| | | | ᠬᠦᠳᠡᠭᠡ ᠲᠤᠰᠬᠤᠨ ᠳᠤ ᠠᠪᠴᠦ ᠬᠡᠯᠡᠪᠡᠯ ᠶᠠᠭᠤᠨ ᠤ ᠣᠷᠢᠳ ᠣᠳᠣᠬᠢᠴᠢᠯᠠᠬᠰᠠᠨ ᠮᠠᠯᠵᠢᠬᠤ ᠲᠠᠷᠢᠶᠠᠯᠠᠬᠤ ᠣᠶᠢᠯᠡᠳᠪᠤᠷᠢᠯᠡᠯ ᠡᠷᠬᠢᠯᠡᠵᠦ ᠣᠷᠣᠯᠭ᠎ᠠ ᠪᠠᠨ | ᠨᠡᠮᠡᠭᠳᠡᠬᠦᠯᠬᠦ ᠪᠤᠯ ᠠᠵᠦ ᠠᠬᠤᠢ ᠶᠢᠨ ᠬᠦᠭᠵᠢᠯᠳᠡ ᠶᠢᠨ ᠴᠢᠬᠤᠯᠠ ᠨᠢᠬᠡᠨ ᠠᠯᠬᠤᠮ ᠪᠤᠯᠬᠤ ᠶᠤᠮ᠃ ᠪᠠᠭᠠᠷᠢᠨ ᠲᠠᠯ᠎ᠠ ᠨᠤᠳᠤᠭ ᠲᠤ ᠤᠬᠠᠭᠠᠨ ᠵᠤᠷᠢᠭ ᠡᠷᠴᠢᠳᠦ | ᠬᠦᠳᠡᠯᠮᠦᠷᠢ ᠶᠢᠨ ᠬᠦᠴᠦᠨ ᠳᠤ ᠣᠳᠣᠬᠢᠴᠢᠯᠠᠬᠰᠠᠨ ᠮᠠᠯ ᠠᠵᠦ ᠠᠬᠤᠢ ᠶᠢᠨ ᠡᠵᠡᠩᠨᠡᠯᠳᠡ ᠡᠷᠬᠢᠯᠡᠵᠦ ᠶᠠᠪᠤᠭ᠎ᠠ ᠬᠦᠮᠤᠰ ᠡᠳᠣᠷ ᠠᠴᠠ ᠡᠳᠣᠷ ᠣᠯᠠᠰᠢᠷᠠᠵᠦ ᠪᠠᠶᠢᠨ᠎ᠠ᠃ | | | | | | ᠡᠪᠤᠯ ᠤᠨ ᠡᠬᠢᠨ ᠢᠶᠠᠷ ᠮᠠᠨ ᠤ ᠰᠣᠷᠪᠤᠯᠵᠢᠯᠠᠭ᠎ᠠ ᠬᠦᠳᠡᠭᠡ ᠲᠤᠰᠬᠤᠨ ᠤ ᠮᠠᠯᠵᠢᠬᠤ ᠣᠶᠢᠯᠡᠳᠪᠤᠷᠢᠯᠡᠯ ᠢ ᠣᠶᠢᠯᠠᠭᠠᠬᠤ ᠢᠶᠠᠷ ᠬᠡᠰᠡᠭ ᠮᠠᠯᠴᠢᠨ | ᠲᠠᠷᠢᠶᠠᠴᠢᠳ ᠢ ᠰᠣᠷᠪᠤᠯᠵᠢᠯᠠᠬᠤ ᠪᠠᠷ ᠠᠶᠠᠨ ᠤ ᠵᠢᠯᠤᠭᠤ ᠰᠣᠩᠭᠠᠯᠠ᠃ ᠪᠠᠭᠠᠷᠢᠨ ᠪᠠᠷᠠᠭᠤᠨ ᠬᠤᠰᠢᠭᠤᠨ ᠤ ︽ᠰᠠᠶᠢᠨ᠎ᠠ︾ ᠦᠷᠡᠰ ᠮᠠᠯ ᠲᠡᠵᠢᠬᠡᠨ ᠦᠷᠡᠵᠢᠬᠦᠯᠬᠦ | ᠲᠠᠷᠢᠶᠠᠯᠠᠩ ᠮᠠᠯ ᠠᠵᠦ ᠠᠬᠤᠢ ᠶᠢᠨ ᠲᠤᠰᠬᠠᠢ ᠬᠤᠷᠰᠢᠶᠠᠵᠢᠯ ᠪᠤᠯ ᠮᠠᠨ ᠤ ᠰᠣᠷᠪᠤᠯᠵᠢᠯᠠᠭ᠎ᠠ ᠶᠢᠨ ᠠᠩᠬᠠᠨ ᠤ ᠦᠷᠳᠡᠭᠡ ᠪᠠᠶᠢᠵᠦ᠂ ᠪᠢᠳᠡᠨ ᠢ ᠬᠦᠷᠬᠦ ᠳᠤ | ᠬᠤᠷᠰᠢᠶᠠᠵᠢᠯ ᠤᠨ ᠲᠠᠭᠠᠭᠠᠮᠠᠯ ᠴᠢᠩᠳᠡᠯᠡᠢ ᠬᠤᠯᠠ ᠣᠶᠢᠷ᠎ᠠ ᠠᠴᠠ ᠬᠦᠷᠦᠯᠴᠡᠨ ᠢᠷᠡᠭᠰᠡᠨ ᠮᠠᠯᠴᠢᠨ ᠲᠠᠷᠢᠶᠠᠴᠢᠳ ᠲᠤ ᠰᠢᠯᠢᠳᠡᠭ ᠡᠬᠦᠯᠳᠡᠷ ᠤᠨ ᠬᠤᠨᠢ ᠶᠢ | ᠶᠠᠭᠠᠬᠢᠵᠦ ᠠᠷᠠᠴᠢᠯᠠᠵᠦ ᠲᠡᠵᠢᠬᠡᠬᠦ ᠲᠤᠬᠠᠢ ᠠᠷᠭ᠎ᠠ ᠲᠤᠷᠰᠢᠯᠭ᠎ᠠ ᠪᠠᠨ ᠲᠠᠨᠢᠯᠴᠠᠭᠤᠯᠵᠦ ᠪᠠᠶᠢᠬᠤ ᠲᠠᠢ ᠲᠠᠭᠠᠷᠠᠯᠳᠣᠯᠠ᠃ | | | | | ︽ᠰᠠᠶᠢᠨ᠎ᠠ︾ ᠦᠷᠡᠰ ᠮᠠᠯ ᠲᠡᠵᠢᠬᠡᠨ ᠦᠷᠡᠵᠢᠬᠦᠯᠬᠦ ᠲᠠᠷᠢᠶᠠᠯᠠᠩ ᠮᠠᠯ ᠠᠵᠦ ᠠᠬᠤᠢ ᠶᠢᠨ ᠲᠤᠰᠬᠠᠢ ᠬᠤᠷᠰᠢᠶᠠᠵᠢᠯ ᠨᠢ 2014 ᠣᠨ ᠳᠤ ᠠᠩᠬ᠎ᠠ | ᠪᠠᠶᠢᠭᠤᠯᠤᠬᠳᠠᠬᠤ ᠦᠶ᠎ᠡ ᠳᠤ ᠨᠤᠳᠤᠭ ᠤᠨ ᠬᠤᠨᠢ ᠮᠠᠯᠵᠢᠬᠤ ᠢᠶᠠᠷ ᠭᠤᠤᠯᠳᠠᠯᠭ᠎ᠠ ᠪᠤᠯᠭᠠᠵᠦ ᠪᠠᠶᠢᠬᠰᠠᠨ ᠢᠶᠠᠨ ᠬᠤᠵᠢᠮ ᠨᠢ ᠬᠠᠰᠢᠶᠠᠯᠠᠨ ᠮᠠᠯᠵᠢᠬᠤ ᠪᠠ ᠠᠵᠦ | ᠠᠬᠤᠢ ᠶᠢᠨ ᠦᠷ᠎ᠡ ᠠᠰᠢᠭ ᠢ ᠬᠦᠢᠴᠡᠳ ᠪᠤᠳᠣᠯᠬᠢᠯᠠᠵᠦ ᠰᠦᠷᠦᠭ ᠤᠨ ᠪᠦᠳᠦᠴᠡ ᠳᠤ ᠲᠤᠬᠢᠷᠠᠭᠤᠯᠤᠯᠳᠠ ᠬᠢᠵᠦ᠂ ᠰᠢᠯᠢᠳᠡᠭ ᠡᠬᠦᠯᠳᠡᠷ ᠤᠨ ᠬᠤᠨᠢ ᠲᠡᠵᠢᠬᠡᠵᠦ | ᠡᠬᠢᠯᠡᠭᠰᠡᠨ ᠶᠤᠮ᠃ ᠲᠤᠰ ᠬᠤᠷᠰᠢᠶᠠᠵᠢᠯ ᠪᠠᠶᠢᠭᠤᠯᠤᠬᠳᠠᠬᠰᠠᠨ ᠨᠢ ᠬᠤᠯᠠ ᠣᠶᠢᠷ᠎ᠠ ᠶᠢᠨ ᠮᠠᠯᠴᠢᠨ ᠲᠠᠷᠢᠶᠠᠴᠢᠳ ᠤᠨ ᠲᠤᠭᠤᠷᠢᠨ ᠰᠣᠷᠣᠯᠴᠠᠬᠤ ᠴᠡᠭ ᠪᠤᠯᠵᠦ᠂ | ᠰᠢᠨᠵᠢᠯᠡᠬᠦ ᠣᠬᠠᠭᠠᠨᠴᠢ ᠲᠡᠵᠢᠬᠡᠨ ᠠᠷᠠᠴᠢᠯᠠᠬᠤ ᠮᠡᠷᠭᠡᠵᠢᠯ ᠡᠵᠡᠮᠰᠢᠳᠡᠭ ᠠᠴᠠ ᠭᠠᠳᠠᠨ᠎ᠠ ᠰᠢᠯᠢᠳᠡᠭ ᠡᠬᠦᠯᠳᠡᠷ ᠤᠨ ᠡᠭᠡ ᠮᠠᠯ ᠪᠤᠶᠤ ᠦᠷᠡᠰ ᠮᠠᠯ ᠬᠤᠳᠠᠯᠳᠣᠨ | ᠠᠪᠴᠦ ᠪᠤᠯᠳᠠᠭ ᠠᠴᠠ ᠬᠤᠷᠰᠢᠶᠠᠵᠢᠯ ᠪᠤᠯᠤᠨ ᠮᠠᠯᠴᠢᠨ ᠲᠠᠷᠢᠶᠠᠴᠢᠳ ᠬᠠᠷᠢᠯᠴᠠᠨ ᠠᠰᠢᠭ ᠬᠦᠷᠳᠡᠬᠦ ᠲᠤᠬᠢᠳᠡᠢ ᠨᠦᠬᠦᠴᠡᠯ ᠢ ᠪᠦᠷᠢᠯᠳᠦᠬᠦᠯᠵᠦ ᠴᠢᠳᠠᠬᠰᠠᠨ | ᠪᠠᠶᠢᠨ᠎ᠠ᠃ ᠲᠡᠳᠡ ᠰᠢᠯᠢᠳᠡᠭ ᠡᠬᠦᠯᠳᠡᠷ ᠤᠨ ᠬᠤᠨᠢ ᠶᠢ ᠲᠤᠷᠰᠢᠨ ᠲᠡᠵᠢᠬᠡᠭᠡᠳ ᠠᠵᠦ ᠠᠬᠤᠢ ᠶᠢᠨ ᠦᠷ᠎ᠡ ᠠᠰᠢᠭ ᠰᠠᠶᠢᠳᠡᠢ ᠪᠤᠯᠤᠬᠰᠠᠨ ᠨᠢ ᠰᠠᠭᠤᠷᠢ ᠪᠦᠳᠦᠭᠡᠨ | ᠪᠠᠶᠢᠭᠤᠯᠤᠯᠳᠠ ᠶᠢ ᠰᠠᠶᠢᠳᠣᠷ ᠬᠢᠵᠦ᠂ ᠣᠯᠠᠮᠵᠢᠯᠠᠯ ᠢᠶᠠᠷ ᠰᠠᠭᠤᠷᠢᠯᠠᠨ ᠰᠢᠨᠵᠢᠯᠡᠬᠦ ᠣᠬᠠᠭᠠᠨᠴᠢ ᠲᠡᠵᠢᠬᠡᠨ ᠠᠷᠠᠴᠢᠯᠠᠬᠤ ᠠᠷᠭ᠎ᠠ ᠣᠬᠠᠭᠠᠨ ᠢ ᠣᠶᠠᠯᠳᠣᠭᠤᠯᠵᠦ᠂ ᠮᠠᠯ | ᠤᠨ ᠠᠰᠢᠭ ᠰᠢᠮ᠎ᠠ ᠶᠢᠨ ᠪᠤᠷᠤᠯᠠᠭᠤᠯᠭ᠎ᠠ ᠶᠢᠨ ᠵᠠᠮ ᠢ ᠤᠨᠤᠪᠴᠢᠳᠡᠢ ᠡᠵᠡᠮᠳᠡᠭᠰᠡᠨ ᠳᠤ ᠪᠠᠶᠢᠨ᠎ᠠ᠃ | | | | | ᠣᠯᠠᠨ ᠤ ᠮᠡᠳᠡᠭᠡᠵᠢ ᠪᠠᠷ ᠨᠠᠮᠤᠷ ᠤᠨ ᠣᠯᠠᠷᠢᠯ ᠪᠤᠯ ᠮᠠᠯ ᠤᠨ ᠠᠷᠠᠯᠵᠢᠶᠠᠨ ᠤ ᠶᠠᠭᠠᠷᠠᠯᠳᠡᠢ ᠴᠠᠭ ᠦᠶ᠎ᠡ ᠪᠠᠶᠢᠵᠦ᠂ ᠡᠬᠦᠯᠳᠡᠷ ᠤᠨ ᠬᠤᠪᠢ ᠳᠤ ᠠᠪᠴᠦ | ᠬᠡᠯᠡᠪᠡᠯ ᠶᠠᠩᠵᠦ ᠪᠦᠷᠢ ᠶᠢᠨ ᠬᠤᠨᠢ ᠠᠷᠠᠯᠵᠢᠶᠠᠯᠠᠳᠠᠭ ᠣᠯᠠᠷᠢᠯ ᠲᠤᠯᠠ ᠬᠤᠨᠢᠨ ᠤ ᠦᠨ᠎ᠡ ᠬᠠᠩᠰᠢ ᠴᠤ ᠵᠤᠬᠢᠬᠤ ᠬᠠᠷᠢᠴᠠᠯ ᠢᠶᠠᠷ ᠪᠠᠭᠤᠷᠠᠳᠠᠭ ᠶᠤᠮ᠃ ᠬᠡᠳᠡᠯ᠎ᠡ | ᠪᠤᠷᠣᠡᠣᠰᠣ ᠭᠠᠴᠠᠭ᠎ᠠ ᠪᠤᠯ ᠪᠤᠷᠤᠡᠣᠰᠣ ᠪᠠᠯᠭᠠᠰᠣᠨ ᠤ ᠪᠠᠨ ᠲᠦᠪ ᠲᠠᠢ ᠵᠠᠯᠭᠠᠯᠳᠣᠵᠦ᠂ 305 ᠣᠯᠤᠰ ᠤᠨ ᠵᠠᠮ ᠤᠨ ᠪᠠᠷᠠᠭᠤᠨ ᠬᠠᠪᠢ ᠪᠠᠷ ᠪᠠᠶᠢᠷᠢᠯᠠᠬᠰᠠᠨ | ᠠᠴᠠ ᠮᠠᠯ ᠤᠨ ᠵᠠᠬ᠎ᠠ ᠲᠡᠯᠬᠡᠬᠦᠷ ᠤᠨ ᠪᠤᠷᠤᠯᠠᠭᠤᠯᠭ᠎ᠠ ᠶᠢᠨ ᠵᠠᠮ ᠨᠡᠪᠳᠡᠷᠡᠯᠬᠡ ᠲᠦᠬᠦᠮ ᠪᠠᠶᠢᠳᠠᠭ᠃ ︽ᠰᠠᠶᠢᠨ᠎ᠠ︾ ᠬᠤᠷᠰᠢᠶᠠᠵᠢᠯ ᠤᠨ ᠰᠠᠭᠤᠷᠢ ᠪᠦᠳᠦᠭᠡᠨ | ᠪᠠᠶᠢᠭᠤᠯᠤᠯᠳᠠ ᠶᠢᠨ ᠶᠡᠷᠣᠩᠭᠡᠢ ᠲᠠᠯᠠᠪᠠᠢ ᠨᠢ 40 ᠮᠥ ᠪᠠᠶᠢᠵᠦ᠂ 6000 ᠢᠯᠡᠬᠦᠦ ᠲᠡᠭᠰᠢ ᠲᠦᠷᠪᠡᠯᠵᠢᠨ ᠣᠳᠣᠬᠢᠴᠢᠯᠠᠬᠰᠠᠨ ᠮᠠᠯ ᠤᠨ ᠬᠠᠰᠢᠶ᠎ᠠ ᠰᠠᠷᠠᠪᠴᠢ ᠲᠠᠢ | ᠪᠦᠬᠡᠳ ᠲᠡᠭᠡᠷ᠎ᠡ ᠨᠢ ᠪᠠᠰᠠ1000 ᠢᠯᠡᠬᠦᠦ ᠲᠡᠭᠰᠢ ᠲᠦᠷᠪᠡᠯᠵᠢᠨ ᠮᠧᠲᠷ ᠤᠨ ᠰᠢᠨ᠎ᠡ ᠮᠠᠶ᠋ᠢᠭ ᠤᠨ ᠬᠠᠰᠢᠶ᠎ᠠ ᠰᠠᠷᠠᠪᠴᠢ ᠪᠠᠶᠢᠭᠤᠯᠵᠦ ᠪᠠᠶᠢᠨ᠎ᠠ᠃ ᠡᠳᠡᠨᠡᠶᠢᠬᠢᠨ | ᠬᠤᠨᠢ ᠲᠡᠵᠢᠬᠡᠵᠦ ᠪᠠᠶᠢᠭ᠎ᠠ ᠬᠠᠰᠢᠶ᠎ᠠ ᠬᠦᠷᠢᠶ᠎ᠡ ᠶᠢᠨ ᠢᠶᠠᠨ ᠠᠷᠢᠭᠤᠨ ᠴᠡᠪᠡᠷ ᠢ ᠰᠠᠶᠢᠳᠣᠷ ᠠᠩᠬᠠᠷᠴᠦ᠂ ᠴᠡᠪᠡᠷ ᠴᠡᠮᠴᠡᠬᠡᠷ ᠣᠷᠴᠢᠨ ᠲᠤᠭᠤᠷᠢᠨ ᠨᠢ ᠬᠦᠮᠤᠰ ᠤᠨ | ᠠᠩᠬᠠᠷᠣᠯ ᠢ ᠳᠠᠳᠠᠯᠢ᠂ ᠬᠤᠷᠰᠢᠶᠡᠵᠢᠯ ᠡᠷᠬᠢᠯᠡᠬᠦ ᠪᠠᠰᠠ ᠨᠢᠭᠡᠨ ᠰᠣᠷᠣᠯᠴᠠᠬᠤ ᠲᠠᠯ᠎ᠠ ᠪᠤᠯᠵᠦ ᠪᠠᠶᠢᠯ᠎ᠡ᠃ ᠠᠳᠡ ᠣᠳᠣᠬᠠᠨ ᠳᠤ 1600 ᠭᠠᠷᠣᠢ ᠡᠬᠡ ᠮᠠᠯ ᠪᠤᠶᠤ | ᠦᠷᠡᠰ ᠮᠠᠯ ᠲᠡᠵᠢᠬᠡᠵᠦ ᠪᠠᠶᠢᠬᠤ ᠮᠦᠷᠳᠡᠬᠡᠨ ᠵᠠᠬ᠎ᠠ ᠲᠡᠯᠬᠡᠬᠦᠷ ᠲᠡᠭᠡᠷ᠎ᠡ ᠶᠠᠮᠠᠷ ᠡᠬᠦᠯᠳᠡᠷ ᠤᠨ ᠬᠤᠨᠢ ᠦᠨ᠎ᠡ ᠬᠠᠩᠰᠢ ᠨᠢ ᠦᠨᠳᠣᠷ ᠪᠤᠯ ᠲᠡᠷᠡ ᠡᠬᠦᠯᠳᠡᠷ ᠢ | ᠰᠣᠩᠭᠤᠵᠦ ᠮᠠᠯᠵᠢᠬᠤ ᠶᠢ ᠠᠩᠬᠠᠷᠴᠦ ᠂ ᠲᠠᠷᠠᠭᠠᠴᠢ ᠶᠢᠨ ᠠᠯᠬᠤᠮ ᠳᠤ ᠳ᠋ᠦ᠋ ᠮᠧᠩ ᠬᠤᠨᠢ ᠪᠤᠯᠤᠨ ᠰᠠ ᠹᠦ᠋ ᠺᠡ ᠬᠤᠨᠢ ᠶᠢ ᠡᠷᠯᠢᠰᠵᠢᠬᠦᠯᠥᠨ ︽ᠲᠠᠯ᠎ᠠ ᠨᠤᠳᠤᠭ | ᠤᠨ ᠲᠠᠨ᠎ᠠ ᠰᠣᠪᠤᠳ︾ ᠬᠡᠮᠡᠭᠳᠡᠭᠰᠡᠨ ᠰᠢᠯᠢᠳᠡᠭ ᠡᠬᠦᠯᠳᠡᠷ ᠤᠨ ᠬᠤᠷᠠᠭ᠎ᠠ ᠲᠤᠰᠴᠦ᠂ ᠨᠤᠳᠤᠭ ᠤᠨ ᠮᠠᠯᠴᠢᠳ ᠤᠨ ᠢᠶᠠᠨ ᠡᠶᠢᠮᠦᠷᠬᠦ ᠬᠤᠷᠠᠭ᠎ᠠ ᠶᠢ ᠦᠨᠳᠣᠷ | ᠦᠨ᠎ᠡ ᠪᠠᠷ ᠬᠤᠳᠠᠯᠳᠣᠨ ᠠᠪᠴᠦ ᠪᠤᠷᠳᠣᠬᠤ ᠵᠡᠷᠭᠡ ᠪᠦᠳᠦᠮᠵᠢᠳᠡᠢ ᠠᠷᠭ᠎ᠠ ᠵᠠᠮ ᠢ ᠨᠡᠭᠡᠭᠡᠵᠦ᠂ ᠮᠢᠬᠠᠨ ᠬᠤᠨᠢ ᠲᠡᠵᠢᠬᠡᠨ ᠦᠷᠡᠵᠢᠬᠦᠯᠬᠦ ᠲᠠᠯ᠎ᠠ ᠪᠠᠷ ᠰᠢᠨ᠎ᠡ ᠶᠢ | ᠡᠬᠦᠳᠦᠭᠰᠡᠨ ᠦᠪᠡᠷᠮᠢᠴᠡ ᠤᠨᠴᠠᠯᠢᠭ ᠲᠠᠢ ᠬᠤᠷᠰᠢᠶᠠᠵᠢᠯ ᠡᠷᠬᠢᠯᠡᠬᠦ ᠶᠢ ᠪᠡᠶᠡᠯᠡᠬᠦᠯᠵᠦ ᠪᠠᠶᠢᠨ᠎ᠠ᠃ ᠲᠤᠰ ᠬᠤᠷᠰᠢᠶᠠᠵᠢᠯ ᠢ ᠪᠤᠷᠤᠡᠣᠰᠣ ᠪᠠᠯᠭᠠᠰᠣ ᠶᠢᠨ ᠪᠤᠷᠤᠡᠣᠰᠣ | ᠭᠠᠴᠠᠭ᠎ᠠ ᠶᠢᠨ ᠵᠢᠷᠭᠤᠭᠠᠨ ᠡᠷᠦᠬᠡ᠂ ᠭᠠᠴᠠᠭᠠᠨ ᠤ ᠪᠠᠭ ᠤᠨ ᠬᠢᠨ ᠲᠠᠢ ᠬᠠᠮᠳᠣᠷᠠᠨ ᠪᠠᠶᠢᠭᠤᠯᠵᠦ᠂ ᠴᠢᠩᠳᠡᠯᠡᠢ ᠪᠦᠬᠦ ᠠᠵᠢᠯ ᠢ ᠬᠠᠷᠢᠭᠤᠴᠠᠵᠦ ᠪᠠᠶᠢᠨ᠎ᠠ᠃ | | | | | ᠪᠢᠳᠠ ︽ᠰᠠᠶᠢᠨ᠎ᠠ︾ ᠲᠠᠷᠢᠶᠠᠯᠠᠩ ᠮᠠᠯ ᠠᠵᠦ ᠠᠬᠤᠢ ᠶᠢᠨ ᠲᠠᠭᠠᠭᠠᠮᠠᠯ ᠴᠢᠩᠳᠡᠯᠡᠢ ᠶᠢᠨ ᠬᠢᠨ ᠠᠴᠠ ᠮᠤᠷᠳᠠᠵᠦ ᠬᠤᠶᠠᠳᠠᠬᠢ ᠦᠷᠳᠡᠭᠡ ᠪᠤᠯᠬᠤ | ᠪᠠᠶᠠᠠᠳᠠᠯ᠎ᠠ ᠰᠣᠮᠤ ᠶᠢᠨ ᠪᠠᠯᠠᠠᠨᠠᠭᠤᠷ ᠭᠠᠴᠠᠭᠠᠨ ᠤ ᠮᠠᠯᠴᠢᠨ ᠪᠠᠳᠣᠪᠢᠯᠢᠭ᠌ ᠤᠨ ᠬᠡᠷ ᠵᠦᠭ ᠠᠶᠠᠨ ᠤ ᠵᠢᠯᠤᠭᠤ ᠰᠣᠩᠭᠠᠯᠠ᠃ ᠬᠠᠰᠢᠷ ᠮᠠᠯᠴᠢᠨ ᠪᠠᠳᠣᠪᠢᠯᠢᠭ᠌ ᠴᠤ | ᠴᠢᠩᠳᠡᠯᠠᠢ ᠲᠠᠢ ᠠᠳᠠᠯᠢ ᠪᠠᠷ ᠪᠠᠭᠠᠷᠢᠨ ᠪᠠᠷᠠᠭᠤᠨ ᠬᠤᠰᠢᠭᠤᠨ ᠤ ᠮᠠᠯ ᠠᠵᠦ ᠠᠬᠤᠢ ᠶᠢᠨ ᠲᠤᠪᠴᠢᠶ᠎ᠠ ᠶᠢᠨ ᠲᠦᠷᠦᠯ ᠵᠦᠢᠯ ᠤᠨ ᠲᠡᠮᠵᠢᠯᠭᠡ ᠲᠠᠢ ᠣᠯᠠᠭᠠᠠᠴᠠᠪ | ᠬᠤᠳᠠ ᠶᠢᠨ ᠲᠦᠷᠪᠡᠳ ᠬᠤᠰᠢᠭᠤ ᠠᠴᠠ100 ᠳ᠋ᠦ᠋ ᠮᠧᠩ ᠡᠬᠦᠯᠳᠡᠷ ᠤᠨ ᠡᠬᠡ ᠮᠠᠯ ᠣᠷᠤᠭᠤᠯᠤᠭᠠᠳ ᠪᠠᠶᠢᠯ᠎ᠠ᠃ | ᠪᠠᠳᠣᠪᠢᠯᠢᠭ᠌ ᠭᠤᠸᠡᠢ ᠣᠶᠢᠷ᠎ᠠ ᠶᠢᠨ ᠵᠢᠯ ᠠᠴᠠ ᠬᠤᠰᠢᠭᠤᠨ ᠤ ᠮᠠᠯ ᠤᠨ ᠡᠬᠦᠯᠳᠡᠷ ᠰᠠᠶᠢᠵᠢᠷᠠᠭᠤᠯᠬᠤ ᠦᠷᠳᠡᠭᠡ ᠶᠢᠨ ᠬᠠᠮᠢᠶ᠎ᠡ ᠪᠦᠬᠦᠢ ᠮᠠᠷᠭᠡᠵᠢᠯᠳᠡᠨ ᠲᠠᠢ | ᠬᠠᠷᠢᠴᠵᠦ᠂ ᠰᠢᠨᠵᠢᠯᠡᠬᠦ ᠤᠬᠠᠭᠠᠨᠴᠢ ᠰᠢᠨ᠎ᠡ ᠠᠷᠭ᠎ᠠ ᠮᠠᠷᠭᠡᠵᠢᠯ ᠢ ᠠᠰᠢᠬᠯᠠᠨ ᠬᠤᠨᠢᠨ ᠤ ᠡᠬᠦᠯᠳᠡᠷ ᠢ ᠰᠠᠶᠢᠵᠢᠷᠠᠭᠤᠯᠤᠭᠠᠳ᠂ ᠣᠬᠤᠷᠬᠠᠨ ᠬᠤᠭᠤᠴᠠᠭᠠᠨ ᠳᠤ | ᠦᠨᠳᠣᠷ ᠦᠷ᠎ᠡ ᠠᠰᠢᠭ ᠣᠯᠬᠤ ᠵᠤᠷᠢᠯᠭ᠎ᠠ ᠳᠤ ᠪᠠᠨ ᠬᠦᠷᠴᠦ ᠴᠢᠳᠠᠬᠰᠠᠨ ᠡᠷᠦᠬᠡ ᠶᠢᠨ ᠨᠢᠬᠡ ᠨᠢ ᠪᠤᠯᠵᠠᠢ᠃ | | | | | ᠪᠠᠭᠠᠷᠢᠨ ᠪᠠᠷᠠᠭᠤᠨ ᠬᠤᠰᠢᠭᠤ ᠨᠢ ᠣᠳᠣᠬᠢᠴᠢᠯᠠᠬᠰᠠᠨ ᠮᠠᠯ ᠠᠵᠦ ᠠᠬᠤᠢ ᠶᠢᠨ ᠡᠷᠡᠬᠦᠯ ᠢᠶᠠᠷ ᠭᠦᠭᠵᠢᠬᠦ ᠶᠢ ᠠᠬᠢᠭᠤᠯᠬᠤ ᠶᠢᠨ ᠲᠦᠯᠥᠬᠡ ᠲᠡᠭᠡᠳᠦ | ᠲᠡᠰ ᠤᠨ ᠮᠠᠰᠢᠨ ᠲᠦᠬᠦᠬᠡᠷᠣᠮᠵᠢ ᠶᠢ ᠣᠷᠣᠭᠤᠯᠤᠨ ᠮᠠᠯ ᠤᠨ ᠡᠪᠡᠳᠴᠢᠨ ᠬᠡᠮ ᠢ ᠤᠨᠤᠪᠴᠢᠳᠡᠢ ᠳᠣᠳᠣᠯᠠᠵᠦ᠂ ᠡᠮᠨᠡᠨ ᠵᠠᠰᠠᠭᠠᠳ ᠠᠮᠵᠢᠯᠳᠠ ᠣᠯᠵᠦ ᠪᠠᠶᠢᠭ᠎ᠠ | ᠶᠢ ᠰᠣᠷᠪᠤᠯᠵᠢᠯᠠᠬᠤ ᠪᠠᠷ ᠭᠤᠷᠪᠡᠳᠡᠬᠢ ᠦᠷᠳᠡᠭᠡ ᠪᠤᠯᠬᠤ ᠪᠠᠭᠠᠷᠢᠨ ᠪᠠᠷᠠᠭᠤᠨ ᠬᠤᠰᠢᠭᠤᠨ ᠤ ︽ᠲᠦᠯ ᠤᠨ ᠲᠠᠭᠤᠨ︾ ᠲᠠᠷᠢᠶᠠᠯᠠᠩ ᠮᠠᠯ ᠠᠵᠦ ᠠᠬᠤᠢ ᠶᠢᠨ | ᠬᠢᠵᠠᠭᠠᠷᠳᠦ ᠬᠠᠷᠢᠭᠤᠴᠠᠯᠭᠠᠳᠣ ᠺᠤᠮᠫᠠᠨᠢ ᠳᠤ ᠬᠦᠷᠬᠦ ᠳᠤ ᠺᠤᠮᠫᠠᠨᠢ ᠶᠢᠨ ᠲᠠᠭᠠᠭᠠᠮᠠᠯ ᠮᠦᠩᠭᠡᠪᠢᠯᠢᠭ ᠭᠤᠸᠡᠢ ᠱᠠᠪᠢ ᠨᠠᠷ ᠲᠠᠢ ᠪᠠᠨ ᠲᠡᠭᠡᠳᠦ ᠲᠡᠰ ᠤᠨ ᠮᠠᠰᠢᠨ | ᠲᠦᠬᠦᠭᠡᠷᠣᠮᠵᠢ ᠶᠢ ᠠᠰᠢᠬᠯᠠᠨ ᠦᠬᠡᠷ ᠤᠨ ᠲᠠᠮᠤᠷ ᠣᠳᠠᠰᠣ ᠢᠳᠡᠭᠰᠡᠨ ᠢ ᠪᠠᠶᠢᠴᠠᠭᠠᠨ ᠳᠣᠳᠣᠯᠠᠬᠰᠠᠨ ᠤ ᠳ᠋ᠦᠩ ᠲᠤ ᠲᠠᠷᠣᠶᠢᠬᠠᠨ ᠮᠠᠰᠠ ᠵᠠᠰᠡᠯ ᠬᠢᠬᠦ ᠪᠠᠷ | ᠪᠡᠯᠡᠳᠭᠡᠵᠦ ᠪᠠᠶᠢᠬᠤ ᠲᠠᠢ ᠲᠠᠭᠠᠷᠠᠯᠳᠣᠯᠠ᠃ ᠲᠤᠰ ᠺᠤᠮᠫᠠᠨᠢ ᠨᠢ ᠣᠷᠴᠢᠮ ᠤᠨ ᠵᠢᠯ ᠠᠴᠠ ᠦᠬᠡᠷ ᠬᠤᠨᠢᠨ ᠤ ᠡᠬᠦᠯᠳᠡᠷ ᠰᠠᠶᠢᠵᠢᠷᠠᠭᠤᠯᠬᠤ ᠠᠵᠢᠯ ᠤᠨ ᠲᠠᠯ᠎ᠠ ᠳᠤ | ᠠᠮᠵᠢᠯᠳᠠ ᠡᠬᠦᠳᠴᠦ᠂ ᠬᠤᠯᠡ ᠣᠶᠢᠷ᠎ᠠ ᠶᠢᠨ ᠮᠠᠯᠴᠢᠨ ᠲᠠᠷᠢᠶᠠᠴᠢᠳ ᠤᠨ ᠬᠠᠯᠠᠭᠤᠨ ᠬᠦᠷᠢᠶᠡᠯᠡᠯ ᠢ ᠣᠯᠵᠦ᠂ ᠪᠠᠭᠠᠷᠢᠨ ᠵᠡᠬᠦᠨ ᠬᠤᠰᠢᠭᠤ᠂ ᠣᠩᠨᠢᠭᠤᠳ | ᠬᠤᠰᠢᠭᠤ᠂ ᠰᠢᠯᠢ ᠶᠢᠨ ᠭᠤᠤᠯ ᠠᠶᠢᠮᠠᠭ ᠤᠨ ᠵᠡᠬᠦᠨ ᠦᠵᠦᠮᠦᠴᠢᠨ ᠬᠤᠰᠢᠭᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ | ᠣᠯᠠᠭᠠᠨᠮᠤᠳᠣ ᠵᠡᠷᠭᠡ ᠭᠠᠵᠠᠷ ᠢᠶᠠᠷ ᠮᠠᠷᠭᠡᠵᠢᠯ ᠤᠨ ᠣᠶᠢᠯᠡᠴᠢᠯᠡᠭᠡ ᠬᠦᠷᠬᠡᠵᠦ᠂ ᠬᠦᠷᠢᠶ᠎ᠡ ᠬᠡᠪᠴᠢᠶ᠎ᠠ ᠪᠠᠷ ᠮᠠᠰᠢ ᠦᠷᠭᠡᠨ ᠨᠢᠬᠡᠨ ᠮᠠᠯ ᠠᠵᠦ ᠠᠬᠤᠢ ᠶᠢᠨ | ᠣᠶᠢᠯᠡᠴᠢᠯᠡᠬᠡᠨ ᠤ ᠺᠤᠮᠫᠠᠨᠢ ᠪᠤᠯᠤᠬᠰᠠᠨ ᠶᠤᠮ᠃ | | | | | ᠪᠠᠭᠠᠷᠢᠨ ᠪᠠᠷᠠᠭᠤᠨ ᠬᠤᠰᠢᠭᠤ ᠨᠢ ᠮᠠᠯ ᠠᠵᠦ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ ᠬᠦᠷᠢᠶᠡᠯᠡᠩ | ᠲᠣᠭᠤᠷᠢᠭ᠂ ᠪᠦᠯᠦᠭᠯᠡᠯ᠂ ᠠᠭᠤᠰᠤᠯᠴᠠᠯ︾ ᠤᠨ ᠲᠤᠭᠤᠷᠢᠨ ᠳᠤ ︽ᠲᠡᠵᠢᠭᠡᠬᠦ ᠶᠢᠨ ᠲᠥᠯᠥᠭᠡ ᠳᠠᠷᠢᠬᠤ᠂ ᠲᠠᠷᠢᠬᠤ ᠶᠢᠨ ᠲᠥᠯᠥᠭᠡ ᠲᠡᠵᠢᠬᠡᠬᠦ᠂ ᠲᠠᠷᠢᠶᠠᠯᠠᠩ | ᠮᠠᠯ ᠠᠵᠤ ᠠᠬᠤᠶ ᠶᠢ ᠤᠶᠠᠯᠳᠤᠭᠤᠯᠬᠤ︾ ᠬᠥᠭᠵᠢᠯᠲᠡ ᠶᠢᠨ ᠰᠠᠭᠤᠷᠢᠨ ᠳᠤ᠂ ︽ᠲᠤᠷᠰᠢᠯᠲᠠ ᠶᠢᠨ ᠴᠡᠭ ᠢ ᠤᠷᠢᠳᠠᠪᠠᠷ ᠬᠡᠷᠡᠭᠵᠢᠭᠦᠯᠬᠦ᠂ ᠭᠤᠤᠯᠳᠠᠯᠭ᠎ᠠ ᠲᠠᠢ | ᠠᠳᠬᠤᠬᠤ᠂ ᠨᠡᠶᠢᠳᠡᠮ ᠳᠠᠶᠢᠴᠢᠯᠠᠬᠤ᠂ ᠦᠷᠭᠡᠨ ᠢᠶᠠᠷ ᠳᠡᠯᠭᠡᠷᠡᠭᠦᠯᠬᠦ︾ ᠰᠡᠳᠬᠢᠴᠡ ᠶᠢᠨ ᠶᠣᠰᠣᠭᠠᠷ᠂ ᠬᠦᠳᠡᠭᠡ ᠠᠵᠤ ᠦᠢᠯᠡᠰ ᠤᠨ ᠬᠦᠭᠵᠢᠯᠳᠡ ᠶᠢᠨ | ᠰᠢᠰᠲ᠋ᠧᠮ ᠤᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠲᠠᠢ ᠰᠠᠭᠤᠷᠢ ᠲᠥᠬᠦᠭᠡᠷᠦᠮᠵᠢ ᠶᠢ ᠢᠵᠢ | ᠪᠦᠷᠢᠳᠦᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠲᠡᠬᠦᠯᠳᠡᠷᠵᠢᠬᠦᠯᠥᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠵᠦ ᠪᠠᠶᠢᠨ᠎ᠠ᠃ ︵ᠭᠠᠩᠪᠠᠭᠠᠳᠣᠷ ᠮᠡᠳᠡᠭᠡᠯᠡᠪᠡ︶ | | | |