ᠦᠰᠦᠭ ᠳᠠᠶᠢᠯᠣᠮᠵᠢ᠄ ᠪᠠᠭᠠᠷᠢᠨ ᠪᠠᠷᠠᠭᠤᠨ ᠬᠤᠰᠢᠭᠤᠨ ᠤ ᠰᠤᠷᠤᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢᠲᠦ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ︵ᠵᠢᠭᠡᠯᠡᠯᠭᠡ ᠪᠤᠴᠠᠭᠠᠵᠤ ᠠᠪᠤᠷᠠᠨ ᠲᠤᠰᠠᠯᠠᠬᠤ︶᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ( ᠨᠢᠭᠡ)
ᠨᠡᠶᠢᠲᠡᠯᠡᠭᠰᠡᠨ ᠴᠠᠭ᠄
2024/11/17
       ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠪᠤᠴᠠᠭᠠᠬᠤ ᠠᠪᠤᠷᠠᠨ ᠲᠤᠰᠠᠯᠠᠬᠤ ᠲᠣᠭᠲᠠᠴᠠ ᠶᠢ ᠨᠠᠶᠢᠳᠠᠪᠤᠷᠵᠢᠭᠤᠯᠵᠦ᠂ ᠤᠯᠤᠰ ᠤᠨ ᠨᠡᠭᠡᠭᠡᠯᠲᠡ ᠶᠢᠨ ᠪᠠᠩᠬᠢ ᠶᠢᠨ ᠰᠤᠷᠤᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠠᠵᠢᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠦᠯᠦᠬᠡ᠂ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠡᠪᠯᠡᠯ ᠤᠨ ︽ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠤᠬᠠᠶ ᠰᠠᠨᠠᠯ ᠤᠳ︾ ︵ᠰᠤᠷᠭᠠᠨ ᠡᠳ  ﹇2015﹈ 7 ᠲᠤᠭᠠᠳᠤ︶ ᠵᠢᠴᠢ ᠪᠦᠬᠦ ᠤᠯᠤᠰ ᠤᠨ ᠰᠤᠷᠤᠭᠴᠢᠳ ᠢ ᠲᠤᠰᠠᠯᠠᠬᠤ ᠬᠠᠮᠢᠶᠠᠷᠤᠯᠲᠠ ᠶᠢᠨ ᠲᠥᠪ ᠬᠢᠭᠡᠳ ᠤᠯᠤᠰ ᠤᠨ ᠨᠡᠭᠡᠭᠡᠯᠲᠡ ᠶᠢᠨ ᠪᠠᠩᠬᠢ ᠶᠢᠨ ᠶᠠᠳᠠᠭᠤ ᠶᠢ ᠲᠡᠳᠬᠦᠬᠦ ᠮᠥᠩᠭᠦᠨ ᠭᠦᠢᠯᠭᠡᠭᠡᠨ ᠤ ᠠᠵᠢᠯ ᠦᠢᠯᠡᠰ ᠤᠨ ᠬᠡᠯᠲᠡᠰ ᠤᠨ ᠣᠷᠣᠨ ᠪᠦᠰᠡ ᠶᠢᠨ ᠨᠡᠭᠡᠭᠡᠯᠲᠡ ᠶᠢᠨ ᠲᠣᠪᠴᠢᠶ᠎ᠠ ᠶᠢᠨ ᠬᠠᠮᠲᠤᠷᠠᠨ ᠲᠣᠭᠲᠠᠭᠠᠭᠰᠠᠨ ︽ᠤᠯᠤᠰ ᠤᠨ ᠨᠡᠭᠡᠭᠡᠯᠲᠡ ᠶᠢᠨ ᠪᠠᠩᠬᠢ ᠶᠢᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠵᠣᠭᠤᠰ ᠪᠤᠴᠠᠭᠠᠬᠤ ᠶᠢᠨ ᠠᠪᠤᠷᠠᠨ ᠲᠤᠰᠠᠯᠠᠬᠤ ᠠᠵᠢᠯᠯᠠᠭᠠᠨ ᠤ ᠳᠦᠷᠢᠮ︾᠎ ᠢ ᠦᠨᠳᠦᠰᠦᠯᠡᠨ᠂ ᠨᠢᠭᠡ ᠬᠡᠦᠬᠡᠳ ᠢ ᠴᠦ ᠶᠠᠳᠠᠭᠤ ᠬᠦᠴᠢᠷᠳᠡᠯ ᠠᠴᠠ ᠪᠣᠯᠵᠤ ᠰᠤᠷᠤᠯᠭ᠎ᠠ ᠠᠯᠳᠠᠭᠤᠯᠬᠤ ᠦᠭᠡᠢ ᠶᠢ ᠦᠢᠯᠡᠳᠦᠯᠬᠡᠵᠢᠬᠦᠯᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠡᠭᠡᠭᠡᠯᠲᠡ ᠶᠢᠨ ᠪᠠᠩᠬᠢ ᠶᠢᠨ ᠰᠤᠷᠤᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠵᠤᠭᠤᠰ ᠪᠤᠴᠠᠭᠠᠵᠤ ᠠᠪᠤᠷᠠᠨ ᠲᠤᠰᠠᠯᠠᠬᠤ ᠠᠵᠢᠯᠯᠠᠭᠠᠨ ᠤ ᠨᠠᠷᠢᠨ ᠳᠦᠷᠢᠮ︾᠎ ᠢ ᠲᠣᠭᠲᠠᠭᠠᠨ ᠨᠡᠶᠢᠲᠡᠯᠡᠪᠡ᠃ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ᠄       1 . ᠦᠬᠦᠭᠰᠡᠨ᠂ ᠠᠯᠠᠭ᠎ᠠ ᠪᠣᠯᠤᠭᠰᠠᠨ᠂ ᠶᠠᠮᠠᠷ ᠨᠢᠭᠡᠨ ᠰᠢᠯᠲᠠᠭᠠᠨ ᠠᠴᠠ ᠪᠤᠯᠵᠤ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠣᠯᠤᠭᠰᠠᠨ᠂ ᠲᠤᠰ ᠬᠥᠮᠦᠨ ᠨᠢ ᠬᠦᠨᠳᠦ ᠶᠡᠭᠡ ᠡᠪᠡᠳᠴᠢᠨ ᠳᠤ ᠨᠡᠷᠪᠡᠭᠳᠡᠭᠰᠡᠨ ᠪᠤᠶᠤ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠡᠴᠢᠭᠡ ᠡᠭᠡ ᠨᠢ ᠬᠤᠶᠠᠭᠤᠯᠠ ᠪᠠᠨ ᠦᠬᠦᠭᠰᠡᠨ ︵ᠡᠴᠢᠭᠡ ᠡᠭᠡ ᠨᠢ ᠦᠬᠦᠭᠰᠡᠨ ᠪᠤᠶᠤ ᠡᠴᠢᠭᠡ ᠡᠭᠡ ᠨᠢ ᠠᠯᠠᠭ᠎ᠠ ᠪᠣᠯᠤᠭᠰᠠᠨ ᠪᠠᠭᠲᠠᠨ᠎ᠠ︶ ᠰᠤᠷᠭᠠᠭᠤᠯᠢ ᠲᠡᠭᠦᠰᠬᠦ ᠵᠣᠭᠤᠰ ᠵᠢᠭᠡᠯᠡᠭᠰᠡᠨ ᠰᠤᠷᠤᠬᠴᠢ᠃     2 . ᠰᠤᠷᠤᠭᠴᠢᠳ ᠤᠨ ᠵᠢᠭᠡᠯᠡᠯᠭᠡ ᠵᠢᠭᠡᠯᠡᠬᠦ ᠬᠤᠭᠤᠴᠠᠭᠠᠨ ᠳᠤ ᠡᠴᠢᠭᠡ ᠡᠬᠡ ᠨᠢ ᠬᠦᠨᠳᠦ ᠶᠡᠭᠡ ᠡᠪᠡᠳᠴᠢᠨ ᠳᠤ ᠨᠡᠷᠪᠡᠭᠳᠡᠭᠰᠡᠨ ᠪᠤᠶᠤ ᠤᠴᠢᠷ ᠰᠢᠯᠲᠠᠭᠠᠨ ᠠᠴᠠ ᠪᠣᠯᠵᠤ ᠦᠬᠦᠭᠰᠡᠨ᠂ ᠰᠤᠷᠠᠭ ᠦᠭᠡᠶ ᠪᠣᠯᠤᠭᠰᠠᠨ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠠᠴᠠ ᠪᠣᠯᠵᠤ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠣᠯᠤᠭᠰᠠᠨ ᠰᠤᠷᠭᠠᠭᠤᠯᠢ  ᠲᠡᠬᠦᠰᠬᠦ ᠵᠣᠭᠤᠰ ᠵᠢᠭᠡᠯᠡᠭᠰᠡᠨ ᠰᠤᠷᠤᠭᠴᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ