ᠤᠷᠤᠭ ᠳᠠᠩᠰᠠᠯᠠᠬᠤ ᠰᠢᠰᠲ᠋ᠧᠮ ᠢ ᠲᠠᠰ ᠲᠡᠪᠰᠢᠬᠦᠯᠦᠨ ᠰᠢᠯᠢᠳᠡᠭᠵᠢᠭᠦᠯᠵᠦ ᠲᠤᠬᠠᠶᠢᠯᠠᠭᠰᠠᠨ ᠠᠵᠢᠯ ᠬᠦᠢᠴᠡᠳᠬᠡᠬᠦ ᠶᠢ ᠲᠦᠷ ᠵᠣᠭᠰᠣᠭᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/11/21
      ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠭᠦᠢᠴᠡᠳᠭᠡᠬᠦ ᠪᠠᠷ ᠢᠷᠡᠭᠰᠡᠨ ᠣᠯᠠᠨ ᠲᠦᠮᠡᠨ ᠨᠢᠭᠡᠪᠦᠷᠢ ᠳᠤ ᠴᠥᠮ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠤᠷᠤᠭ ᠤᠨ ᠪᠦᠷᠢᠳᠬᠡᠯ ᠤᠨ ᠦᠢᠯᠡᠴᠢᠯᠡᠭᠡ ᠬᠦᠷᠲᠡᠭᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠭ ᠤᠨ ᠪᠦᠷᠢᠳᠬᠡᠯ ᠤᠨ ᠬᠠᠮᠢᠶᠠᠷᠤᠯᠲᠠ ᠶᠢᠨ ᠰᠢᠰᠲ᠋ᠧᠮ ᠣᠶᠢᠷ᠎ᠠ ᠳᠤ ᠨᠢᠭᠡ ᠤᠳᠠᠭ᠎ᠠ ᠪᠥᠬᠦ ᠲᠠᠯ᠎ᠠ ᠶᠢᠨ ᠰᠢᠰᠲ᠋ᠧᠮ ᠤᠨ ᠲᠠᠰ ᠳᠡᠪᠰᠢᠬᠦ ᠪᠠ ᠰᠢᠯᠢᠳᠡᠭᠵᠢᠭᠦᠯᠬᠦ ᠪᠣᠯᠤᠨ᠎ᠠ᠃ ᠲᠣᠰ ᠤᠳᠠᠭᠠᠨ ᠤ ᠰᠢᠰᠲ᠋ᠧᠮ ᠤᠨ ᠲᠠᠰ ᠳᠡᠪᠰᠢᠭᠦᠯᠬᠦ ᠴᠠᠭ ᠨᠢ 2024 ᠣᠨ ᠤ 11 ᠰᠠᠷ᠎ᠠ ᠶᠢᠨ 23᠎ ᠤ ᠡᠳᠦᠷ ︵ᠭᠠᠷᠠᠭ ᠤᠨ ᠵᠢᠷᠭᠤᠭᠠᠨ︶᠎ ᠠᠴᠠ 11 ᠰᠠᠷ᠎ᠠ ᠶᠢᠨ 24᠎ ᠤ ᠡᠳᠦᠷ ︵ᠭᠠᠷᠠᠭ ᠤᠨ ᠡᠳᠦᠷ︶ ᠪᠣᠯᠲᠠᠯᠠᠬᠢ ᠬᠤᠭᠤᠴᠠᠭᠠᠨ ᠳᠤ ᠤᠷᠤᠭ ᠤᠨ ᠳᠠᠩᠰᠠᠯᠠᠯᠲᠠ᠂ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠵᠡᠷᠭᠡ ᠲᠤᠬᠠᠶᠢᠯᠠᠭᠰᠠᠨ ᠠᠵᠢᠯ ᠢᠶᠠᠨ ᠲᠦᠷ ᠵᠣᠭᠰᠣᠭᠠᠨ᠎ᠠ᠃ ᠵᠢᠱᠢᠯᠲᠡ ᠪᠠᠷ 2024 ᠣᠨ ᠤ 11 ᠰᠠᠷ᠎ᠠ ᠶᠢᠨ 25᠎ ᠤ ᠡᠳᠦᠷ ᠤᠨ ᠦᠳᠡ ᠶᠢᠨ ᠡᠮᠦᠨᠡᠬᠢ 8 ᠴᠠᠭ 30 ᠮᠢᠨᠦ᠋ᠲ ᠠᠴᠠ ᠡᠬᠢᠯᠡᠨ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠬᠡᠪ ᠤᠨ ᠶᠣᠰᠣᠭᠠᠷ ᠭᠦᠢᠴᠡᠳᠭᠡᠬᠦ ᠶᠢ ᠰᠡᠷᠭᠦᠭᠡᠨ᠎ᠡ᠃ ᠥᠷᠭᠡᠨ ᠣᠯᠠᠨ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠥᠪᠡᠷ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠢᠳᠪᠦᠷᠢᠯᠡᠬᠦ ᠴᠠᠭ ᠢᠶᠠᠨ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠲᠠᠨ ᠤ ᠣᠶᠢᠯᠠᠭᠠᠯᠲᠠ ᠪᠠ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠬᠡᠷᠪᠡ ᠶᠠᠮᠠᠷ ᠮᠠᠳᠠᠭ ᠲᠠᠢ ᠪᠤᠶᠤ ᠬᠠᠪᠰᠤᠷᠬᠤ ᠴᠢᠬᠤᠯᠠᠲᠠᠢ ᠪᠣᠯ᠂ ᠪᠢᠳᠡ ᠴᠠᠭ ᠢᠮᠠᠭᠲᠠ ᠬᠠᠷᠢᠯᠴᠠᠵᠤ᠂ ᠪᠠᠭᠠᠷᠢᠨ ᠪᠠᠷᠠᠭᠤᠨ ᠬᠤᠰᠢᠭᠤᠨ ᠤ ᠣᠷᠤᠭ ᠳᠠᠩᠰᠠᠯᠠᠬᠤ ᠲᠥᠪ ᠲᠠᠨ ᠳᠤ ᠦᠨᠡᠨ ᠰᠡᠳᠬᠢᠯ ᠠᠴᠠ ᠪᠠᠨ ᠦᠢᠯᠡᠴᠢᠯᠡᠨ᠎ᠠ᠃        ᠬᠠᠷᠢᠯᠴᠠᠬᠤ ᠤᠲᠠᠰᠤ᠄ 0476 - 6223685                           0476-6222619                                ᠣᠨᠴᠠᠭᠠᠶᠢᠯᠠᠨ ᠵᠠᠷᠯᠠᠪᠠ︕                                              ᠪᠠᠭᠠᠷᠢᠨ ᠪᠠᠷᠠᠭᠤᠨ ᠬᠤᠰᠢᠭᠤᠨ ᠤ ᠤᠷᠤᠭ ᠳᠠᠩᠰᠠᠯᠠᠬᠤ ᠲᠥᠪ                                                 2024 ᠣᠨ ᠤ 11 ᠰᠠᠷ᠎ᠠ ᠶᠢᠨ 19᠎ ᠤ ᠡᠳᠦᠷ
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ