| | | | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠵᠥᠪᠯᠡᠯ ᠠᠯᠪᠠᠨ ᠭᠡᠷ | ᠲᠣᠪᠴᠢᠶ᠎ᠠ᠂ ᠲᠥᠪ ᠪᠠ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠡ ᠳᠤ᠄ | ᠡᠳᠦᠭᠡ ︽ᠤᠯᠠᠭᠠᠨᠬᠠᠳᠠ ᠬᠤᠲᠠ ᠶᠢᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠠᠵᠢᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠵᠤ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠳᠦᠭᠡᠢ᠃ | 2024 ᠣᠨ ᠤ 9 ᠰᠠᠷ᠎ᠠ ᠶᠢᠨ 30 ᠤ ᠡᠳᠦᠷ | ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠤᠯᠠᠭᠠᠨᠬᠠᠳᠠ ᠬᠤᠲᠠ ᠶᠢᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ | ᠰᠢᠨᠡᠳᠬᠡᠬᠦ ᠪᠠ ᠬᠡᠷᠡᠭᠯᠡᠭᠡᠨ ᠤ ᠪᠣᠳᠠᠰ ᠢ ᠬᠠᠭᠤᠴᠢᠨ ᠢᠶᠠᠷ ᠰᠢᠨ᠎ᠡ ᠶᠢ | ᠰᠣᠯᠢᠬᠤ ᠠᠵᠢᠯ ᠤᠨ ᠬᠡᠷᠡᠭᠵᠢᠭᠦᠯᠬᠦ ᠲᠥᠰᠦᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠠᠵᠢᠯ ᠤᠨ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠲᠠᠷᠬᠠᠭᠠᠭᠰᠠᠨ [2020 ] 24 | ᠳ᠋ᠦ᠋ᠭᠡᠷ ᠲᠣᠭᠠᠲᠤ︶ ᠢ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ | ᠲᠣᠰ ᠲᠥᠰᠦᠯ ᠢ ᠲᠣᠭᠲᠠᠭᠠᠪᠠ᠃ | ᠨᠢᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠡᠪᠴᠢᠶ᠎ᠡ ᠶᠢ ᠥᠷᠭᠡᠳᠬᠡᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠠᠵᠤ ᠦᠢᠯᠡᠳᠪᠦᠷᠢ᠂ ᠣᠷᠴᠢᠨ | ᠲᠣᠭᠤᠷᠢᠨ ᠤ ᠰᠠᠭᠤᠷᠢ ᠪᠡᠯᠡᠳᠬᠡᠮᠵᠢ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠠᠭᠠᠨ ᠤ ᠭᠦᠢᠯᠭᠡᠭᠡ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ | ᠬᠦᠷᠢᠶ᠎ᠡ ᠴᠠᠷᠠᠭ᠎ᠠ ᠶᠢᠨ ᠲᠣᠨᠤᠭ ᠲᠥᠬᠦᠭᠡᠷᠦᠮᠵᠢ ᠶᠢ ᠰᠢᠨᠡᠳᠬᠡᠬᠦ ᠵᠢᠴᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠭᠰᠠᠨ ᠰᠠᠭᠤᠷᠢᠨ ᠳᠡᠭᠡᠷ᠎ᠡ᠂ ᠳᠡᠮᠵᠢᠬᠦ | ᠬᠦᠷᠢᠶ᠎ᠡ ᠬᠡᠪᠴᠢᠶ᠎ᠡ ᠪᠠᠨ ᠡᠨᠧᠷᠭᠢ ᠶᠢᠨ ᠴᠠᠬᠢᠯᠭᠠᠨ ᠬᠦᠴᠦᠨ᠂ ᠬᠠᠭᠤᠴᠢᠨ ᠴᠠᠬᠢᠯᠭᠠᠨ ᠱᠠᠲᠤ ᠵᠡᠷᠭᠡ ᠬᠦᠷᠢᠶ᠎ᠡ ᠴᠠᠷᠠᠭ᠎ᠠ ᠶᠢᠨ ᠲᠣᠨᠤᠭ ᠲᠥᠬᠦᠭᠡᠷᠦᠮᠵᠢ ᠶᠢ ᠰᠢᠨᠡᠳᠬᠡᠬᠦ | ᠵᠢᠴᠢ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠯᠲᠠ ᠶᠢ ᠪᠠᠭᠠᠰᠬᠠᠬᠤ ᠪᠠ ᠠᠮᠤᠷ ᠲᠦᠪᠰᠢᠨ ᠤ | ᠥᠭᠡᠷᠡᠴᠢᠯᠡᠯᠲᠡ ᠬᠢᠵᠦ᠂ ᠰᠢᠨ᠎ᠡ ᠪᠠᠷ ᠨᠡᠮᠡᠭᠳᠡᠭᠰᠡᠨ ᠬᠦᠷᠢᠶ᠎ᠡ ᠴᠠᠷᠠᠭ᠎ᠠ ᠶᠢᠨ ᠬᠠᠮᠢᠶ᠎ᠠ ᠪᠥᠬᠦᠶ ᠪᠠᠶᠢᠳᠠᠯ ᠢ ᠣᠶᠢᠯᠠᠭᠠᠬᠤ ᠪᠠ ᠲᠥᠷᠥᠯ ᠵᠦᠢᠯ ᠤᠨ ᠲᠥᠯᠥᠪᠵᠢᠭᠦᠯᠭᠡ ᠶᠢ | ᠴᠢᠩᠭᠠᠳᠬᠠᠨ᠂ ᠲᠥᠷᠥᠯ ᠵᠦᠢᠯ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠢ ᠵᠢᠯᠣᠭᠤᠳᠤᠨ ᠲᠥᠷᠥᠯ ᠵᠦᠢᠯ ᠤᠨ ᠨᠥᠭᠡᠴᠡ ᠶᠢ | ᠰᠠᠶᠢᠲᠤᠷ ᠬᠢᠵᠦ᠂ ᠤᠯᠤᠰ ᠤᠨ ᠨᠠᠩ ᠣᠯᠠᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠬᠤ ᠬᠡᠷᠡᠭᠲᠡᠢ᠃ | ᠬᠤᠶᠠᠷ᠂ ᠲᠣᠨᠤᠭ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠤᠨ ᠣᠷᠣᠨ ᠨᠤᠲᠤᠭ ᠤᠨ ᠬᠢᠨᠠᠨ ᠬᠠᠷᠭᠤᠭᠤᠯᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ | ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠨᠢ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠲᠤᠰᠬᠠᠶ ᠪᠡᠯᠡ | ᠮᠥᠩᠭᠦ ᠶᠢᠨ ᠲᠥᠷᠥᠯ ᠵᠦᠢᠯ ᠢ ︽ᠣᠷᠣᠨ ᠨᠤᠲᠤᠭ ᠬᠢᠨᠠᠨ ᠬᠠᠷᠭᠤᠭᠤᠯᠵᠤ᠂ ᠤᠯᠤᠰ ᠠᠴᠠ ᠳᠠᠬᠢᠨ ᠬᠢᠨᠠᠬᠤ︾ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠦᠷᠢᠶᠡᠨ ᠤ ᠬᠢᠨᠠᠨ ᠬᠠᠷᠭᠤᠭᠤᠯᠬᠤ ᠠᠵᠢᠯ ᠤᠨ ᠲᠥᠰᠦᠯ ᠶᠣᠰᠣᠭᠠᠷ ᠳᠡᠭᠡᠭᠰᠢ ᠮᠡᠳᠡᠭᠦᠯᠬᠦ ᠲᠥᠷᠥᠯ ᠵᠦᠢᠯ ᠤᠨ ᠠᠩᠬᠠᠨ ᠤ | ᠬᠢᠨᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ᠭᠤᠷᠪᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠲᠣᠨᠤᠭ ᠲᠥᠬᠦᠭᠡᠷᠦᠮᠵᠢ ᠶᠢ ᠰᠢᠨᠡᠳᠬᠡᠬᠦ ᠳᠤ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠡᠵᠡᠩᠨᠡᠯᠲᠡ ᠶᠢᠨ ᠬᠠᠭᠤᠴᠢᠨ ᠪᠠᠷᠠᠭᠠᠨ ᠤ ᠲᠡᠷᠭᠡ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠠ ᠰᠢᠨ᠎ᠡ | ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠨᠡᠳᠬᠡᠬᠦ ᠵᠡᠷᠭᠡ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ | ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠬᠤ ᠶᠢ ᠴᠢᠩᠭᠠᠳᠬᠠᠵᠤ᠂ ᠬᠠᠮᠢᠶ᠎ᠠ ᠪᠥᠬᠦᠶ ᠲᠣᠨᠤᠭ ᠲᠥᠬᠦᠭᠡᠷᠦᠮᠵᠢ ᠶᠢ ᠰᠢᠨᠡᠳᠬᠡᠬᠦ ᠨᠥᠬᠦᠪᠥᠷᠢ ᠶᠢᠨ ᠬᠡᠷᠡᠭᠵᠢᠭᠦᠯᠬᠦ | ᠲᠥᠰᠦᠯ ᠪᠤᠶᠤ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠨ᠂ ᠨᠥᠬᠦᠪᠥᠷᠢ ᠣᠯᠭᠤᠬᠤ ᠡᠲᠡᠭᠡᠳ᠂ ᠬᠡᠪᠴᠢᠶ᠎ᠡ᠂ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠨᠥᠬᠦᠴᠡᠯ | ᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠥᠬᠦᠪᠥᠷᠢ ᠮᠥᠩᠭᠦ ᠶᠢ | ᠠᠵᠤ ᠠᠬᠤᠶᠢᠯᠠᠯ ᠪᠠ ᠬᠡᠷᠡᠭᠯᠡᠭᠴᠢᠳ ᠲᠤ ᠲᠦᠷᠭᠡᠬᠡᠨ ᠣᠯᠭᠤᠯᠬᠤ ᠬᠡᠷᠡᠭᠲᠡᠢ᠃ | ᠳᠥᠷᠪᠡ᠂ ᠲᠣᠨᠤᠭ ᠲᠥᠬᠦᠭᠡᠷᠦᠮᠵᠢ ᠶᠢ ᠰᠢᠨᠡᠳᠬᠡᠭᠰᠡᠨ ᠳᠠᠬᠢᠨ ᠵᠢᠭᠡᠯᠡᠯᠭᠡ ᠪᠠ ᠡᠳ᠋ ᠤᠨ ᠵᠠᠰᠠᠭ ᠤᠨ ᠨᠥᠬᠦᠪᠥᠷᠢ ᠬᠦᠦ ᠮᠥᠩᠭᠦ ᠥᠭᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ | ᠥᠭᠡᠷᠡᠴᠢᠯᠡᠯᠲᠡ ᠶᠢ ᠳᠡᠮᠵᠢᠭᠦᠯᠵᠦ᠂ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ ᠭᠦᠢᠯᠭᠡᠭᠡ ᠶᠢ ᠮᠡᠷᠭᠡᠵᠢᠯ ᠤᠨ ᠥᠭᠡᠷᠡᠴᠢᠯᠡᠯᠲᠡ᠂ ᠲᠥᠬᠦᠭᠡᠷᠦᠮᠵᠢ ᠶᠢ | ᠰᠢᠨᠡᠳᠬᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠲᠡᠰᠢ ᠬᠠᠨᠳᠤᠭᠤᠯᠬᠤ ᠶᠢ ᠠᠬᠢᠭᠤᠯᠬᠤ ᠬᠡᠷᠡᠭᠲᠡᠢ᠃ | ᠤᠯᠤᠰ ᠤᠨ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠵᠢᠭᠡᠯᠡᠯᠭᠡ ᠶᠢᠨ ᠡᠳ᠋ ᠤᠨ ᠵᠠᠰᠠᠭ ᠤᠨ ᠨᠥᠬᠦᠪᠥᠷᠢ ᠬᠦᠦ ᠮᠥᠩᠭᠦ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ︽ᠡᠳ᠋ ᠤᠨ ᠵᠠᠰᠠᠭ ᠤᠨ ᠶᠠᠮᠤᠨ ᠤ ᠲᠣᠨᠤᠭ ᠲᠥᠬᠦᠭᠡᠷᠦᠮᠵᠢ ᠶᠢ ᠰᠢᠨᠡᠳᠬᠡᠭᠰᠡᠨ ᠳᠠᠬᠢᠨ ᠵᠢᠭᠡᠯᠡᠯᠭᠡ ᠡᠳ᠋ ᠤᠨ ᠵᠠᠰᠠᠭ ᠠᠴᠠ ᠨᠥᠬᠦᠪᠥᠷᠢ ᠬᠦᠦ | ᠮᠥᠩᠭᠦ ᠥᠭᠬᠦ ᠲᠥᠷᠥ ᠶᠢᠨ ᠪᠣᠳᠣᠯᠭ᠎ᠠ ᠶᠢ ᠲᠤᠬᠠᠶ ᠮᠡᠳᠡᠭᠳᠡᠯ︾ ︵ᠡᠳ᠋ ᠮᠥᠩᠭᠦ ﹇2020﹈ 54 ᠳ᠋ᠦ᠋ᠭᠡᠷ ᠲᠣᠭᠠᠲᠤ︶ ᠤᠨ ᠨᠥᠬᠦᠴᠡᠯ ᠪᠦᠬᠦᠢ ᠡᠵᠡᠩᠨᠡᠯᠲᠡ ᠶᠢᠨ | ᠭᠤᠤᠯ ᠴᠣᠭᠴᠠ ᠶᠢᠨ ᠪᠠᠩᠬᠢ ᠶᠢᠨ ᠵᠢᠭᠡᠯᠡᠯᠭᠡ ᠶᠢᠨ ᠡᠬᠡ ᠮᠥᠩᠭᠦ᠂ ᠲᠥᠪ ᠤᠨ ᠡᠳ᠋ ᠤᠨ ᠵᠠᠰᠠᠭ ᠤᠨ ᠨᠥᠬᠦᠪᠥᠷᠢ ᠬᠦᠦ ᠮᠥᠩᠭᠦ ᠶᠢ 1 ᠵᠠᠭᠤᠨ ᠤ ᠴᠡᠭ ᠠᠴᠠ 1.5 | ᠵᠠᠭᠤᠨ ᠤ ᠴᠡᠭ ᠪᠣᠯᠲᠠᠯ᠎ᠠ ᠳᠡᠭᠡᠭᠰᠢᠯᠡᠭᠦᠯᠵᠦ᠂ ᠨᠥᠬᠦᠪᠥᠷᠢ ᠬᠦᠦ ᠮᠥᠩᠭᠦ ᠶᠢ ᠣᠷᠣᠯᠠᠨ ᠥᠭᠬᠦ ᠬᠤᠭᠤᠴᠠᠭ᠎ᠠ ᠬᠢᠵᠠᠭᠠᠷ ᠢ 2 ᠵᠢᠯ ᠪᠣᠯᠭᠠᠬᠤ ᠬᠡᠷᠡᠭᠲᠡᠢ ᠃ | ᠲᠠᠪᠤ᠂ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠮᠥᠩᠭᠦ ᠶᠢ ᠵᠦᠶ ᠵᠣᠬᠢᠰᠲᠠᠶ ᠬᠡᠷᠡᠭᠯᠡᠬᠦ ᠪᠠ ᠵᠢᠷᠤᠮᠵᠢᠭᠤᠯᠤᠨ ᠬᠠᠮᠢᠶᠠᠷᠬᠤ ᠶᠢ ᠰᠠᠶᠢᠲᠤᠷ ᠬᠢᠬᠦ | ᠬᠡᠷᠡᠭᠲᠡᠢ᠃ | ︽ᠤᠯᠠᠭᠠᠨᠬᠠᠳᠠ ᠬᠤᠲᠠ ᠶᠢᠨ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ | ᠮᠥᠩᠭᠦ ᠶᠢ ᠬᠤᠪᠢᠶᠠᠷᠢᠯᠠᠬᠤ ᠶᠢ ᠳᠡᠮᠵᠢᠬᠦ ᠬᠠᠮᠢᠶᠠᠷᠤᠯᠲᠠ ᠶᠢᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠬᠦᠷᠢᠶᠡᠨ ᠤ ᠨᠥᠬᠦᠪᠥᠷᠢ ᠮᠥᠩᠭᠦ ᠶᠢ ᠲᠥᠰᠦᠭᠡᠯᠡᠨ | ᠪᠣᠳᠣᠬᠤ᠂ ᠬᠤᠪᠢᠶᠠᠷᠢᠯᠠᠬᠤ᠂ ᠪᠠᠭᠤᠯᠭᠠᠬᠤ ᠠᠵᠢᠯ ᠢ ᠰᠠᠶᠢᠲᠤᠷ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ᠂ | ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠪᠠ ᠠᠬᠢᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ | ᠳᠡᠭᠡᠭᠰᠢᠯᠡᠭᠦᠯᠵᠦ᠂ ᠤᠷᠲᠤ ᠬᠤᠭᠤᠴᠠᠭᠠᠨ ᠤ ᠣᠨᠴᠠ ᠤᠯᠤᠰ ᠤᠨ ᠵᠢᠭᠡᠯᠡᠯᠭᠡ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ | ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠶᠢ ᠪᠠᠲᠤᠯᠠᠬᠤ ᠬᠡᠷᠡᠭᠲᠡᠢ᠃ | ᠵᠢᠷᠭᠤᠭ᠎ᠠ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠦᠡᠭᠬᠦ ᠶᠢᠨ ᠨᠦᠬᠦᠪᠦᠷᠢ ᠦᠭᠬᠦ ᠳᠥᠷᠥ ᠶᠢᠨ ᠪᠤᠳᠣᠯᠭ᠎ᠠ ᠶᠢᠨ | ᠨᠡᠶᠢᠳᠡᠪᠦᠷᠢᠵᠢᠭᠤᠯᠥᠯᠳᠡ ᠶᠢ ᠴᠢᠩᠭᠠᠳᠬᠠᠬᠤ ᠬᠡᠷᠡᠭᠲᠡᠢ᠃ | ᠤᠯᠠᠭᠠᠨᠬᠠᠳᠠ ᠬᠤᠲᠠ ᠶᠢᠨ ᠮᠠᠰᠢᠨ ᠲᠡᠷᠭᠡᠨ ᠤ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ᠂ ᠬᠤᠪᠢ ᠬᠥᠮᠦᠨ ᠤ ᠬᠡᠷᠡᠭᠯᠡᠭᠴᠢᠳ ᠤᠨ ᠮᠠᠰᠢᠨ ᠲᠡᠷᠭᠡ ᠪᠠᠨ | ᠰᠣᠯᠢᠵᠤ ᠰᠢᠨᠡᠳᠬᠡᠬᠦ᠂ ᠬᠡᠷ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠨ ᠬᠠᠭᠤᠴᠢᠨ ᠢᠶᠠᠷ ᠰᠢᠨ᠎ᠡ ᠶᠢ ᠰᠣᠯᠢᠬᠤ᠂ ᠬᠡᠷ ᠤᠨ ᠴᠢᠮᠡᠭᠯᠡᠯ ᠲᠣᠭᠤᠭᠠᠨ ᠬᠡᠷ | ᠡᠷᠡᠭᠦᠯ ᠬᠠᠮᠠᠭᠠᠯᠠᠯ ᠵᠡᠷᠭᠡ ᠦᠢᠯᠡᠳᠭᠦᠨ ᠢ ᠥᠭᠡᠷᠡᠴᠢᠯᠡᠨ ᠰᠢᠨᠡᠳᠬᠡᠬᠦ ᠬᠦᠷᠢᠶᠡᠨ ᠳᠠᠬᠢ ᠨᠥᠬᠦᠪᠥᠷᠢ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠡᠯ᠎ᠡ | ᠬᠦᠷᠢᠶᠡᠨ ᠳᠠᠬᠢ ᠪᠠᠯᠠ ᠮᠥᠩᠭᠦ ᠶᠢᠨ ᠨᠥᠬᠦᠪᠥᠷᠢ ᠶᠢᠨ ᠡᠲᠡᠭᠡᠳ᠂ ᠬᠦᠷᠢᠶ᠎ᠡ ᠬᠡᠪᠴᠢᠶ᠎ᠡ᠂ ᠪᠠᠷᠢᠮᠵᠢᠶ᠎ᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂ | ᠨᠥᠬᠦᠪᠥᠷᠢ ᠣᠯᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠬᠤᠲᠠ ᠶᠢᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ | ᠤᠯᠠᠮ ᠨᠢᠭᠡ ᠠᠯᠬᠤᠮ ᠠᠬᠢᠭᠤᠯᠬᠤ ᠶᠢᠨ ᠬᠠᠮᠲᠤ᠂ ᠬᠠᠭᠤᠴᠢᠨ ᠢᠶᠠᠷ ᠰᠢᠨ᠎ᠡ ᠶᠢ ᠰᠣᠯᠢᠬᠤ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢ ᠡᠮᠬᠢ ᠵᠢᠷᠤᠮ ᠲᠠᠢ | ᠵᠣᠯᠭᠠᠭᠤᠯᠵᠤ᠂ ᠲᠣᠭᠲᠠᠭᠤᠨ ᠢᠶᠠᠷ ᠰᠢᠯᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠳᠣᠯᠤᠭ᠎ᠠ᠂ ᠲᠤᠰ ᠭᠠᠵᠠᠷ ᠣᠷᠣᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠪᠠᠷ ᠰᠣᠯᠢᠬᠤ ᠶᠢ ᠳᠡᠮᠵᠢᠬᠦ ᠲᠥᠷᠥᠯ ᠵᠦᠢᠯ ᠪᠠ ᠬᠦᠷᠢᠶ᠎ᠡ | ᠴᠠᠷᠠᠭ᠎ᠠ ᠶᠢ ᠢᠳᠡᠪᠬᠢᠲᠡᠢ ᠰᠦᠪᠠᠭᠴᠢᠯᠡᠬᠦ ᠬᠡᠷᠡᠭᠲᠡᠢ᠃ | ᠡᠯ᠎ᠡ ᠬᠤᠰᠢᠭᠤ ᠰᠢᠶᠠᠨ ᠲᠣᠭᠤᠷᠢᠭ ᠤᠨ ᠪᠦᠲᠦᠭᠡᠯᠴᠢ ᠬᠦᠴᠦᠨ ᠢ ᠭᠦᠢᠴᠡᠳ ᠪᠠᠳᠠᠷᠠᠭᠤᠯᠵᠤ᠂ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢ | ᠨᠡᠮᠡᠭᠳᠡᠭᠦᠯᠦᠨ᠂ ᠪᠡᠯᠡ ᠮᠥᠩᠭᠦ ᠶᠢᠨ ᠳᠡᠮᠵᠢᠬᠦ ᠴᠢᠭᠯᠡᠯ ᠢ ᠤᠯᠤᠰ ᠤᠨ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠶᠢ | ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠲᠠ ᠶᠢᠨ | ᠰᠢᠭᠤᠳ ᠬᠠᠷᠢᠶ᠎ᠠ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠵᠦ᠂ ᠲᠣᠰ ᠭᠠᠵᠠᠷ ᠣᠷᠣᠨ ᠤ ᠰᠢᠨ᠎ᠡ ᠪᠠᠷ | ᠨᠡᠮᠡᠭᠳᠡᠬᠦ ᠳᠡᠮᠵᠢᠬᠦ ᠲᠥᠷᠥᠯ ᠪᠤᠶᠤ ᠬᠦᠷᠢᠶ᠎ᠡ ᠴᠠᠷᠠᠭ᠎ᠠ ᠶᠢ ᠰᠦᠪᠡᠭᠴᠢᠯᠡᠬᠦ ᠶᠢᠨ ᠬᠠᠮᠲᠤ᠂ ᠵᠣᠬᠢᠬᠤ ᠬᠡᠮᠵᠢᠶ᠎ᠡ ᠶᠢ ᠨᠢ ᠥᠪᠡᠷᠲᠡᠭᠡᠨ ᠵᠠᠰᠠᠬᠤ ᠣᠷᠣᠨ ᠤ ᠤᠷᠲᠤ | ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠨᠥᠬᠦᠪᠦᠷᠢ ᠶᠢᠨ ᠬᠡᠪᠴᠢᠶᠡᠨ ᠳᠤ ᠣᠷᠣᠭᠤᠯᠬᠤ ᠪᠠᠷ ᠭᠤᠶᠤᠴᠢᠯᠠᠨ᠎ᠠ᠃ | ᠨᠠᠢᠮᠠ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ᠃ | ᠬᠠᠤᠯᠢ ᠪᠤᠰᠤ ᠪᠠᠷ ᠰᠢᠨᠡᠳᠬᠡᠬᠦ᠂ ᠮᠠᠭᠤ ᠪᠠᠷ ᠰᠠᠶᠢᠨ ᠢ ᠣᠷᠣᠯᠠᠭᠤᠯᠵᠤ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠢᠶᠠᠨ ᠬᠤᠳᠠᠯᠳᠤᠬᠤ ᠵᠡᠷᠭᠡ ᠦᠢᠯᠡ | ᠠᠵᠢᠯᠯᠠᠭ᠎ᠠ ᠶᠢ ᠰᠡᠷᠭᠡᠶᠢᠯᠡᠨ᠂ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠪᠠᠷ ᠰᠣᠯᠢᠬᠤ ᠶᠢ ᠰᠢᠮᠳᠠᠭᠤᠯᠵᠤ ᠪᠠᠶᠢᠭᠠᠳ ᠠᠵᠤ ᠠᠬᠤᠶᠢᠯᠠᠯ ᠤᠨ | ᠡᠭᠡᠭᠦᠯᠦᠨ ᠬᠤᠷᠢᠶᠠᠭᠰᠠᠨ ᠬᠠᠶᠠᠭᠳᠠᠮᠠᠯ ᠭᠡᠷ ᠤᠨ ᠴᠠᠬᠢᠯᠭᠠᠨ ᠬᠡᠷᠡᠭᠰᠡᠯ ᠢ ᠵᠢᠩᠬᠢᠨᠢ ᠵᠠᠳᠠᠯᠤᠨ ᠰᠠᠯᠭᠠᠬᠤ ᠠᠵᠤ ᠠᠬᠤᠶᠢᠯᠠᠯ ᠳᠤ ᠲᠤᠰᠢᠶᠠᠨ ᠥᠭᠬᠦ ᠬᠡᠷᠡᠭᠲᠡᠶ᠃ | ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠨ ᠰᠤᠭᠤᠴᠢᠨ ᠪᠠᠶᠢᠴᠠᠭᠠᠬᠤ ᠪᠠᠨ ᠴᠢᠩᠭᠠᠳᠬᠠᠵᠤ᠂ ᠡᠮᠵᠡᠭ ᠲᠠᠢ ᠲᠠᠯ᠎ᠠ ᠶᠢ ᠪᠠᠶᠢᠴᠠᠭᠠᠬᠤ ᠪᠠ ᠡᠭᠡᠭᠦᠯᠦᠨ | ᠠᠪᠴᠢᠷᠠᠬᠤ ᠡᠷᠴᠢᠮ ᠢᠶᠠᠨ ᠨᠡᠮᠡᠭᠳᠡᠭᠦᠯᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠶᠠᠰᠤ ᠴᠢᠨᠠᠷ ᠤᠨ ᠠᠶᠤᠯ ᠦᠭᠡᠶ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠨ᠎ᠡ ᠬᠠᠩᠰᠢ ᠶᠢᠨ ᠮᠡᠬᠡᠯᠡᠯ ᠬᠢᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠲᠥᠪ ᠪᠤᠰᠤ ᠠᠷᠭ᠎ᠠ ᠪᠠᠷᠢᠯ ᠢ ᠠᠰᠢᠭᠯᠠᠨ ᠨᠥᠬᠦᠪᠥᠷᠢ ᠮᠥᠩᠭᠦ ᠶᠢ ᠮᠡᠬᠡᠯᠡᠨ | ᠠᠪᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ ᠬᠠᠤᠯᠢ ᠲᠣᠭᠲᠠᠭᠠᠯ ᠶᠣᠰᠣᠭᠠᠷ ᠴᠢᠩᠭ᠎ᠠ | ᠰᠢᠢᠳᠪᠦᠷᠢᠯᠡᠵᠦ᠂ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠴᠢᠩᠭ᠎ᠠ ᠪᠠᠶᠢᠴᠠᠭᠠᠨ | ᠰᠢᠢᠳᠪᠦᠷᠢᠯᠡᠬᠦ ᠬᠡᠷᠡᠭᠲᠡᠶ᠃ | ᠶᠢᠰᠦ᠂ ᠪᠡᠯᠡ ᠮᠥᠩᠭᠦ ᠪᠠᠭᠤᠯᠭᠠᠨ ᠥᠭᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠤᠯᠠᠭᠠᠨᠬᠠᠳᠠ ᠬᠤᠲᠠ ᠶᠢᠨ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ | ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠰᠬᠠᠶ | ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠬᠦ ᠪᠠ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠪᠠᠲᠤᠯᠠᠵᠤ᠂ ᠤᠷᠲᠤ | ᠬᠤᠭᠤᠴᠠᠭᠠᠨ ᠤ ᠣᠨᠴᠠ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠪᠠᠭᠤᠯᠭᠠᠨ ᠥᠭᠬᠦ ᠠᠬᠢᠴᠠ ᠪᠣᠯᠤᠨ ᠮᠠᠨ ᠤ ᠬᠤᠲᠠ ᠶᠢᠨ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠠᠬᠢᠴᠠ ᠶᠢ ᠬᠠᠷᠢᠯᠴᠠᠨ ᠵᠣᠬᠢᠴᠠᠭᠤᠯᠬᠤ ᠶᠢ ᠪᠠᠲᠤᠯᠠᠵᠤ᠂ ᠪᠡᠯᠡ ᠮᠥᠩᠭᠦ ᠲᠤᠩᠭᠠᠬᠤ᠂ ᠰᠢᠬᠠᠨ ᠡᠵᠡᠯᠡᠬᠦ᠂ | ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ | ᠠᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ | ᠲᠣᠬᠢᠷᠠᠭᠤᠯᠬᠤ ᠬᠡᠷᠡᠭᠲᠡᠶ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠤᠷᠲᠤ ᠬᠤᠭᠤᠴᠠᠭᠠᠨ ᠠᠴᠠ ᠬᠡᠲᠦᠷᠡᠭᠰᠡᠨ ᠣᠨᠴᠠᠭᠠᠢ ᠤᠯᠤᠰ ᠤᠨ ᠵᠢᠭᠡᠯᠡᠯᠭᠡ ᠶᠢᠨ | ᠪᠡᠯᠡ ᠮᠥᠩᠭᠦ ᠶᠢ ᠪᠠᠭᠤᠯᠭᠠᠨ ᠥᠭᠬᠦ ᠪᠠ ᠬᠢᠨᠠᠨ ᠬᠠᠮᠢᠶᠠᠷᠬᠤ ᠶᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠣᠰᠣᠭᠠᠷ ᠡᠯ᠎ᠡ ᠬᠦᠷᠢᠶᠡᠨ ᠤ ᠨᠥᠬᠦᠪᠥᠷᠢ ᠮᠥᠩᠭᠦ ᠶᠢᠨ ᠪᠠᠷᠢᠮᠵᠢᠶ᠎ᠠ ᠶᠢ ᠨᠠᠷᠢᠯᠢᠭᠵᠢᠭᠤᠯᠵᠤ᠂ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠬᠤ | ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠥᠬᠦᠭᠡᠷᠦᠮᠵᠢ ᠪᠠᠨ ᠰᠢᠨᠡᠳᠬᠡᠬᠦ ᠲᠥᠷᠥᠯ | ᠵᠦᠢᠯ ᠢ ᠲᠥᠯᠥᠪᠵᠢᠭᠦᠯᠬᠦ᠂ ᠨᠥᠭᠡᠴᠡᠯᠡᠬᠦ᠂ ᠭᠤᠶᠤᠴᠢᠯᠠᠨ ᠮᠡᠳᠡᠭᠦᠯᠬᠦ ᠪᠠ ᠬᠡᠷᠡᠭᠵᠢᠭᠦᠯᠬᠦ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠡᠷᠡᠭᠯᠡᠭᠡᠨ ᠤ ᠵᠦᠢᠯᠡᠰ ᠢ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠪᠦᠲᠦᠭᠡᠯᠴᠢ ᠴᠢᠨᠠᠷᠲᠠᠶ ᠪᠠᠷ ᠥᠷᠨᠢᠭᠦᠯᠵᠦ᠂ ᠲᠤᠭ᠎ᠠ ᠪᠦᠷᠢᠳᠬᠡᠯ ᠤᠨ ᠬᠥᠮᠥᠷᠭᠡ ᠳᠤ ᠣᠷᠣᠭᠤᠯᠬᠤ ᠠᠵᠢᠯ ᠢ ᠵᠡᠷᠭᠡ ᠪᠠᠷ | ᠰᠠᠶᠢᠲᠤᠷ ᠬᠢᠬᠦ ᠬᠡᠷᠡᠭᠲᠡᠶ᠃ | ᠠᠷᠪᠠᠨ ᠨᠢᠭᠡ᠂ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠢᠶᠠᠨ ᠠᠬᠢᠭᠤᠯᠬᠤ᠂ ᠲᠥᠷᠥᠯ ᠵᠦᠢᠯ ᠢ ᠬᠡᠷᠡᠭᠵᠢᠭᠦᠯᠬᠦ᠂ ᠪᠠᠯᠠ | ᠮᠥᠩᠭᠦ ᠶᠢᠨ ᠬᠡᠷᠡᠭᠯᠡᠯᠲᠡ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠵᠡᠷᠭᠡ ᠪᠠᠶᠢᠳᠠᠯ ᠳᠤ ᠴᠠᠭ ᠲᠤᠨᠢ ᠳᠣᠭᠢᠷᠠᠭᠤᠯᠤᠨ ᠥᠪᠡᠷ ᠢ ᠪᠠᠨ ᠦᠨᠡᠯᠡᠵᠦ | ᠥᠪᠡᠰᠦᠪᠡᠨ ᠪᠠᠶᠢᠴᠠᠭᠠᠬᠤ ᠶᠢ ᠥᠷᠨᠢᠭᠦᠯᠵᠦ᠂ ᠪᠠᠯᠠ ᠮᠥᠩᠭᠦ ᠶᠢᠨ ᠬᠡᠷᠡᠭᠯᠡᠯᠲᠡ ᠪᠠ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠴᠠᠭ | ᠲᠤᠬᠠᠶ ᠳᠤᠨᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠠᠴᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ | ᠮᠡᠳᠡᠭᠦᠯᠦᠯᠲᠡ ᠶᠢ ᠬᠤᠷᠢᠶᠠᠩᠭᠤᠶᠢᠯᠠᠨ ᠪᠦᠷᠢᠯᠳᠦᠭᠦᠯᠬᠦ ᠶᠢᠨ ᠬᠠᠮᠲᠤ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠦᠷᠭᠦᠯᠵᠢᠯᠡᠨ ᠰᠢᠯᠢᠳᠡᠭᠵᠢᠭᠦᠯᠬᠦ ᠪᠠᠯᠠ ᠮᠥᠩᠭᠦ ᠶᠢᠨ | ᠲᠣᠬᠢᠷᠠᠭᠤᠯᠤᠯᠲᠠ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ | ᠠᠷᠪᠠᠨ ᠬᠤᠶᠠᠷ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠢ᠃ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠴᠢᠬᠤᠯᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠬᠦ ᠪᠠ | ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠠᠵᠢᠯ ᠤᠨ ᠡᠬᠢᠯᠡᠯᠲᠡ ᠶᠢᠨ ᠶᠣᠰᠣᠯᠠᠯ ᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ | ᠬᠦᠷᠢᠶᠡᠨ ᠤ ᠨᠥᠬᠦᠪᠥᠷᠢ ᠶᠢᠨ ᠬᠡᠷᠡᠭᠵᠢᠭᠦᠯᠬᠦ ᠲᠥᠰᠦᠯ ᠢ ᠨᠡᠶᠢᠲᠡᠯᠡᠬᠦ ᠬᠡᠷᠡᠭᠲᠡᠶ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ | ᠬᠦᠷᠢᠶᠡᠨ ᠳᠠᠬᠢ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠤᠬᠠᠭᠤᠯᠭ᠎ᠠ ᠶᠢᠨ ᠠᠷᠭ᠎ᠠ ᠵᠠᠮ ᠢᠶᠠᠨ ᠪᠠᠶᠠᠯᠢᠭᠵᠢᠭᠤᠯᠵᠤ᠂ ᠥᠷᠭᠡᠨ ᠤᠯᠠᠨ ᠬᠡᠷᠡᠭᠯᠡᠭᠴᠢᠳ ᠪᠣᠯᠤᠨ | ᠡᠵᠡᠩᠨᠡᠯᠲᠡ ᠶᠢᠨ ᠭᠤᠣᠯ ᠴᠣᠭᠴᠠ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠣᠶᠢᠯᠠᠭᠠᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠶᠢᠨ ᠬᠠᠮᠲᠤ ᠲᠦᠷᠦ ᠶᠢᠨ | ᠪᠤᠳᠤᠯᠭ᠎ᠠ ᠶᠢᠨ ᠮᠠᠳᠠᠭ ᠲᠠᠢ ᠠᠰᠠᠭᠤᠳᠠᠯ ᠢ ᠬᠠᠷᠢᠭᠤᠯᠬᠤ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠵᠤ ᠬᠦᠳᠦᠯᠦᠨ ᠵᠢᠯᠣᠭᠤᠳᠬᠤ ᠠᠵᠢᠯ ᠢ | ᠰᠠᠶᠢᠲᠤᠷ ᠬᠢᠬᠦ ᠬᠡᠷᠡᠭᠲᠡᠢ᠃ | ᠡᠯ᠎ᠡ ᠬᠤᠰᠢᠭᠤ ᠰᠢᠶᠠᠨ ᠲᠣᠭᠤᠷᠢᠭ ᠨᠢ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢᠨ ᠲᠤᠰᠬᠠᠶ ᠪᠤᠯᠤᠩ | ᠲᠣᠬᠢᠷᠠᠭᠤᠯᠬᠤ᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠬᠠᠯᠠᠮᠰᠢᠯ ᠤᠲᠠᠰᠤ ᠨᠡᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠦᠷ᠎ᠡ ᠪᠦᠲᠦᠮᠵᠢ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ | ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠣᠶ ᠪᠣᠯᠭᠠᠬᠤ ᠬᠡᠷᠡᠭᠲᠡᠢ᠃ |