| | | | ᠨᠢᠭᠡ᠂ ᠭᠤᠣᠯ ᠡᠭᠦᠷᠭᠡ ᠬᠠᠷᠢᠭᠤᠴᠠᠯᠭ᠎ᠠ | 1 . ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠲᠦᠷᠢᠮ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ | 2 . ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠬᠦᠢᠴᠡᠳᠬᠡᠯ ᠤᠨ ᠲᠥᠰᠦᠯ ᠢ ᠵᠣᠬᠢᠶᠠᠨ | ᠪᠠᠶᠢᠭᠤᠯᠵᠤ ᠨᠠᠶᠢᠷᠠᠭᠤᠯᠤᠨ ᠵᠣᠬᠢᠶᠠᠵᠤ᠂ ᠲᠣᠰ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠨ ᠬᠡᠷᠡᠭᠵᠢᠭᠦᠯᠵᠦ᠂ ᠲᠣᠰ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | | 3 . ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ | ᠳᠣᠭᠢᠷᠠᠭᠤᠯᠬᠤ ᠪᠠ ᠣᠷᠣᠨ ᠪᠦᠰᠡ ᠶᠢᠨ ᠲᠣᠬᠢᠷᠠᠭᠤᠯᠤᠯᠲᠠ ᠪᠠᠷ ᠲᠡᠩᠴᠡᠭᠦᠷᠢᠰᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ | ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠯᠦᠭᠡ ᠳᠣᠭᠢᠷᠠᠯᠴᠠᠭᠰᠠᠨ ᠣᠯᠭᠤᠮᠵᠢ | ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ | ᠨᠠᠶᠢᠳᠠᠪᠤᠷᠢᠵᠢᠭᠤᠯᠤᠨ᠎ᠠ᠃ | 4 . ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡ ᠶᠢᠨ ᠲᠦᠬᠦᠬᠡᠷᠦᠮᠵᠢ ᠵᠡᠷᠭᠡ ᠡᠮᠴᠢᠯᠡᠭᠡᠨ ᠤ | ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ | 5 . ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠳᠣᠭᠢᠷᠠᠭᠤᠯᠤᠨ | ᠬᠦᠷᠭᠡᠬᠦ ᠵᠢᠴᠢ ᠳ᠋ᠦᠩᠨᠡᠨ ᠪᠤᠳᠤᠵᠤ ᠬᠠᠮᠢᠶᠠᠷᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠳᠡᠯᠪᠢᠨ | ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠠᠪᠴᠠᠩ ᠤᠨ | ᠪᠠᠶᠢᠭᠤᠯᠤᠯᠲᠠ ᠶᠢ ᠠᠬᠢᠭᠤᠯᠤᠨ᠎ᠠ᠃ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡ ᠶᠢᠨ ᠦᠢᠯᠡᠴᠢᠯᠡᠭᠡᠨ ᠤ ᠲᠦᠬᠦᠬᠡᠷᠦᠮᠵᠢ ᠶᠢᠨ ᠰᠦᠢᠳᠬᠡᠯ | ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠮᠥᠩᠭᠦ ᠣᠯᠭᠤᠬᠤ ᠡᠮ | ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠂ | ᠵᠠᠬ᠎ᠠ ᠳᠡᠯᠭᠡᠭᠦᠷ ᠢᠶᠠᠷ ᠭᠤᠤᠯ ᠤᠳᠤᠷᠢᠳᠤᠮᠵᠢ ᠪᠣᠯᠭᠠᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠣᠶ ᠪᠣᠯᠬᠤ ᠲᠣᠭᠲᠠᠴᠠ ᠶᠢ | ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ᠎ᠠ᠃ | 6. ᠲᠤᠰ ᠱᠠᠲᠤᠨ ᠤ ᠲᠣᠭᠲᠠᠭᠰᠠᠨ ᠴᠢᠭ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠥᠭᠬᠦ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠬᠦ ᠰᠢᠰᠲ᠋ᠧᠮᠵᠢ ᠪᠠ ᠮᠡᠳᠡᠭᠡ ᠵᠠᠩᠭᠢ | ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠢᠯᠡ | ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | 7 . ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ | ᠵᠠᠩᠭᠢᠵᠢᠭᠤᠯᠬᠤ ᠪᠠᠶᠢᠭᠤᠯᠤᠯᠲᠠ ᠶᠢ ᠬᠠᠷᠢᠭᠤᠴᠠᠨ᠎ᠠ᠃ ᠤᠨᠳᠤᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ | ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃ | 8 . ᠲᠤᠰ ᠠᠵᠢᠯ ᠲᠥᠷᠥᠯ᠂ ᠲᠤᠰ ᠰᠠᠯᠠᠭ᠎ᠠ ᠮᠥᠴᠢᠷ ᠤᠨ ᠢᠶᠠᠨ ᠠᠶᠣᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ | ᠬᠦᠢᠴᠡᠳᠬᠡᠨ᠎ᠠ᠃ | 9 . ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | 10 . ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠨᠢᠭᠡᠳᠦᠯᠲᠡᠶ ᠲᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠪᠠ ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠪᠥᠬᠦ | ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠭᠰᠡᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠪᠠᠯᠠ | ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠳᠡᠶᠢᠯᠬᠦ ᠶᠢ ᠦᠨᠡᠨᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ | ︽ᠭᠤᠷᠪᠠ ᠶᠢ ᠬᠤᠯᠪᠣᠯᠳᠤᠭᠤᠯᠬᠤ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ | ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ | 11 . ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠵᠡᠷᠭᠡ | ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ | ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮ ᠡᠮᠨᠡᠯᠭᠡ ᠶᠢᠨ ᠪᠠᠲᠤᠯᠠᠭ᠎ᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ | ᠰᠢᠢᠳᠪᠦᠷᠢᠯᠡᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢ ᠶᠢᠨ ᠤᠬᠠᠭᠤᠯᠭ᠎ᠠ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ᠂ ᠠᠷᠤ ᠲᠠᠯ᠎ᠠ ᠶᠢᠨ ᠪᠠᠲᠤᠯᠠᠭ᠎ᠠ | ᠵᠡᠷᠭᠡ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠳᠦᠷᠢᠮ ᠲᠣᠭᠲᠠᠭᠠᠯ ᠤᠨ ᠡᠬᠡ ᠲᠥᠰᠦᠯ ᠪᠠ ᠪᠠᠷᠢᠮᠵᠢᠶ᠎ᠠ ᠶᠢ ᠵᠣᠬᠢᠶᠠᠨ | ᠪᠠᠶᠢᠭᠤᠯᠤᠨ ᠲᠤᠭᠤᠷᠪᠢᠬᠤ ᠶᠢ ᠬᠠᠷᠢᠭᠤᠴᠠᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ | ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠬᠥᠮᠦᠵᠢᠯ | ᠪᠣᠯᠪᠠᠰᠤᠷᠠᠭᠤᠯᠤᠯ᠂ ᠡᠩᠨᠡᠭᠡᠨ ᠤ ᠪᠠᠶᠢᠭᠤᠯᠤᠯᠲᠠ ᠪᠣᠯᠤᠨ ᠭᠠᠳᠠᠭᠠᠳᠤ ᠲᠠᠢ ᠬᠤᠷᠰᠢᠯᠴᠠᠨ ᠰᠣᠯᠢᠯᠴᠠᠬᠤ ᠠᠵᠢᠯ ᠢ ᠡᠭᠦᠷᠭᠡᠯᠡᠨ᠎ᠡ᠃ | ︵ᠬᠤᠶᠠᠷ︶ ᠲᠤᠬᠠᠶᠢᠯᠠᠭᠰᠠᠨ ᠠᠵᠢᠯ ᠤᠨ ᠲᠠᠰᠤᠭ᠃ ᠪᠥᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠲᠣᠭᠲᠠᠭᠠᠬᠤ ᠶᠢ ᠬᠠᠷᠢᠭᠤᠴᠠᠵᠤ᠂ ᠬᠤᠲᠠ ᠬᠥᠳᠡᠭᠡ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠨᠢᠭᠡᠳᠦᠯᠲᠡᠶ | ᠲᠥᠯᠥᠪᠯᠡᠨ᠎ᠡ᠃ ᠣᠯᠠᠨ ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠦᠷᠢᠨᠰᠢᠭᠦᠯᠦᠨ᠎ᠡ᠃ ᠤᠷᠲᠤ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠡᠮᠴᠢᠯᠡᠭᠡᠨ ᠤ ᠳᠠᠭᠠᠳᠬᠠᠯ ᠤᠨ | ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠲᠣᠰ ᠱᠠᠲᠤᠨ ᠤ ᠴᠢᠭ᠋ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ | ᠳᠠᠭᠠᠳᠬᠠᠯ ᠤᠨ ᠬᠡᠯᠡᠯᠴᠡᠭᠡᠷ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ | ᠂ ᠤᠨᠳᠤᠤ ᠭᠠᠵᠠᠷ ᠲᠤ ᠡᠮᠨᠡᠭᠦᠯᠬᠦ ᠶᠢᠨ ᠬᠠᠮᠢᠶᠠᠷᠤᠯᠲᠠ ᠶᠢᠨ ᠠᠷᠭ᠎ᠠ ᠪᠠ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ ᠡᠮ ᠤᠨ ᠵᠦᠢᠯ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠮᠡᠷᠭᠡᠵᠢᠯ ᠤᠨ ᠠᠵᠤ ᠠᠬᠤᠶ ᠶᠢᠨ ᠴᠢᠨᠠᠷᠲᠠᠶ ᠦᠨᠡᠯᠡᠯᠲᠡ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡ ᠶᠢᠨ ᠦᠢᠯᠡᠴᠢᠯᠡᠭᠡᠨ ᠤ ᠲᠦᠬᠦᠬᠡᠷᠦᠮᠵᠢ ᠶᠢᠨ ᠰᠦᠢᠳᠬᠡᠯ ᠬᠤᠷᠢᠶᠠᠬᠤ ᠵᠡᠷᠭᠡ | ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ | ᠨᠡᠶᠢᠲᠡᠯᠡᠬᠦ ᠳᠦᠷᠢᠮ ᠢ ᠪᠠᠶᠢᠭᠤᠯᠤᠨ᠎ᠠ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ | ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠵᠤ ᠬᠠᠮᠢᠶᠠᠷᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ᠂ | ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠲᠣᠰ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ | ᠭᠦᠢᠴᠡᠳᠬᠡᠯ ᠤᠨ ᠲᠥᠰᠦᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ ᠲᠤᠰ ᠱᠠᠲᠤᠨ ᠤ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢ ᠦᠨᠡᠯᠡᠬᠦ | ᠰᠢᠰᠲ᠋ᠧᠮᠵᠢ ᠪᠠ ᠮᠡᠳᠡᠭᠡ ᠵᠠᠩᠭᠢ ᠶᠢ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ | ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡ ᠶᠢᠨ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠳᠠᠭᠠᠳᠬᠠᠯ ᠤᠨ | ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠰᠢᠭᠤᠳ ᠬᠠᠷᠢᠶ᠎ᠠ ᠨᠢᠭᠡᠴᠡ ᠶᠢᠨ ᠳᠣᠲᠣᠭᠠᠳᠤ ᠶᠢᠨ ᠬᠢᠨᠠᠨ ᠪᠣᠳᠣᠬᠤ | ᠠᠵᠢᠯ ᠢ ᠡᠭᠦᠷᠭᠡᠯᠡᠨ᠎ᠡ᠃ | ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠪᠣᠯᠤᠨ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠨᠠᠮ ᠤᠨ | ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ | ᠭᠤᠷᠪᠠ᠂ ᠬᠠᠷᠢᠯᠴᠠᠬᠤ ᠠᠷᠭ᠎ᠠ ᠮᠠᠶ᠋ᠢᠭ | ᠠᠵᠢᠯᠯᠠᠬᠤ ᠭᠠᠵᠠᠷ᠄ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠭᠡᠰᠡᠷ ᠵᠡᠭᠡᠯᠢ ᠶᠢᠨ ᠪᠠᠶᠢᠴᠠᠭᠠᠬᠤ ᠬᠤᠷᠢᠶ᠎ᠠ ᠶᠢᠨ ᠵᠡᠭᠦᠨ ᠨᠡᠶᠢᠭᠡᠮ ᠤᠨ | ᠪᠠᠲᠤᠯᠠᠭ᠎ᠠ ᠶᠢᠨ ᠲᠣᠮᠣ ᠠᠰᠠᠷ ᠤᠨ 411 ᠲᠠᠰᠤᠭ᠃ | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30-11᠄ 30᠂ ᠦᠳᠡ ᠶᠢᠨ ᠬᠤᠶᠢᠨ᠎ᠠ 14᠄ 3017᠄ 30᠃ | ᠬᠠᠷᠢᠯᠴᠠᠬᠤ ᠤᠲᠠᠰᠤ᠄ 04766623882᠃ | ᠬᠠᠷᠢᠭᠤᠴᠠᠯᠭᠠᠲᠠᠨ᠄ ᠤᠯᠠᠭᠠᠨᠪᠠᠭᠠᠲᠤᠷ |