ᠪᠠᠭᠠᠷᠢᠨ ᠪᠠᠷᠠᠭᠤᠨ ᠬᠤᠰᠢᠭᠤᠨ ᠤ 2024 ᠣᠨ ᠤ ᠬᠢᠲᠠᠳ ᠡᠮᠨᠡᠯᠭᠡ᠂ ᠮᠣᠩᠭᠤᠯ ᠡᠮᠨᠡᠯᠭᠡ᠂ ᠡᠮ ᠤᠨ ᠰᠤᠳᠤᠯᠤᠯ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠭᠤᠶᠤᠴᠢᠯᠠᠨ ᠮᠡᠳᠡᠭᠦᠯᠬᠦ ᠬᠥᠮᠦᠰ ᠤᠨ ᠵᠠ᠊
ᠨᠡᠶᠢᠲᠡᠯᠡᠭᠰᠡᠨ ᠴᠠᠭ᠄
2024/11/15
      ᠤᠯᠠᠭᠠᠨᠬᠠᠳᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽2024 ᠣᠨ ᠤ ᠪᠥᠬᠦ ᠬᠤᠲᠠ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠤᠯᠠᠭᠠᠨᠬᠠᠳᠠ ᠨᠡᠶᠢᠭᠡᠮ ᠠᠯᠪᠠᠨ ᠲᠠᠷᠬᠠᠭᠠᠭᠰᠠᠨ  ﹇2024﹈59 ᠳ᠋ᠦᠭᠡᠷ ᠲᠣᠭᠠᠲᠤ︶ ᠵᠢᠴᠢ ᠥᠪᠥᠷ ᠮᠣᠩᠭᠤᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽2024 ᠣᠨ ᠤ ᠡᠷᠡᠭᠦᠯ ᠬᠠᠮᠠᠭᠠᠯᠠᠯ ᠤᠨ ᠰᠢᠷᠢᠰ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ︾ ︵ᠥᠪᠥᠷ ᠡᠷᠡᠭᠦᠯ ᠠᠯᠪᠠᠨ ᠳᠤᠮᠳᠠᠳᠤ ︵ᠮᠣᠩᠭᠤᠯ︶ ᠤᠯᠠᠮᠵᠢᠯᠠᠨ ᠵᠠᠯᠭᠠᠮᠵᠢᠯᠠᠬᠤ ᠥᠰᠥᠭ ﹇2024﹈755 ᠳ᠋ᠤᠭᠠᠷ ᠲᠣᠭᠠᠲᠤ ︶᠂ ᠥᠪᠥᠷ ᠮᠣᠩᠭᠤᠯ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽2024 ᠣᠨ ᠤ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠰᠢᠷᠢᠰ ᠡᠮ ᠤᠨ ᠤᠬᠠᠭᠠᠨ ᠪᠠ ᠡᠮ ᠤᠨ  ᠵᠦᠢᠯ ᠤᠨ ᠢᠨᠵᠧᠨᠧᠷᠢᠩ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠢᠨᠠᠯᠲᠠ ᠵᠠᠬᠢᠳᠠᠯ ﹇2024﹈ 302 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠪᠠᠷ ᠣᠳᠣ ᠪᠦᠬᠦ ᠬᠤᠰᠢᠭᠤᠨ ᠤ ᠬᠢᠲᠠᠳ ᠡᠮᠨᠡᠯᠭᠡ᠂ ᠮᠣᠩᠭᠤᠯ ᠡᠮᠨᠡᠯᠭᠡ᠂ ᠡᠮ ᠤᠨ ᠰᠤᠳᠤᠯᠤᠯ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠭᠤᠶᠤᠴᠢᠯᠠᠨ ᠮᠡᠳᠡᠭᠦᠯᠬᠦ ᠬᠥᠮᠦᠰ ᠢ ᠢᠯᠡ ᠨᠡᠶᠢᠲᠡᠯᠡᠨ᠎ᠡ᠂ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ᠃       ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠤᠨᠳᠤᠤ ᠰᠠᠨᠠᠯ ᠲᠠᠢ ᠪᠣᠯ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠲᠠᠰᠤᠭ ᠲᠤ ᠠᠰᠠᠭᠤᠳᠠᠯ ᠢ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠠᠭᠠᠨ ᠦᠨᠡᠨ ᠠᠴᠠ ᠵᠥᠪ ᠢ ᠡᠷᠢᠬᠦ ᠶᠢᠨ ᠬᠠᠮᠲᠤ ᠪᠢᠴᠢᠭ ᠤᠨ ᠮᠠᠲ᠋ᠧᠷᠢᠶᠠᠯ ᠳᠠᠭᠠᠯᠳᠤᠭᠤᠯᠵᠤ᠂ ᠦᠨᠡᠨ ᠪᠣᠳᠠᠲᠠᠢ ᠤᠪᠤᠭ ᠨᠡᠷ᠎ᠡ᠂ ᠬᠠᠷᠢᠯᠴᠠᠬᠤ ᠤᠲᠠᠰᠤ ᠪᠠᠨ ᠪᠢᠴᠢᠵᠦ᠂ ᠲᠠᠷᠠᠭᠠᠴᠢ ᠶᠢᠨ ᠠᠯᠬᠤᠮ ᠳᠤ ᠬᠢᠨᠠᠨ ᠬᠠᠷᠭᠤᠭᠤᠯᠬᠤ ᠪᠠ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠲᠦᠬᠦᠮ ᠪᠣᠯᠭᠠᠬᠤ ᠬᠡᠷᠡᠭᠲᠡᠢ᠃       ᠢᠯᠡ ᠨᠡᠶᠢᠲᠡᠯᠡᠬᠦ ᠴᠠᠭ᠄ 2024 ᠣᠨ ᠤ 11 ᠰᠠᠷ᠎ᠠ ᠶᠢᠨ 14᠎ ᠤ ᠡᠳᠦᠷ- 2024 ᠣᠨ ᠤ 11 ᠰᠠᠷ᠎ᠠ ᠶᠢᠨ 20᠎ ᠤ ᠡᠳᠦᠷ᠃       ᠬᠠᠷᠢᠯᠴᠠᠬᠤ ᠤᠲᠠᠰᠤ᠄ 0476 - 6216208      0476 - 6216168᠃       ᠳᠠᠭᠠᠯᠳᠤᠭᠤᠯᠤᠯ᠄ ᠪᠠᠭᠠᠷᠢᠨ ᠪᠠᠷᠠᠭᠤᠨ ᠬᠤᠰᠢᠭᠤᠨ ᠤ 2024 ᠣᠨ ᠳᠤ ᠬᠢᠲᠠᠳ ᠡᠮᠨᠡᠯᠭᠡ᠂ ᠮᠣᠩᠭᠤᠯ ᠡᠮᠨᠡᠯᠭᠡ᠂ ᠡᠮ ᠤᠨ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ  ᠭᠤᠶᠤᠴᠢᠯᠠᠨ ᠮᠡᠳᠡᠬᠦᠯᠬᠦ ᠬᠦᠮᠦᠰ ᠤᠨ ᠨᠠᠷᠡᠰ ᠤᠨ ᠪᠦᠷᠢᠳᠬᠡᠯ                    ᠪᠠᠭᠠᠷᠢᠨ ᠪᠠᠷᠠᠭᠤᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                               2024 ᠣᠨ ᠤ 11 ᠰᠠᠷ᠎ᠠ ᠶᠢᠨ 14᠎ ᠤ ᠡᠳᠦᠷ
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ