ᠎ᠡ ᠠᠶᠢᠮᠠᠭ ᠬᠤᠲᠠ ᠪᠠᠷ ᠬᠢᠴᠢᠶᠡᠯ ᠲᠠᠶᠢᠯᠣᠮᠵᠢ ᠬᠢᠵᠦ᠂ | ᠤᠷᠤᠯᠳᠤᠭᠠᠨ ᠮᠥᠷᠥᠶᠢᠴᠡᠭᠡᠨ᠂ ᠴᠣᠯᠠ ᠨᠡᠷ᠎ᠡ ᠶᠢᠨ ᠬᠢᠨᠠᠨ ᠰᠢᠭᠦᠭᠴᠢ ᠪᠣᠯᠵᠤ ᠶᠠᠪᠤᠭᠰᠠᠨ ᠲᠤᠷᠰᠢᠯᠭ᠎ᠠ ᠪᠠᠨ ᠶᠠᠷᠢᠵᠤ ᠮᠡᠷᠭᠡᠵᠢᠯ ᠢᠶᠠᠨ ᠤᠯᠠᠮᠵᠢᠯᠠᠵᠤ᠂ ᠤᠷᠠᠨ | ᠪᠢᠴᠢᠯᠭᠡ ᠶᠢᠨ ᠳᠤᠷ᠎ᠠ ᠪᠠᠭ᠋ᠠᠲᠠᠳ ᠤᠨ ᠤᠷᠮ᠎ᠠ ᠵᠣᠷᠢᠭ ᠢ ᠬᠥᠭᠵᠢᠭᠡᠵᠦ ᠴᠢᠳᠠᠵᠠᠢ᠃ ᠥᠪᠥᠷ ᠮᠣᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠮᠣᠩᠭᠤᠯ | ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠳᠡᠳ᠋ ᠨᠠᠷᠢᠨ | ᠪᠢᠴᠢᠭᠡᠴᠢ ᠶᠢᠨ ᠳᠠᠷᠤᠭ᠎ᠠ᠂ ᠳ᠋ᠠᠪᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠷᠠᠨ ᠪᠢᠴᠢᠯᠭᠡ ᠶᠢᠨ ᠪᠠᠭᠰᠢ᠂ ᠨᠠᠷᠠᠲᠤ ᠤᠷᠠᠨ ᠪᠢᠴᠢᠯᠭᠡᠲᠡᠨ ᠪᠢᠯᠢᠭᠲᠦ ᠪᠣᠯᠣᠨ | ᠥᠪᠥᠷ ᠮᠣᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠂ ᠤᠯᠠᠭᠠᠨᠬᠠᠳᠠ ᠬᠤᠲᠠ ᠶᠢᠨ ᠮᠣᠩᠭᠤᠯ ᠤᠷᠠᠨ ᠪᠢᠴᠢᠯᠭᠡᠳᠡᠳ ᠤᠨ | ᠨᠡᠶᠢᠭᠡᠮᠯᠢᠭ ᠤᠨ ᠭᠡᠰᠢᠭᠦᠨ᠂ ᠪᠠᠭᠠᠷᠢᠨ ᠪᠠᠷᠠᠭᠤᠨ ᠬᠤᠰᠢᠭᠤᠨ ᠤ ᠮᠣᠩᠭᠤᠯ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠲᠡᠷᠢᠭᠦᠯᠡᠭᠴᠢ᠂ ᠨᠠᠷᠠᠲᠤ ᠦᠵᠦᠭ | ᠪᠢᠴᠢᠯᠭᠡᠲᠡᠨ ᠮᠠᠩᠯᠠᠶᠢᠪᠠᠶᠠᠷ ᠲᠤᠰᠬᠠᠢ ᠤᠷᠢᠭᠳᠠᠭᠰᠠᠨ ᠡᠷᠳᠡᠮᠲᠡᠨ ᠪᠠᠭᠰᠢ ᠲᠠᠢ ᠨᠢᠭᠲᠠ ᠬᠠᠮᠵᠢᠯᠴᠠᠨ᠂ ᠥᠪ ᠰᠣᠶᠣᠯ ᠤᠨ ᠲᠠᠯᠠᠰ ᠪᠣᠯᠣᠭᠰᠠᠨ ᠮᠣᠩᠭᠤᠯ ᠤᠷᠠᠨ | ᠪᠢᠴᠢᠯᠭᠡ ᠪᠠᠷ ᠲᠡᠮᠳᠡᠭᠯᠡᠭᠰᠡᠨ ᠲᠡᠣᠬᠡᠨ ᠰᠤᠳᠤᠷ ᠪᠢᠴᠢᠭ ᠢ ᠳᠡᠯᠭᠡᠨ ᠲᠠᠨᠢᠯᠴᠠᠭᠤᠯᠵᠤ᠂ ᠬᠤᠯᠤᠰᠤᠨ ᠦᠵᠦᠭ ᠪᠢᠴᠢᠯᠭᠡ ᠶᠢ ᠰᠤᠷᠴᠤ ᠪᠣᠯᠪᠠᠰᠤᠷᠠᠬᠤ ᠦᠨᠳᠦᠰᠦᠨ | ᠮᠡᠳᠡᠯᠭᠡ ᠠᠷᠭ᠎ᠠ ᠤᠬᠠᠭᠠᠨ ᠢ ᠲᠠᠶᠢᠯᠪᠦᠷᠢᠯᠡᠨ ᠬᠢᠴᠢᠶᠡᠯᠯᠡᠵᠦ᠂ ᠮᠣᠩᠭᠤᠯ ᠬᠢᠲᠠᠳ ᠬᠤᠶᠠᠷ ᠳᠦᠷᠦᠯ ᠤᠨ ᠦᠰᠦᠭ ᠪᠢᠴᠢᠭ ᠢᠶᠠᠷ ᠵᠡᠷᠭᠡᠪᠡᠷ ᠤᠷᠠᠨ ᠪᠢᠴᠢᠯᠭᠡ | ᠰᠤᠷᠴᠤ ᠪᠣᠯᠪᠠᠰᠤᠷᠠᠨ ᠪᠦᠲᠦᠭᠡᠯ ᠲᠤᠭᠤᠷᠪᠢᠬᠤ ᠶᠢ ᠰᠠᠨᠠᠭᠠᠴᠢᠯᠠᠭᠰᠠᠨ ᠨᠢ ᠣᠯᠠᠨ ᠪᠦᠭᠦᠳᠡ ᠶᠢᠨ ᠤᠷᠠᠨ ᠪᠢᠴᠢᠯᠭᠡ᠂ ᠰᠣᠶᠣᠯ ᠤᠨ ᠬᠠᠮᠲᠤ ᠶᠢᠨ ᠴᠣᠭᠴᠠ ᠶᠢᠨ | ᠤᠬᠠᠮᠰᠠᠷ ᠤᠨ ᠲᠤᠬᠠᠢ ᠲᠠᠨᠢᠯᠳᠡ ᠶᠢ ᠤᠷᠢᠳᠤ ᠡᠮᠦᠨ᠎ᠡ ᠦᠭᠡᠢ ᠨᠢᠭᠡᠨ ᠭᠡᠮᠵᠢᠶᠡᠨ ᠤ ᠨᠢᠭᠡᠳᠦᠭᠰᠡᠨ ᠳᠡᠭᠡᠭᠰᠢᠯᠡᠯᠲᠡ ᠲᠠᠢ ᠪᠣᠯᠭᠠᠵᠠᠢ᠃ | | | | | | | | ᠭᠤᠷᠪᠠᠨ ᠡᠳᠦᠷ ᠤᠨ ᠪᠣᠯᠪᠠᠰᠣᠷᠡᠯ ᠤᠨ ᠪᠦᠬᠦ ᠶᠠᠪᠣᠴᠨ ᠳᠤ᠂ ᠪᠠᠭᠠᠷᠢᠨ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ | ᠲᠡᠷᠢᠭᠦᠯᠡᠭᠴᠢ ᠰᠠᠷᠠᠭᠤᠯ ᠪᠤᠯᠪᠠᠰᠤᠷᠠᠯ ᠢ ᠪᠠᠶᠠᠳᠠᠨ ᠵᠢᠭᠠᠨ ᠵᠢᠯᠣᠭᠤᠳᠴᠣ᠂ ᠤᠷᠠᠨ ᠪᠢᠴᠢᠯᠭᠡᠳᠡᠳ ᠲᠠᠢ ᠬᠠᠮᠳᠣ ᠬᠢᠴᠢᠶᠠᠯ ᠲᠠᠶᠢᠯᠣᠮᠵᠢ ᠰᠣᠨᠣᠰᠣᠨ᠂ ᠪᠠᠭᠠᠷᠢᠨ | ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠠᠴᠠ ᠭᠤᠣᠯᠯᠠᠨ ᠬᠠᠮᠢᠶᠠᠷᠴᠤ ᠪᠦᠬᠦᠢ ᠪᠠᠭᠠᠷᠢᠨ ᠪᠠᠷᠠᠭᠤᠨ ᠬᠤᠰᠢᠭᠤᠨ ᠤ ᠮᠤᠩᠭᠤᠯ ᠤᠷᠠᠨ ᠪᠢᠴᠢᠯᠭᠡ | ᠶᠢᠨ ᠵᠤᠬᠢᠶᠠᠨ ᠪᠦᠲᠦᠭᠡᠬᠦ ᠰᠠᠭᠤᠷᠢᠨ ᠤ ᠬᠠᠷᠢᠭᠤᠴᠠᠯᠭᠠᠳᠠᠳ᠂ ᠮᠣᠩᠭᠤᠯ ᠣᠷᠡᠨ ᠪᠢᠴᠢᠯᠭᠡᠳᠡᠳ ᠤᠨ ᠨᠡᠶᠢᠭᠡᠮᠯᠢᠭ ᠨᠢ ᠪᠣᠯᠪᠠᠰᠣᠷᠡᠯ ᠢ ᠨᠠᠷᠢᠨ ᠪᠠᠶᠢᠷᠢᠯᠠᠭᠤᠯᠵᠣ᠂ | ᠨᠢᠮᠪᠠᠢ ᠦᠢᠯᠡᠴᠢᠯᠡᠭᠰᠡᠨ ᠪᠥᠭᠡᠳ ᠪᠠᠭᠠᠷᠢᠨ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠼᠠᠢ ᠶᠦᠩ ᠬᠤᠢ ᠪᠣᠯᠪᠠᠰᠤᠷᠠᠯ ᠤᠨ | ᠠᠬᠤᠢ ᠲᠠᠯᠠᠪᠠᠢ ᠳᠤ ᠭᠦᠨᠵᠡᠭᠡᠶᠢᠷᠡᠵᠦ᠂ ᠤᠷᠠᠨ ᠪᠦᠲᠦᠭᠡᠯᠭᠡ ᠬᠢᠵᠦ ᠪᠠᠶᠢᠭ᠎ᠠ ᠪᠥᠬᠦ ᠪᠠᠭᠰᠢ ᠰᠤᠷᠤᠯᠭᠠᠲᠠᠨ ᠨᠡᠷ ᠢ ᠬᠠᠯᠠᠮᠵᠢᠯᠠᠨ ᠵᠣᠷᠢᠭᠵᠢᠭᠤᠯᠤᠭᠰᠠᠨ ᠢᠶᠠᠷ ᠲᠣᠰ | ᠣᠳᠠᠭᠠᠨ ᠤ ᠪᠣᠯᠪᠠᠰᠣᠷᠡᠯ ᠨᠢ ᠮᠠᠰᠢ ᠳᠦᠭᠦᠷᠡᠩ ᠲᠡᠭᠦᠰ ᠠᠮᠵᠢᠯᠳᠡ ᠲᠠᠢ᠂ ᠲᠡᠭᠦᠯᠳᠡᠷ ᠬᠦᠰᠡᠯ ᠢᠲᠡᠭᠡᠯ ᠲᠠᠢ ᠬᠠᠪᠤᠷ ᠨᠠᠨᠳᠢᠨ ᠠᠵᠢᠯᠯᠠᠭᠠᠨ ᠪᠣᠯᠣᠯ᠎ᠠ᠃ ︵ | ᠬᠦᠭᠡᠳᠠᠪᠠᠯᠭᠠᠨ ᠰᠡᠬᠦᠳᠡᠷᠯᠡᠨ ᠮᠡᠳᠡᠬᠡᠯᠡᠪᠡ︶ | | | | | |