| | | | ᠭᠤᠶᠤᠴᠢᠯᠠᠨ ᠮᠡᠳᠡᠭᠦᠯᠬᠦ ᠮᠠᠲ᠋ᠧᠷᠢᠶᠠᠯ᠄ | 1 . ᠰᠣᠷᠣᠭᠴᠢ ᠵᠢᠴᠢ ᠬᠠᠮᠲᠤ ᠵᠣᠭᠤᠰ ᠵᠢᠭᠡᠯᠡᠭᠴᠢ ᠪᠤᠶᠤ ᠬᠡᠷ ᠪᠦᠯᠢ ᠶᠢᠨ ᠪᠦᠷᠢᠯᠳᠦᠬᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠣᠭ | ᠮᠠᠲ᠋ᠧᠷᠢᠶᠠᠯ ᠪᠠ ᠬᠠᠭᠤᠯᠪᠤᠷᠢ᠃ | 2 . ᠵᠣᠭᠤᠰ ᠵᠢᠭᠡᠯᠡᠭᠰᠡᠨ ᠰᠤᠷᠤᠭᠴᠢ ᠪᠤᠶᠤ ᠡᠴᠢᠭᠡ ᠡᠬᠡ ᠨᠢ ᠦᠬᠦᠭᠰᠡᠨ ᠪᠣᠯ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠰᠠᠯᠠᠭ᠎ᠠ ᠮᠥᠴᠢᠷ ᠠᠴᠠ | ᠭᠠᠷᠭᠠᠭᠰᠠᠨ ᠦᠬᠦᠭᠰᠡᠨ ᠭᠡᠷᠡᠴᠢ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠷᠭᠠᠭᠰᠠᠨ ᠰᠠᠭᠤᠭᠠᠯᠢ ᠠᠷᠠᠳ ᠤᠨ ᠡᠷᠦᠬᠡ ᠠᠮᠠ ᠶᠢ ᠬᠦᠴᠦᠨ ᠦᠭᠡᠶ | ᠪᠣᠯᠭᠠᠭᠰᠠᠨ ᠭᠡᠷᠡᠴᠢ ᠶᠢᠨ ᠤᠭ ᠮᠠᠲ᠋ᠧᠷᠢᠶᠠᠯ ᠪᠠ ᠬᠠᠭᠤᠯᠪᠤᠷᠢ ᠶᠢ ᠬᠠᠩᠭᠠᠬᠤ ᠬᠡᠷᠡᠭᠲᠡᠶ︔ ᠵᠣᠭᠤᠰ ᠵᠢᠭᠡᠯᠡᠭᠰᠡᠨ ᠰᠤᠷᠤᠭᠴᠢ ᠪᠤᠶᠤ ᠡᠴᠢᠭᠡ ᠡᠬᠡ ᠨᠢ ᠰᠤᠷᠠᠭ ᠦᠭᠡᠶ | ᠪᠣᠯᠤᠭᠰᠠᠨ ᠪᠣᠯ᠂ ᠠᠷᠠᠳ ᠤᠨ ᠰᠢᠭᠦᠬᠦ ᠬᠤᠷᠢᠶ᠎ᠠ ᠠᠴᠠ ᠭᠠᠷᠭᠠᠭᠰᠠᠨ ᠠᠯᠠᠭ᠎ᠠ ᠪᠣᠯᠤᠭᠰᠠᠨ ᠭᠡᠷᠡᠴᠢ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠭᠠᠷᠭᠠᠭᠰᠠᠨ ᠰᠠᠭᠤᠭᠠᠯᠢ ᠠᠷᠠᠳ ᠤᠨ ᠡᠷᠦᠬᠡ ᠠᠮᠠ ᠶᠢ ᠬᠦᠴᠦᠨ ᠦᠭᠡᠶ ᠪᠣᠯᠭᠠᠭᠰᠠᠨ ᠭᠡᠷᠡᠴᠢ ᠶᠢᠨ ᠤᠭ ᠮᠠᠲ᠋ᠧᠷᠢᠶᠠᠯ ᠪᠠ ᠬᠠᠭᠤᠯᠪᠤᠷᠢ ᠶᠢ ᠬᠠᠩᠭᠠᠬᠤ ᠬᠡᠷᠡᠭᠲᠡᠶ᠃ | 3 .ᠵᠣᠭᠤᠰ ᠵᠢᠭᠡᠯᠡᠭᠰᠡᠨ ᠰᠤᠷᠤᠭᠴᠢ ᠪᠤᠶᠤ ᠡᠴᠢᠭᠡ ᠡᠭᠡ ᠨᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ | ︵ᠰᠢᠶᠠᠨ ᠤ ᠱᠠᠳᠤ ᠶᠢ ᠪᠠᠭᠲᠠᠭᠠᠨ᠎ᠠ︶ ᠬᠥᠳᠡᠯᠮᠦᠷᠢ ᠶᠢᠨ ᠬᠢᠨᠠᠨ ᠲᠣᠭᠲᠠᠭᠠᠬᠤ ᠺᠣᠮᠢᠰ ᠠᠴᠠ ︽ᠬᠥᠳᠡᠯᠮᠦᠷᠢ ᠶᠢᠨ ᠴᠢᠳᠠᠪᠤᠷᠢ ᠶᠢ ᠬᠢᠨᠠᠨ ᠲᠣᠭᠲᠠᠭᠠᠬᠤ ᠠᠵᠢᠯᠳᠠᠨ | ᠠᠵᠢᠯᠴᠢᠨ ᠤ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠪᠠ ᠠᠵᠢᠯ ᠤᠨ ᠨᠥᠯᠥᠭᠡᠨ ᠤ ᠡᠪᠡᠳᠴᠢᠨ ᠠᠴᠠ ᠪᠣᠯᠤᠭᠰᠠᠨ ᠵᠡᠮᠳᠡᠭ ᠤᠨ ᠲᠡᠰ︾ ︵GB / T | 16180 - 2014︶ ᠤᠨ ᠳᠤᠮᠳᠠ ᠨᠢᠭᠡ ᠠᠴᠠ ᠬᠤᠶᠠᠳᠤᠭᠠᠷ ᠳᠡᠰ ᠤᠨ ᠪᠠᠷᠢᠮᠵᠢᠶ᠎ᠠ ᠶᠢ ᠦᠨᠳᠦᠰᠦᠯᠡᠵᠦ ᠭᠠᠷᠭᠠᠭᠰᠠᠨ ᠬᠥᠳᠡᠯᠮᠦᠷᠢ ᠶᠢᠨ ᠴᠢᠳᠠᠪᠤᠷᠢ ᠶᠢ ᠬᠢᠨᠠᠨ | ᠲᠣᠭᠲᠠᠭᠠᠭᠰᠠᠨ ᠭᠡᠷᠡᠴᠢᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ ᠶᠢ ᠬᠠᠩᠭᠠᠬᠤ ᠬᠡᠷᠡᠭᠲᠡᠢ᠃ | 4 . ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠥᠬᠡᠶ ᠵᠣᠭᠤᠰ ᠵᠢᠭᠡᠯᠡᠭᠰᠡᠨ ᠰᠣᠷᠣᠭᠴᠢ᠂ ᠰᠢᠶᠠᠨ ᠤ ᠱᠠᠲᠤᠨ ᠠᠴᠠ ᠳᠡᠭᠡᠭᠰᠢᠬᠢ ︵ᠰᠢᠶᠠᠨ ᠤ | ᠱᠠᠲᠤ ᠪᠠᠭᠲᠠᠨ᠎ᠠ︶ ᠠᠷᠠᠳ ᠤᠨ ᠰᠢᠭᠦᠬᠦ ᠬᠤᠷᠢᠶ᠎ᠠ ᠶᠢᠨ ᠵᠣᠭᠤᠰ ᠵᠢᠭᠡᠯᠡᠭᠰᠡᠨ ᠰᠣᠷᠣᠭᠴᠢ ᠶᠢ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠥᠬᠡᠶ ᠭᠡᠵᠦ | ᠵᠠᠷᠯᠠᠭᠰᠠᠨ ᠲᠠᠰᠤᠯᠤᠯᠲᠠ ᠶᠢᠨ ᠪᠢᠴᠢᠭ ᠤᠨ ᠣᠭ ᠮᠠᠲ᠋ᠧᠷᠢᠶᠠᠯ ᠪᠠ ᠬᠠᠭᠤᠯᠪᠤᠷᠢ ᠶᠢ ᠬᠠᠩᠭᠠᠬᠤ ᠴᠢᠬᠤᠯᠠᠲᠠᠶ᠃ | 5 . ᠵᠣᠭᠤᠰ ᠵᠢᠭᠡᠯᠡᠭᠰᠡᠨ ᠰᠤᠷᠤᠭᠴᠢ ᠲᠤᠰ ᠬᠥᠮᠦᠨ ᠪᠤᠶᠤ ᠡᠴᠢᠭᠡ ᠡᠬᠡ ᠨᠢ ᠬᠦᠨᠳᠦ ᠡᠪᠡᠳᠴᠢᠨ ᠳᠤ ᠨᠡᠷᠪᠡᠭᠳᠡᠭᠰᠡᠨ ᠪᠣᠯ ᠲᠤᠬᠠᠶ ᠶᠢᠨ ᠭᠠᠵᠠᠷ ᠤᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠦᠨᠳᠦ ᠡᠪᠡᠳᠴᠢᠨ ᠤ ᠪᠠᠲᠤᠯᠠᠭ᠎ᠠ ᠶᠢᠨ ᠨᠥᠬᠦᠴᠡᠯ ᠳᠤ ᠨᠡᠶᠢᠴᠡᠭᠰᠡᠨ | ᠬᠠᠮᠢᠶ᠎ᠠ ᠪᠦᠬᠦᠢ ᠡᠮᠴᠢᠯᠡᠭᠡ ᠶᠢᠨ ᠳᠠᠭᠠᠳᠬᠠᠯ ᠤᠨ ᠳᠠᠩᠰᠠ ᠲᠠᠶᠢᠯᠬᠤ ᠭᠡᠷᠡᠴᠢ ᠪᠠᠷᠢᠮᠲᠠ ᠶᠢᠨ ᠤᠭ ᠮᠠᠲ᠋ᠧᠷᠢᠶᠠᠯ ᠪᠠ ᠬᠠᠭᠤᠯᠪᠤᠷᠢ ᠵᠢᠴᠢ ᠡᠪᠡᠳᠴᠢᠨ ᠤ | ᠥᠩᠭᠡᠷᠡᠯᠲᠡ ᠶᠢᠨ ᠬᠠᠭᠤᠯᠪᠤᠷᠢ ᠶᠢ ᠬᠠᠩᠭᠠᠬᠤ ᠬᠡᠷᠡᠭᠲᠡᠶ᠃ |