| | | | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ | ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠡᠳᠦᠭᠡ ︽ᠤᠯᠠᠭᠠᠨᠬᠠᠳᠠ ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾ | ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 8 ᠰᠠᠷ᠎ᠠ ᠶᠢᠨ 27 ᠤ ᠡᠳᠦᠷ | ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠤᠯᠠᠭᠠᠨᠬᠠᠳᠠ ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ | ᠠᠵᠢᠯᠯᠠᠭ᠎ᠠ ᠶᠢᠨ ᠲᠥᠰᠦᠯ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠬᠥᠭᠵᠢᠭᠡᠵᠦ᠂ ᠵᠠᠰᠠᠭ ᠤᠨ ᠣᠷᠳᠣᠨ ᠨᠠᠩ ᠦᠨᠡᠨᠴᠢ ᠢᠲᠡᠭᠡᠮᠵᠢᠲᠡᠶ᠂ ᠠᠵᠤ ᠠᠬᠤᠶᠢᠯᠠᠯ ᠨᠠᠩ ᠲᠠᠭᠠᠯᠠᠮᠵᠢᠲᠠᠶ᠂ ᠠᠵᠢᠯ ᠶᠠᠪᠤᠳᠠᠯ ᠭᠦᠢᠴᠡᠳᠭᠡᠬᠦ ᠳᠤ ᠨᠠᠩ ᠥᠨᠳᠥᠷ | ᠪᠦᠲᠦᠮᠵᠢᠲᠡᠶ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠬᠡᠪ ᠳᠠᠭᠤᠷᠢᠶᠠᠯ ᠬᠤᠲᠠ ᠶᠢ ᠪᠣᠶ ᠪᠣᠯᠭᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠲᠡᠷᠢᠭᠦᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠪᠠᠶᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ︽ᠠᠵᠢᠯ ᠶᠠᠪᠤᠳᠠᠯ ᠬᠦᠢᠴᠡᠳᠬᠡᠬᠦ ᠳᠤ ᠨᠠᠩ ᠥᠨᠳᠥᠷ ᠪᠦᠲᠦᠮᠵᠢᠲᠡᠶ ᠪᠠᠶᠢᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ | ᠪᠣᠶ ᠪᠣᠯᠭᠠᠬᠤ ᠬᠡᠷᠡᠭᠲᠡᠢ᠃ | ︵ᠨᠢᠭᠡ︶ ᠰᠠᠭᠤᠷᠢ ᠨᠠᠷᠢᠨ ᠬᠠᠭᠤᠳᠠᠰᠦ ᠶᠢᠨ ᠳᠦᠷᠢᠮ ᠢᠶᠠᠷ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠠᠬᠢᠭᠤᠯᠬᠤ ᠬᠡᠷᠡᠭᠲᠡᠢ᠃ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ᠂ ᠵᠠᠭᠤᠴᠢ ᠦᠢᠯᠡᠴᠢᠯᠡᠭᠡᠨ ᠤ ᠵᠦᠢᠯᠡᠰ ᠤᠨ | ᠨᠠᠷᠢᠨ ᠬᠠᠭᠤᠳᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠵᠦ ᠨᠡᠶᠢᠲᠡᠯᠡᠬᠦ ᠠᠵᠢᠯ ᠢ ᠠᠬᠢᠭᠤᠯᠬᠤ ᠬᠡᠷᠡᠭᠲᠡᠢ᠃ | ᠡᠷᠬᠡ ᠶᠢᠨ ᠵᠦᠢᠯᠡᠰ ᠢ ᠪᠠᠭᠠᠰᠬᠠᠨ ᠳᠣᠷᠣᠭᠰᠢ ᠪᠠᠭᠤᠯᠭᠠᠵᠤ᠂ ᠪᠥᠬᠦ ᠬᠤᠲᠠ ᠶᠢᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠳᠤ ᠬᠤᠯᠪᠣᠭᠳᠠᠭᠰᠠᠨ | ᠵᠠᠭᠤᠴᠢ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ | ᠦᠢᠯᠡᠴᠢᠯᠡᠭᠡᠨ ᠤ ᠭᠤᠭᠴᠤᠭ᠎ᠠ᠂ ᠭᠦᠢᠴᠡᠳᠭᠡᠬᠦ ᠮᠠᠲ᠋ᠧᠷᠢᠶᠠᠯ ᠵᠢᠴᠢ ᠴᠠᠭ ᠤᠨ ᠬᠢᠵᠠᠭᠠᠷ ᠢ ᠪᠠᠭᠠᠰᠬᠠᠬᠤ ᠶᠢ ᠠᠬᠢᠭᠤᠯᠬᠤ ᠬᠡᠷᠡᠭᠲᠡᠢ᠃ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯ ᠤᠨ ᠪᠦᠬᠦ ᠬᠦᠴᠦᠨ ᠵᠦᠢᠯ ᠢ ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ | ᠠᠵᠢᠯᠯᠠᠭ᠎ᠠ ᠶᠢᠨ ᠨᠢᠭᠡᠳᠦᠯᠲᠡᠶ ᠵᠢᠷᠤᠮᠵᠢᠯ ᠢ ᠪᠠᠶᠢᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠦᠬᠦ ᠶᠠᠪᠤᠴᠠ ᠶᠢ ᠰᠦᠯᠵᠢᠶ᠎ᠡ ᠪᠠᠷ | ᠭᠦᠢᠴᠡᠳᠭᠡᠬᠦ ᠪᠠ ᠴᠠᠭ ᠲᠤᠬᠠᠢ ᠳᠤ ᠨᠢ ᠭᠦᠢᠴᠡᠳᠭᠡᠬᠦ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠪᠠᠷᠢᠮᠵᠢᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠭᠡᠳ ᠳ᠋ᠡᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠬᠤᠶᠠᠷ︶ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠡᠶᠡᠯᠡᠭᠦᠯᠬᠦ︾ ᠶᠢ ᠠᠬᠢᠭᠤᠯᠬᠤ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ | ︽ᠨᠢᠭᠡ ᠶᠠᠪᠤᠳᠠᠯ︾ ᠤᠨ ᠲᠤᠬᠠᠶ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ | ᠴᠤᠪᠤᠷᠠᠯ ᠢ ᠰᠢᠯᠢᠳᠡᠭᠵᠢᠭᠦᠯᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠠᠭᠤᠰᠤᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠤᠪᠢ ᠬᠥᠮᠦᠨ ᠲᠥᠷᠥᠭᠰᠡᠨ ᠠᠴᠠ ᠨᠠᠰᠤ ᠪᠠᠷᠠᠲᠠᠯ᠎ᠠ᠂ ᠠᠵᠤ ᠠᠬᠤᠶᠢᠯᠠᠯ ᠪᠠᠶᠢᠭᠤᠯᠤᠭᠳᠠᠭᠰᠠᠨ ᠠᠴᠠ ᠬᠦᠴᠦᠨ ᠥᠬᠡᠶ ᠪᠣᠯᠲᠠᠯ᠎ᠠ᠂ ᠲᠥᠷᠥᠯ ᠵᠦᠢᠯ ᠭᠡᠷ᠎ᠡ | ᠲᠣᠭᠲᠠᠬᠤ ᠠᠴᠠ ᠠᠰᠢᠭᠯᠠᠯᠲᠠ ᠳᠤ ᠣᠷᠣᠭᠤᠯᠬᠤ ᠬᠦᠷᠲᠡᠯᠡᠬᠢ ᠭᠤᠷᠪᠠᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠲᠣᠭᠤᠷᠢᠨ ᠳᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠭᠤᠤᠯ ᠰᠡᠳᠦᠪᠲᠦ ᠬᠡᠯᠪᠡᠷᠢ᠂ ᠰᠢᠰᠲ᠋ᠧᠮᠲᠦ ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠤᠯᠤᠰ ᠠᠴᠠ ᠨᠡᠶᠢᠲᠡᠯᠡᠭᠰᠡᠨ | 21 ᠵᠦᠢᠯ᠂ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ 3 ᠵᠦᠢᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠰᠦᠯᠵᠢᠶᠡᠨ | ᠳᠡᠭᠡᠷ᠎ᠡ ᠰᠢᠢᠳᠪᠦᠷᠢᠯᠡᠭᠰᠡᠨ ᠰᠠᠭᠤᠷᠢᠨ ᠳᠡᠭᠡᠷ᠎ᠡ᠂ ︽N︾ ᠲᠣᠭᠠᠨ ᠤ ᠮᠠᠨ ᠤ ᠬᠤᠲᠠ ᠶᠢᠨ ᠣᠨᠴᠠᠯᠢᠭ ᠲᠠᠢ ︽ᠨᠢᠭᠡ ᠶᠠᠪᠤᠳᠠᠯ︾ ᠢ ᠭᠠᠷᠭᠠᠬᠤ ᠬᠡᠷᠡᠭᠲᠡᠢ᠃ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠬᠠᠮᠵᠢᠯᠴᠠᠨ ᠦᠢᠯᠡᠴᠢᠯᠡᠬᠦ ᠲᠣᠭᠲᠠᠴᠠ ᠶᠢ ᠴᠢᠩᠭᠠᠷᠠᠭᠤᠯᠵᠤ᠂ ᠭᠥᠯᠢᠶᠡᠨ ᠠᠪᠴᠤ ᠰᠢᠢᠳᠪᠦᠷᠢᠯᠡᠬᠦ | ᠶᠡᠷᠦᠩᠬᠡᠶᠢᠯᠡᠭᠰᠡᠨ ᠴᠣᠩᠬᠤᠪᠴᠢ ᠶᠢᠨ ᠬᠠᠷᠢᠴᠠᠯ ᠢ 80% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠢᠭᠡᠳ ᠳ᠋ᠡᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ | ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠤᠲᠠ ᠶᠢᠨ ᠵᠡᠮᠳᠡᠭᠴᠦᠳ ᠤᠨ ᠬᠤᠯᠪᠣᠭ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠭᠤᠷᠪᠠ︶ ᠠᠮᠠᠯᠠᠯᠲᠠ ᠪᠠᠨ ᠮᠡᠳᠡᠭᠳᠡᠬᠦ᠂ ᠳᠤᠲᠠᠭᠤ ᠶᠢ ᠪᠠᠭᠲᠠᠭᠠᠬᠤ ᠶᠢ ᠬᠦᠯᠢᠶᠡᠨ ᠠᠪᠴᠤ ᠰᠢᠢᠳᠪᠦᠷᠢᠯᠡᠬᠦ ᠵᠦᠢᠯᠡᠰ ᠤᠨ ᠬᠠᠮᠤᠷᠬᠤ ᠬᠡᠪᠴᠢᠶ᠎ᠡ ᠶᠢ | ᠥᠷᠭᠡᠳᠬᠡᠬᠦ ᠬᠡᠷᠡᠭᠲᠡᠢ᠃ ᠡᠯ᠎ᠡ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠦᠭᠰᠢᠭᠦᠷᠢ ᠶᠢ ᠡᠵᠡᠮᠳᠡᠵᠦ ᠪᠣᠯᠬᠤ᠂ | ᠪᠤᠷᠤᠭᠤ ᠶᠢ ᠵᠠᠯᠠᠷᠠᠭᠤᠯᠬᠤ ᠥᠪᠡᠷ ᠤᠨ ᠥᠷᠲᠡᠭ ᠨᠢ ᠳᠣᠤᠷ᠎ᠠ ᠮᠥᠷᠲᠡᠭᠡᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠪᠠᠷ ᠳᠠᠮᠵᠢᠭᠤᠯᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ ᠳᠡᠶᠢᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠵᠦ᠂ ᠪᠥᠬᠦ | ᠬᠤᠲᠠ ᠳᠤ 100 ᠵᠦᠢᠯ ᠠᠴᠠ ᠳᠤᠲᠠᠭᠤ ᠥᠬᠡᠶ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠵᠦ᠂ 300 ᠵᠦᠢᠯ ᠠᠴᠠ ᠳᠤᠲᠠᠭᠤ ᠥᠬᠡᠶ ᠵᠦᠢᠯᠡᠰ ᠢ ᠭᠥᠯᠢᠶᠡᠨ ᠠᠪᠴᠤ | ᠰᠢᠢᠳᠪᠦᠷᠢᠯᠡᠬᠦ ᠶᠢ ᠬᠡᠷᠡᠭᠵᠢᠭᠦᠯᠦᠨ᠎ᠡ᠃ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠳᠬᠠᠵᠤ᠂ ᠦᠢᠯᠡᠴᠢᠯᠡᠬᠦ ᠡᠲᠡᠭᠡᠳ ᠤᠨ ᠠᠮᠠᠯᠠᠯᠲᠠ ᠪᠠ ᠭᠡᠷ᠎ᠡ ᠪᠠᠨ ᠭᠦᠢᠴᠡᠳᠬᠡᠭᠰᠡᠨ ᠮᠡᠳᠡᠭᠡ ᠵᠠᠩᠭᠢ ᠶᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ | ᠬᠦᠷᠲᠡᠬᠦ ᠲᠠᠪᠴᠠᠩ ᠳᠤ ᠬᠠᠮᠲᠤᠪᠠᠷ ᠬᠦᠷᠲᠡᠬᠦ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠲᠦᠷᠪᠡ︶ ᠨᠡᠩ ᠣᠯᠠᠨ ᠵᠦᠢᠯᠡᠰ ᠢ ᠮᠤᠵᠢ ᠠᠯᠤᠰᠯᠠᠨ ᠨᠡᠶᠢᠳᠡᠮ ᠭᠦᠢᠴᠡᠳᠬᠡᠬᠦ᠂ ᠪᠥᠬᠦ ᠣᠷᠣᠨ ᠳᠤ ᠨᠡᠶᠢᠳᠡᠮ ᠭᠦᠢᠴᠡᠳᠭᠡᠬᠦ ᠵᠢᠴᠢ ᠬᠤᠲᠠ ᠶᠢᠨ | ᠬᠡᠪᠴᠢᠶᠡᠨ ᠳᠤ ᠨᠡᠶᠢᠳᠡᠮ ᠭᠦᠢᠴᠡᠳᠭᠡᠬᠦ ᠶᠢ ᠠᠬᠢᠭᠤᠯᠬᠤ ᠬᠡᠷᠡᠭᠲᠡᠢ᠃ ᠨᠢᠭᠡ ᠴᠤᠭᠴᠠᠵᠢᠭᠤᠯᠤᠭᠰᠠᠨ ᠲᠠᠪᠴᠠᠩ ᠳᠤ ᠲᠦᠰᠢᠭᠯᠡᠨ᠂ ᠣᠨᠳᠣᠤ ᠭᠠᠵᠠᠷ ᠤᠨ ᠵᠦᠢᠯᠡᠰ ᠢ | ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠭᠡᠬᠦ ᠶᠢ ᠪᠡᠶᠡᠯᠡᠭᠦᠯᠵᠦ᠂ ᠰᠦᠯᠵᠢᠶᠡᠨ ᠠᠴᠠ ᠭᠠᠳᠠᠨᠠᠬᠢ ᠣᠷᠣᠯᠠᠨ ᠬᠤᠷᠢᠶᠠᠵᠤ ᠣᠷᠣᠯᠠᠨ ᠭᠦᠢᠴᠡᠳᠭᠡᠬᠦ | ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠦᠨ᠂ ᠭᠥᠯᠢᠶᠡᠨ ᠠᠪᠬᠤ᠂ ᠭᠦᠢᠴᠡᠳᠭᠡᠬᠦ ᠬᠤᠶᠠᠷ ᠭᠠᠵᠠᠷ ᠤᠨ ᠴᠣᠩᠬᠤᠪᠴᠢ ᠶᠢᠨ ᠬᠠᠮᠵᠢᠯᠴᠠᠨ ᠬᠠᠮᠲᠤᠷᠠᠨ | ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠣᠷᠣᠯᠠᠨ ᠬᠤᠷᠢᠶᠠᠵᠤ ᠣᠷᠣᠯᠠᠨ ᠭᠦᠢᠴᠡᠳᠭᠡᠬᠦ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠬᠤ ᠬᠡᠷᠡᠭᠲᠡᠢ᠃ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠤᠰᠬᠠᠶ | ᠣᠷᠣᠨ ᠤ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ︽ᠮᠤᠵᠢ ᠠᠯᠤᠰᠯᠠᠨ | ᠨᠡᠶᠢᠳᠡᠮ ᠭᠦᠢᠴᠡᠳᠭᠡᠬᠦ︾ ᠲᠤᠰᠬᠠᠶ ᠣᠷᠣᠨ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠲᠠᠢ | ᠬᠠᠮᠵᠢᠯᠴᠠᠨ ᠥᠨᠳᠥᠷ ᠲᠠᠪᠳᠠᠮᠵᠢᠳᠤ 150 ᠵᠦᠢᠯ ᠤᠨ ᠵᠦᠢᠯᠡᠰ ᠢ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ 1400 ᠵᠦᠢᠯᠡᠰ ᠢ | ᠸᠢᠳᠢᠤ᠋ ᠪᠠᠷ ᠲᠤᠰᠠᠯᠠᠬᠤ ᠰᠢᠰᠲ᠋ᠧᠮ ᠢᠶᠠᠷ ᠳᠠᠮᠵᠢᠭᠤᠯᠤᠨ ᠬᠤᠲᠠ ᠶᠢᠨ ᠬᠡᠪᠴᠢᠶᠡᠨ ᠳᠤ ᠨᠡᠶᠢᠳᠡᠮ ᠭᠦᠢᠴᠡᠳᠭᠡᠬᠦ ᠶᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ | ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶ ᠃ | ︵ᠲᠠᠪᠤ︶ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠣᠷᠣᠨ ᠤ ᠪᠦᠬᠦᠨ ᠢ ᠬᠠᠮᠤᠷᠬᠤ ᠶᠢ ᠲᠦᠷᠭᠡᠳᠬᠡᠬᠦ ᠬᠡᠷᠡᠭᠲᠡᠢ᠃ ᠤᠯᠠᠭᠠᠨᠬᠠᠳᠠ ᠬᠤᠲᠠ ᠶᠢᠨ | ᠲᠣᠰ ᠱᠠᠲᠤ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠠᠵᠤ ᠠᠬᠤᠶᠢᠯᠠᠯ ᠤᠨ ᠨᠢᠭᠡ | ᠥᠷᠲᠡᠭᠡ ᠮᠠᠶ᠋ᠢᠭ ᠤᠨ ᠦᠢᠯᠡᠴᠢᠯᠡᠭᠡᠨ ᠤ ᠲᠤᠰᠬᠠᠢ ᠲᠣᠭᠤᠷᠢᠭ︾ ᠪᠠᠶᠢᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠠᠵᠤ | ᠠᠬᠤᠶᠢᠯᠠᠯ ᠳᠤ ᠠᠰᠢᠭ ᠬᠦᠷᠲᠡᠭᠡᠬᠦ ᠡᠬᠢ ᠪᠠᠶᠠᠯᠢᠭ ᠢ ᠬᠤᠷᠠᠮᠳᠤᠭᠤᠯᠤᠨ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠤᠰᠢᠶᠠᠯᠲᠠᠳ ᠤᠨ ᠡᠩᠨᠡᠭᠡ ᠶᠢ | ᠵᠣᠬᠢᠶᠠᠨ ᠪᠠᠶᠢᠭᠤᠯᠵᠤ᠂ ᠲᠦᠷᠦᠭᠦᠦ ᠲᠥᠯᠥᠭᠡᠯᠡᠭᠴᠢ ᠶᠢᠨ ᠡᠭᠡᠯᠵᠢᠯᠡᠭᠦᠯᠬᠦ ᠳᠦᠷᠢᠮ ᠢ ᠪᠠᠶᠢᠭᠤᠯᠤᠨ᠎ᠠ᠃ ︽ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠬᠦ︾᠂ ︽ᠭᠤᠶᠤᠴᠢᠯᠠᠬᠤ ᠦᠭᠡᠢ ᠪᠠᠷ ᠡᠳ᠋ᠯᠡᠬᠦ︾ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ᠂ ᠬᠠᠪᠰᠤᠷᠤᠨ ᠰᠢᠢᠳᠪᠦᠷᠢᠯᠡᠵᠦ ᠣᠷᠣᠯᠠᠨ | ᠭᠦᠢᠴᠡᠳᠬᠡᠬᠦ᠂ ᠬᠤᠳᠠᠯᠳᠤᠭᠠᠨ ᠤ ᠶᠠᠪᠤᠳᠠᠯ ᠤᠨ ᠵᠥᠪᠳᠡᠯᠴᠡᠭᠡᠨ ᠤ ᠣᠶᠢᠯᠠᠭᠠᠯᠲᠠ᠂ ᠵᠠᠭᠠᠯᠳᠤᠯᠭ᠎ᠠ ᠶᠢ ᠰᠢᠢᠳᠪᠦᠷᠢᠯᠡᠬᠦ ᠣᠷᠣᠨ ᠵᠡᠷᠭᠡ ᠣᠷᠣᠨ ᠪᠦᠰᠡ ᠶᠢ ᠬᠤᠪᠢᠶᠠᠨ | ᠪᠠᠶᠢᠭᠤᠯᠵᠤ᠂ ᠠᠵᠤ ᠠᠬᠤᠶᠢᠯᠠᠯ ᠳᠤ ᠨᠡᠩ ᠣᠨᠣᠪᠴᠢᠲᠠᠢ᠂ ᠳᠥᠭᠦᠮ ᠳᠥᠲᠡ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠢ ︽ᠨᠢᠭᠡ ᠦᠷᠳᠡᠭᠡᠯᠢᠭ︾ | ᠦᠢᠯᠡᠴᠢᠯᠡᠭᠡ ᠬᠠᠩᠭᠠᠬᠤ ᠬᠡᠷᠡᠭᠲᠡᠢ᠃ ᠴᠢᠨᠠᠷᠵᠢᠭᠤᠯᠬᠤ ᠠᠵᠢᠯᠯᠠᠭᠠᠨ ᠢ ᠲᠦᠷᠭᠡᠳᠬᠡᠵᠦ᠂ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ | ᠲᠡᠭᠦᠯᠳᠡᠷᠵᠢᠭᠦᠯᠵᠦ᠂ ︽ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ᠂ ᠲᠦᠷᠭᠡᠨ ᠳᠠᠭᠠᠵᠤ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠭᠡᠬᠦ᠂ ᠥᠨᠳᠥᠷ | ᠪᠦᠲᠦᠮᠵᠢᠲᠡᠶ ᠦᠢᠯᠡᠴᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃ ︵ | ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ | ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ︶᠃ | ︵ᠵᠢᠷᠭᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠪᠠᠶᠠᠯᠢᠭᠵᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠪᠠ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠯᠠᠪᠳᠠᠭᠤᠨ ᠢᠶᠠᠷ ᠠᠬᠢᠭᠤᠯᠵᠤ᠂ ᠬᠤᠲᠠ᠂ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠳᠥᠷᠪᠡᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠢᠯᠢᠳᠡᠭᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠳ ᠨᠢᠭᠡᠳᠦᠯᠲᠡᠶ ᠬᠠᠮᠢᠶᠠᠷᠬᠤ ᠪᠠ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠶ ᠪᠣᠯᠭᠠᠵᠤ᠂ ᠭᠦᠢᠴᠡᠳᠬᠡᠬᠦ | ᠪᠠᠷᠢᠮᠵᠢᠶ᠎ᠠ ᠶᠢ ᠨᠢᠭᠡᠳᠦᠯᠲᠡᠶ᠂ ᠠᠵᠢᠯ ᠶᠠᠪᠤᠳᠠᠯ ᠭᠦᠢᠴᠡᠳᠬᠡᠬᠦ ᠲᠠᠪᠴᠠᠩ ᠢ ᠨᠢᠭᠡᠳᠦᠯᠲᠡᠶ᠂ ᠬᠢᠨᠠᠯᠲᠠ ᠲᠠᠯᠪᠢᠵᠤ ᠦᠨᠡᠯᠡᠬᠦ ᠶᠢ ᠨᠢᠭᠡᠳᠦᠯᠲᠡᠶ ᠪᠠᠶᠢᠯᠭᠠᠬᠤ ᠶᠢ | ᠠᠬᠢᠭᠤᠯᠬᠤ ᠬᠡᠷᠡᠭᠲᠡᠢ᠃ ᠨᠢᠭᠡ ᠪᠦᠯᠦᠭ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠪᠠ ᠬᠦᠷᠢᠶᠡᠯᠡᠩ ᠲᠣᠭᠤᠷᠢᠭ ᠤᠨ | ᠪᠠᠷᠢᠮᠵᠢᠶᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢ ᠥᠨᠳᠥᠷ ᠪᠠᠷᠢᠮᠵᠢᠶ᠎ᠠ ᠪᠠᠷ ᠪᠠᠶᠢᠭᠤᠯᠬᠤ ᠬᠡᠷᠡᠭᠲᠡᠢ᠃ ᠡᠷᠴᠢᠮ ᠢᠶᠠᠨ | ᠴᠢᠩᠭᠠᠷᠠᠭᠤᠯᠤᠨ ︽ᠵᠠᠰᠠᠭ ᠪᠠᠩᠬᠢ ᠶᠢᠨ ᠦᠢᠯᠡᠰ ᠤᠨ ᠬᠠᠮᠲᠤᠷᠠᠯᠴᠠᠭ᠎ᠠ︾ ᠶᠢᠨ ᠦᠢᠯᠡᠴᠢᠯᠡᠭᠡᠨ ᠤ ᠲᠣᠣᠷ ᠴᠡᠭ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ | ᠥᠪᠡᠰᠦᠪᠡᠨ ᠦᠢᠯᠡᠴᠢᠯᠡᠬᠦ ᠦᠵᠦᠭᠦᠷ ᠢ ᠬᠦᠷᠢᠶᠡᠯᠡᠩ ᠲᠣᠭᠤᠷᠢᠭ᠂ ᠠᠰᠠᠷ ᠪᠠᠶᠢᠰᠢᠩ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠣᠷᠣᠭᠤᠯᠬᠤ ᠶᠢ ᠲ᠊ | ᠠᠬᠢᠭᠤᠯᠬᠤ ᠬᠡᠷᠡᠭᠲᠡᠢ᠃︶ ᠪᠠᠩᠬᠢ ᠶᠢᠨ ᠲᠣᠤᠷ ᠴᠢᠭ ᠵᠡᠷᠭᠡ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠦ᠋ᠲ᠋ᠣ᠋ ᠦᠵᠦᠭᠦᠷ ᠢ ᠨᠢᠭᠡᠳᠦᠯᠲᠡᠶ ᠬᠠᠮᠢᠶᠠᠷᠬᠤ | ᠳᠦᠷᠢᠮ ᠵᠢᠴᠢ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠳᠤᠯᠤᠭ᠎ᠠ︶ ᠡᠯᠤᠺᠳ᠋ᠷᠤᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢᠨ ᠴᠤᠭᠯᠠᠷᠠᠯ ᠢ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ | ᠪᠤᠴᠠᠭᠠᠬᠤ ᠶᠣᠰᠣᠲᠠᠶ ᠶᠢ ᠨᠢ ᠪᠦᠬᠦᠨ ᠢ ᠪᠤᠴᠠᠭᠠᠬᠤ ᠵᠠᠷᠴᠢᠮ ᠶᠣᠰᠣᠭᠠᠷ᠂ ᠦᠯᠡᠳᠡᠭᠡᠯ ᠦᠨᠡᠮᠯᠡᠯ ᠤᠨ ᠲᠤᠭ᠎ᠠ ᠪᠠᠷᠢᠮᠲᠠ ᠶᠢ ᠰᠢᠰᠲ᠋ᠧᠮ ᠳᠤ ᠣᠷᠣᠭᠤᠯᠬᠤ ᠶᠢ | ᠲᠦᠷᠭᠡᠳᠬᠡᠵᠦ᠂ ᠰᠢᠨ᠎ᠡ ᠪᠠᠷ ᠪᠣᠶ ᠪᠣᠯᠤᠭᠰᠠᠨ ᠲᠤᠭ᠎ᠠ ᠪᠠᠷᠢᠮᠲᠠ ᠶᠢ ᠰᠢᠰᠲ᠋ᠧᠮ ᠳᠤ ᠵᠡᠷᠭᠡ ᠳᠤᠨᠢ ᠣᠷᠣᠭᠤᠯᠵᠤ᠂ ᠡᠯᠧᠺᠲᠷᠤᠨ ᠦᠨᠡᠮᠯᠡᠯ ᠤᠨ ᠲᠤᠭ᠎ᠠ ᠪᠠᠷᠢᠮᠲᠠ ᠶᠢᠨ | ᠲᠤᠭ᠎ᠠ ᠪᠠᠷᠢᠮᠲᠠ ᠵᠢᠴᠢ ᠦᠨᠡᠮᠯᠡᠯ ᠤᠨ ᠲᠥᠷᠥᠯ ᠬᠡᠯᠪᠡᠷᠢ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠯᠧᠺᠲᠷᠤᠨ ᠦᠨᠡᠮᠯᠡᠯ ᠢ ᠵᠠᠰᠠᠭ ᠤᠨ ᠶᠠᠪᠤᠳᠠᠯ ᠤᠨ | ᠦᠢᠯᠡᠴᠢᠯᠡᠭᠡ ᠳᠤ ᠬᠡᠷᠡᠭᠯᠡᠬᠦ ᠶᠢ ᠢᠳᠡᠪᠬᠢᠲᠡᠶ ᠥᠷᠭᠡᠳᠬᠡᠵᠦ᠂ ᠰᠦᠯᠵᠢᠶᠡᠨ ᠳᠡᠭᠡᠷᠡᠬᠢ ᠡᠯᠧᠺᠲᠷᠤᠨ ᠦᠨᠡᠮᠯᠡᠯ ᠤᠨ ᠬᠥᠮᠥᠷᠭᠡ ᠪᠤᠶᠤ ᠰᠦᠯᠵᠢᠶᠡᠨ ᠭᠠᠳᠠᠨᠠᠬᠢ | ᠡᠯᠤᠺᠳ᠋ᠷᠤᠨ ᠦᠨᠡᠮᠯᠡᠯ ᠢ ᠬᠢᠨᠠᠨ ᠰᠢᠯᠭᠠᠬᠤ ᠲᠤᠰᠬᠠᠶ ᠲᠣᠭᠤᠷᠢᠭ ᠢᠶᠠᠷ ᠳᠠᠮᠵᠢᠭᠤᠯᠤᠨ ᠬᠢᠨᠠᠨ ᠰᠢᠯᠭᠠᠭᠰᠠᠨ ᠦᠨᠡᠮᠯᠡᠯ ᠳᠤ ᠴᠥᠮ ︽ᠦᠨᠡᠮᠯᠡᠯ ᠦᠭᠡᠢ ᠭᠦᠢᠴᠡᠳᠬᠡᠬᠦ︾ | ᠶᠢ ᠬᠡᠷᠡᠭᠵᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠪᠠ ᠬᠠᠤᠯᠢ ᠶᠢᠨ ᠡᠷᠬᠡᠲᠡᠨ ᠤ ᠪᠤᠰᠤ ᠠᠵᠤ ᠠᠬᠤᠶᠢᠯᠠᠯ ᠤᠨ ᠡᠯᠤᠺᠳ᠋ᠷᠤᠨ ᠭᠠᠷ ᠤᠨ | ᠥᠰᠥᠭ ᠵᠢᠷᠤᠵᠤ ᠲᠠᠮᠠᠭ᠎ᠠ ᠳᠠᠷᠤᠬᠤ ᠶᠢ ᠶᠡᠬᠡᠪᠡᠷ ᠳᠡᠯᠭᠡᠷᠡᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠢᠭᠡᠳ ᠳ᠋ᠡᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠨᠠᠢᠮᠠ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠡᠯ᠎ᠡ ᠲᠥᠷᠥᠯ ᠤᠨ | ᠳ᠋ᠠᠶᠢᠲ᠋ᠠ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠬᠤᠷᠠᠮᠳᠤᠭᠤᠯᠵᠤ ᠬᠠᠮᠲᠤ ᠪᠠᠷ ᠡᠳ᠋ᠯᠡᠬᠦ ᠶᠢ ᠲᠦᠷᠭᠡᠳᠬᠡᠵᠦ᠂ ᠡᠯ᠎ᠡ ᠰᠠᠯᠠᠭ᠎ᠠ ᠮᠥᠴᠢᠷ ᠲᠠᠢ ᠬᠠᠮᠵᠢᠯᠴᠠᠨ | ᠲᠣᠰ ᠰᠠᠯᠠᠭ᠎ᠠ ᠮᠥᠴᠢᠷ ᠤᠨ ᠭᠤᠷᠪᠠᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠷᠢᠮᠵᠢᠶ᠎ᠠ ᠶᠣᠰᠣᠭᠠᠷ᠂ | ᠬᠥᠳᠡᠯᠦᠩᠭᠦᠶ ᠬᠠᠮᠢᠶᠠᠷᠤᠯᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠪᠠ ᠰᠢᠨᠡᠳᠬᠡᠬᠦ ᠲᠣᠭᠲᠠᠴᠠ ᠶᠢ ᠪᠠᠶᠢᠭᠤᠯᠵᠤ᠂ ᠳ᠋ᠠᠶᠢᠲ᠋ᠠ ᠶᠢ ᠴᠠᠭ | ᠲᠤᠬᠠᠶ ᠳᠤᠨᠢ ᠰᠢᠨᠡᠳᠬᠡᠵᠦ᠂ ᠭᠠᠷᠴᠠᠭ ᠵᠢᠴᠢ ᠡᠬᠢ ᠪᠠᠶᠠᠯᠢᠭ ᠤᠨ ᠳ᠋ᠠᠶᠢᠲ᠋ᠠ ᠶᠢᠨ ᠬᠡᠮᠵᠢᠶ᠎ᠡ᠂ ᠡᠬᠢ ᠪᠠᠶᠠᠯᠢᠭ ᠢ ᠬᠤᠯᠪᠤᠵᠤ ᠵᠠᠯᠭᠠᠬᠤ ᠨᠣᠷᠮ᠎ᠠ ᠵᠢᠴᠢ ᠰᠢᠯᠵᠢᠭᠦᠯᠦᠨ | ᠬᠡᠷᠡᠭᠯᠡᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠡᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠶᠢᠰᠦ︶ ᠵᠠᠬ᠎ᠠ ᠵᠡᠭᠡᠯᠢ ᠳᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠪᠠᠨ ᠳᠣᠭᠤᠭᠰᠢᠯᠠᠭᠤᠯᠬᠤ ᠬᠡᠷᠡᠭᠲᠡᠢ᠃ ︽ ᠴᠠᠭᠠᠵᠠᠯᠠᠬᠤ ᠥᠬᠡᠶ ᠪᠣᠯ ᠳᠠᠷᠤᠶ | ᠣᠷᠣᠭᠤᠯᠬᠤ︾ ᠵᠠᠷᠴᠢᠮ ᠶᠣᠰᠣᠭᠠᠷ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠣᠷᠣᠭᠤᠯᠬᠤ ᠶᠢ ᠲᠣᠳᠣᠷᠬᠠᠶ ᠴᠠᠭᠠᠵᠠᠯᠠᠭᠰᠠᠨ ᠥᠬᠡᠶ ᠦᠢᠯᠡᠴᠢᠯᠡᠭᠡᠨ ᠤ | ᠦᠢᠯᠡᠰ ᠤᠨ ᠠᠵᠢᠯ ᠲᠥᠷᠥᠯ ᠪᠠ ᠬᠦᠷᠢᠶ᠎ᠡ ᠴᠠᠷᠠᠭ᠎ᠠ ᠶᠢ ᠪᠦᠬᠦᠨ ᠢ ᠭᠠᠳᠠᠭᠠᠳᠤ ᠪᠡᠯᠡ ᠪᠠ ᠤᠯᠤᠰ ᠤᠨ ᠳᠣᠲᠣᠭᠠᠳᠤ ᠶᠢᠨ ᠠᠷᠠᠳ ᠤᠨ ᠬᠥᠷᠥᠩᠭᠡ ᠳᠤ ᠨᠡᠭᠡᠭᠡᠵᠦ᠂ | ᠳᠣᠲᠣᠭᠠᠳᠤ ᠭᠠᠳᠠᠭᠠᠳᠤ ᠪᠡᠯᠡ ᠪᠠ ᠲᠣᠰ ᠭᠠᠵᠠᠷ ᠣᠷᠣᠨ ᠤ ᠠᠵᠤ ᠠᠬᠤᠶᠢᠯᠠᠯ ᠳᠤ ᠠᠳᠠᠯᠢ ᠲᠡᠭᠰᠢ ᠣᠯᠭᠤᠮᠵᠢ ᠣᠯᠭᠤᠬᠤ ᠶᠢ ᠬᠡᠷᠡᠭᠵᠢᠭᠦᠯᠬᠦ ᠬᠡᠷᠡᠭᠲᠡᠢ᠃ ︽ᠪᠥᠬᠦ | ᠤᠯᠤᠰ ᠪᠠᠷ ᠵᠶᠡᠨ ᠨᠢᠭᠡ ᠨᠠᠷᠢᠨ ᠬᠠᠭᠤᠳᠠᠰᠤ︾ ᠶᠢᠨ ᠬᠠᠮᠢᠶᠠᠷᠤᠯᠲᠠ ᠶᠢᠨ ᠵᠠᠭᠪᠤᠷ ᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ ᠭᠦᠨᠵᠡᠭᠡᠶ ᠵᠢᠭᠰᠠᠭᠠᠨ ᠪᠠᠶᠢᠴᠠᠭᠠᠵᠤ᠂ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢ ᠨᠥᠯᠥᠭᠡᠯᠡᠵᠦ ᠪᠠᠶᠢᠭ᠎ᠠ ᠬᠢᠵᠠᠭᠠᠷᠯᠠᠬᠤ ᠴᠢᠨᠠᠷᠲᠠᠶ᠂ ᠰᠠᠭᠠᠳᠲᠤ ᠴᠢᠨᠠᠷᠲᠠᠶ᠂ ᠭᠠᠳᠠᠭᠤᠷᠴᠢᠯᠠᠬᠤ ᠴᠢᠨᠠᠷᠲᠠᠶ ᠲᠥᠷᠥ ᠶᠢᠨ ᠪᠣᠳᠣᠯᠭ᠎ᠠ ᠶᠢ | ᠪᠥᠬᠦ ᠲᠠᠯ᠎ᠠ ᠪᠠᠷ ᠢᠯᠭᠠᠷᠠᠭᠤᠯᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ | ︵ᠠᠷᠪᠠ︶ ᠠᠵᠤ ᠠᠬᠤᠶᠢᠯᠠᠯ ᠤᠨ ᠡᠯᠤᠺᠳ᠋ᠷᠤᠨ ᠲᠠᠩᠰᠠ ᠡᠪᠬᠡᠮᠡᠯ ᠢ ᠪᠥᠬᠦ ᠬᠤᠲᠠ ᠳᠤ ᠨᠡᠶᠢᠳᠡᠮ ᠪᠠᠶᠢᠴᠠᠭᠠᠬᠤ ᠠᠵᠢᠯ ᠢ ᠦᠷᠨᠢᠭᠦᠯᠬᠦ ᠬᠡᠷᠡᠭᠲᠡᠢ᠃ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠮᠠᠰᠢᠨ ᠢᠶᠠᠷ ᠤᠩᠰᠢᠬᠤ ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠣᠨᠳᠣᠣ ᠭᠠᠵᠠᠷ ᠲᠤ ᠪᠠᠶᠢᠴᠠᠭᠠᠨ ᠯᠠᠪᠯᠠᠬᠤ ᠠᠵᠢᠯ ᠢ | ᠡᠬᠢᠯᠡᠭᠦᠯᠵᠦ᠂ ᠪᠦᠬᠦ ᠬᠤᠲᠠ ᠶᠢᠨ ᠡᠯ᠎ᠡ ᠱᠠᠲᠤᠨ ᠤ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠳᠤ ᠳᠠᠩᠰᠠᠯᠠᠨ ᠲᠡᠮᠳᠡᠭᠯᠡᠬᠦ ᠵᠠᠬ᠎ᠠ ᠳᠡᠯᠭᠡᠭᠦᠷ ᠤᠨ ᠭᠤᠣᠯ ᠴᠣᠭᠴᠠ᠂ | ᠭᠤᠶᠤᠴᠢᠯᠠᠭᠴᠢ ︵ᠪᠠᠶᠢᠴᠠᠭᠠᠨ ᠠᠰᠠᠭᠤᠭᠴᠢ︶ ᠪᠥᠬᠦ ᠬᠤᠲᠠ ᠶᠢᠨ ᠳᠤᠷ᠎ᠠ ᠪᠠᠷ ᠢᠶᠠᠨ ᠳᠠᠩᠰᠠᠯᠠᠬᠤ ᠪᠠᠶᠢᠭᠤᠯᠭ᠎ᠠ ᠶᠢ ᠰᠣᠩᠭᠤᠨ ᠮᠡᠳᠡᠭᠡ ᠵᠠᠩᠭᠢ ᠤᠩᠰᠢᠭᠤᠯᠵᠤ᠂ | ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠮᠠᠰᠢᠨ ᠢᠶᠠᠷ ᠤᠩᠰᠢᠬᠤ ᠲᠠᠩᠰᠠ ᠡᠪᠬᠡᠮᠡᠯ ᠢ ᠪᠠᠶᠢᠴᠠᠭᠠᠨ ᠯᠠᠪᠯᠠᠵᠤ ᠣᠨᠳᠣᠤ ᠭᠠᠵᠠᠷ ᠲᠤ ᠭᠦᠶᠦᠬᠦ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ | ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶᠃ |