| | | | ᠡᠪᠦᠯ ᠤᠨ ᠤᠯᠠᠷᠢᠯ ᠪᠣᠯᠬᠤ ᠳᠤ᠂ ᠠᠭᠠᠷ ᠤᠨ ᠳᠤᠯᠠᠭᠠᠨ ᠪᠠᠭᠤᠷᠠᠵᠤ᠂ ᠲᠡᠨᠦᠭᠦᠯ ᠭᠤᠶᠢᠷᠠᠨᠴᠢ ᠵᠡᠷᠭᠡ ᠲᠦᠷ ᠴᠠᠭ ᠬᠦᠴᠢᠷᠳᠡᠯ ᠳᠤ ᠲᠤᠯᠭᠠᠷᠠᠭᠰᠠᠨ | ᠬᠥᠮᠦᠰ ᠤᠨ ᠪᠡᠶ᠎ᠡ ᠶᠢᠨ ᠠᠮᠤᠷ ᠲᠦᠪᠰᠢᠨ ᠪᠠ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠲᠡᠳᠡᠨ ᠤ ᠠᠮᠤᠷ ᠲᠦᠪᠰᠢᠨ ᠢᠶᠠᠷ ᠡᠪᠦᠯᠵᠢᠬᠦ᠂ ᠳᠤᠯᠠᠭᠠᠨ | ᠡᠪᠦᠯᠵᠢᠬᠦ ᠶᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 25 ᠤ ᠡᠳᠦᠷ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠶᠠᠪᠤᠳᠠᠯ ᠤᠨ | ᠶᠠᠮᠤᠨ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | 2024 ᠣᠨ ᠤ ︽ᠬᠠᠬᠢᠷ ᠡᠪᠦᠯ ᠳᠤ ᠬᠠᠯᠠᠭᠤᠨ ᠲᠤᠯᠠᠭᠠᠨ ᠬᠦᠷᠭᠡᠬᠦ︾ ᠲᠤᠰᠬᠠᠶ ᠠᠪᠤᠷᠠᠨ ᠲᠤᠰᠠᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ᠃ | ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠪᠦᠯ ᠠᠴᠠ ᠨᠠᠰᠢ᠂ ︽ᠬᠠᠬᠢᠷ ᠡᠪᠦᠯ ᠤᠨ | ᠬᠠᠯᠠᠭᠤᠨ ᠲᠤᠯᠠᠭᠠᠨ ᠬᠦᠷᠭᠡᠬᠦ︾ ᠲᠤᠰᠬᠠᠶ ᠠᠵᠢᠯᠯᠠᠭ᠎ᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ | ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠰᠬᠠᠶ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ ᠢ ᠲᠣᠭᠲᠠᠭᠠᠨ᠂ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠰᠡᠳᠬᠢᠯ ᠲᠠᠯᠪᠢᠵᠤ ︽ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠪᠣᠳᠠᠲᠠᠶ | ᠠᠵᠢᠯ ᠬᠢᠵᠦ᠂ ᠬᠠᠶᠢᠷ᠎ᠠ ᠬᠠᠯᠠᠮᠵᠢ ᠬᠦᠷᠭᠡᠬᠦ︾ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨ ᠬᠦ ᠪᠠᠲᠤᠯᠠᠨ᠎ᠠ᠃ ᠬᠠᠮᠢᠶ᠎ᠠ ᠪᠦᠬᠦᠢ ᠰᠠᠯᠠᠭ᠎ᠠ | ᠮᠥᠴᠢᠷ ᠲᠠᠢ ᠬᠤᠯᠪᠣᠭᠠᠯᠠᠨ᠂ ᠲᠡᠷᠭᠡᠨ ᠥᠷᠲᠡᠭᠡ᠂ ᠠᠭᠤᠳᠠᠮ ᠲᠠᠯᠠᠪᠠᠢ᠂ ᠬᠥᠭᠦᠷᠭᠡ ᠶᠢᠨ ᠭᠤᠯᠳᠤᠩ᠂ ᠬᠥᠭᠵᠢᠶᠡᠨ ᠨᠠᠷᠭᠢᠶᠠᠨ ᠲᠠᠢ ᠵᠠᠮ ᠤᠨ ᠬᠡᠰᠡᠭ ᠵᠡᠷᠭᠡ | ᠭᠤᠤᠯᠳᠠᠯᠭ᠎ᠠ ᠲᠠᠢ ᠣᠷᠣᠨ ᠪᠦᠰᠡ ᠳᠤ ᠲᠤᠰᠬᠠᠶ ᠲᠣᠭᠤᠷᠢᠨ ᠪᠠᠶᠢᠴᠠᠭᠠᠯᠲᠠ ᠥᠷᠨᠢᠭᠦᠯᠵᠦ᠂ ᠰᠥᠨᠢ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠳᠣᠤᠷ᠎ᠠ | ᠳᠤᠯᠠᠭᠠᠨ ᠵᠡᠷᠭᠡ ᠴᠠᠭ ᠬᠤᠭᠤᠴᠠᠭ᠎ᠠ ᠪᠠ ᠲᠦᠢᠯ ᠤᠨ ᠴᠠᠭ ᠠᠭᠤᠷ ᠤᠨ ᠲᠣᠭᠤᠷᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠦᠨ᠂ ᠲᠥᠷᠥᠯ ᠬᠤᠪᠢᠶᠠᠨ ᠠᠪᠤᠷᠠᠨ | ᠲᠤᠰᠠᠯᠠᠬᠤ ᠶᠢ ᠰᠠᠶᠢᠲᠤᠷ ᠬᠢᠵᠦ᠂ ᠠᠪᠤᠷᠠᠨ ᠲᠤᠰᠠᠯᠠᠬᠤ ᠲᠣᠤᠷ ᠰᠦᠯᠵᠢᠶ᠎ᠡ ᠶᠢ ᠨᠢᠭᠲᠠ ᠰᠦᠯᠵᠢᠵᠦ᠂ ᠲᠥᠷᠥᠯ ᠰᠠᠳᠤᠨ ᠢᠶᠠᠨ ᠡᠷᠢᠵᠤ ᠤᠯᠬᠤ ᠦᠭᠡᠢ᠂ | ᠭᠡᠷ ᠠᠴᠠ ᠪᠠᠨ ᠰᠠᠯᠵᠤ ᠶᠠᠪᠤᠬᠤ ᠵᠡᠷᠭᠡ ᠬᠦᠴᠢᠷᠳᠡᠯ ᠳᠤ ᠲᠤᠯᠭᠠᠷᠠᠭᠰᠠᠨ ᠬᠥᠮᠦᠰ ᠢ ᠪᠣᠳᠠᠲᠠᠶ ᠬᠡᠷᠡᠭᠴᠡᠭᠡ ᠶᠣᠰᠣᠭᠠᠷ ᠲᠥᠷᠥᠯ ᠬᠤᠪᠢᠶᠠᠨ ᠠᠪᠤᠷᠠᠨ ᠲᠤᠰᠠᠯᠠᠵᠤ᠂ | ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠲᠤ ᠴᠠᠭ ᠲᠤᠬᠠᠶ ᠳᠤᠨᠢ ᠬᠦᠢᠲᠡᠨ ᠠᠴᠠ ᠰᠡᠷᠭᠡᠶᠢᠯᠡᠨ ᠳᠤᠯᠠᠭᠠᠯᠠᠬᠤ ᠦᠢᠯᠡᠴᠢᠯᠡᠭᠡ ᠬᠠᠩᠭᠠᠬᠤ ᠶᠢ ᠦᠨᠡᠨᠬᠦ | ᠪᠠᠳᠤᠯᠠᠨ᠎ᠠ᠃ ᠡᠭᠦᠨ ᠤ ᠬᠠᠮᠲᠤ 24 ᠴᠠᠭ ᠤᠨ ᠠᠪᠤᠷᠠᠨ ᠲᠤᠰᠠᠯᠠᠬᠤ ᠬᠠᠯᠠᠭᠤᠨ ᠤᠲᠠᠰᠤ ᠶᠢ ᠨᠡᠪᠲᠡᠷᠡᠭᠦᠯᠵᠦ᠂ ᠲᠡᠨᠦᠭᠦᠯ ᠭᠤᠶᠢᠷᠠᠨᠴᠢ ᠪᠠ ᠬᠦᠴᠢᠷᠳᠡᠯ ᠳᠤ | ᠲᠤᠯᠭᠠᠷᠠᠭᠰᠠᠨ ᠪᠤᠰᠤᠳ ᠬᠥᠮᠦᠰ ᠲᠤ ᠲᠦᠷ ᠴᠠᠭ ᠤᠨ ᠴᠢᠨᠠᠷᠲᠠᠶ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠵᠤ᠂ ᠲᠡᠳᠡᠨ ᠤ ᠠᠮᠢ ᠨᠠᠰᠤ ᠡᠷᠡᠭᠦᠯ ᠮᠡᠨᠳᠦ ᠶᠢᠨ | ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠥᠯᠳᠡᠵᠦ ᠰᠢᠷᠬᠠᠲᠤᠬᠤ᠂ ᠥᠯᠪᠡᠷᠡᠵᠦ ᠦᠬᠦᠬᠦ ᠵᠡᠷᠭᠡ ᠨᠡᠶᠢᠭᠡᠮ ᠤᠨ ᠶᠣᠰᠣ ᠮᠣᠷᠠᠯ ᠤᠨ ᠬᠤᠷᠢᠭ᠎ᠠ ᠱᠤᠭᠤᠮ ᠢ | ᠨᠦᠯᠦᠬᠡᠯᠡᠬᠦ ᠬᠡᠷᠡᠭ ᠡᠭᠦᠰᠬᠦ ᠶᠢ ᠡᠷᠡᠰ ᠬᠤᠷᠢᠭᠯᠠᠨ᠎ᠠ᠃ | ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠣᠯᠠᠨ ᠲᠦᠮᠡᠨ ᠤ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠡᠮᠨᠡᠯᠭᠡ ᠶᠢᠨ ᠬᠤᠷᠢᠶ᠎ᠠ᠂ | ᠰᠣᠶᠣᠯ ᠤᠨ ᠠᠭᠤᠳᠠᠮ ᠲᠠᠯᠠᠪᠠᠶ᠂ ᠲᠡᠷᠭᠡᠨ ᠥᠷᠲᠡᠭᠡ᠂ ᠬᠤᠳᠠᠯᠳᠤᠭᠠᠨ ᠤ ᠲᠠᠯᠠᠪᠤᠷ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠲᠤ ᠲᠣᠰ ᠲᠣᠰ ᠬᠥᠨᠳᠡᠯᠡᠨ | ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠠᠪᠤᠷᠠᠨ ᠲᠤᠰᠠᠯᠠᠬᠤ ᠬᠠᠮᠢᠶᠠᠷᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠠᠪᠤᠷᠠᠨ ᠲᠤᠰᠠᠯᠠᠬᠤ | ᠠᠵᠢᠯᠯᠠᠭ᠎ᠠ ᠶᠢᠨ ᠣᠶᠢᠯᠠᠭᠠᠬᠤ ᠨᠣᠷᠮ᠎ᠠ ᠶᠢ ᠲᠠᠰᠤᠷᠠᠯᠲᠠ ᠥᠬᠡᠶ ᠥᠷᠭᠡᠳᠬᠡᠨ᠎ᠡ᠃ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠳᠦᠷ ᠲᠤᠲᠤᠮ ᠤᠨ | ᠠᠮᠢᠳᠤᠷᠠᠯ ᠤᠨ ᠳᠤᠮᠳᠠ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠵᠢᠴᠢ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠦᠰ ᠲᠠᠢ ᠲᠠᠭᠠᠷᠠᠯᠳᠤᠵᠤ | ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠭᠰᠠᠨ ᠰᠦᠪᠡᠭᠴᠢ ᠶᠢ ᠬᠠᠩᠭᠠᠵᠤ᠂ ᠪᠥᠬᠦ ᠨᠡᠶᠢᠭᠡᠮ ᠢᠶᠠᠷ ᠢᠶᠠᠨ ᠲᠡᠨᠦᠭᠦᠴᠢᠯᠡᠨ ᠭᠤᠶᠢᠷᠠᠨᠴᠢᠯᠠᠵᠤ | ᠪᠠᠶᠢᠭ᠎ᠠ ᠬᠥᠮᠦᠰ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠎ᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠬᠠᠬᠢᠷ ᠡᠪᠦᠯ ᠳᠤ ᠬᠠᠯᠠᠭᠤᠨ ᠲᠤᠯᠠᠭᠠᠨ ᠬᠦᠷᠭᠡᠬᠦ︾ ᠲᠤᠰᠬᠠᠶ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠠᠵᠢᠯ ᠤᠨ | ᠣᠶᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ︽ᠬᠤᠷᠢᠭ᠎ᠠ ᠱᠤᠭᠤᠮ ᠢ ᠰᠠᠬᠢᠬᠤ᠂ ᠪᠠᠴᠢᠮ ᠬᠦᠴᠢᠷᠳᠡᠯ ᠠᠴᠠ | ᠠᠪᠤᠷᠠᠬᠤ︾ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠡᠨᠦᠭᠦᠴᠢᠯᠡᠨ ᠭᠤᠶᠢᠷᠠᠨᠴᠢᠯᠠᠬᠤ ᠵᠡᠷᠭᠡ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ | ᠬᠥᠮᠦᠰ ᠲᠤ ᠨᠠᠩ ᠣᠯᠠᠨ ᠬᠠᠶᠢᠷ᠎ᠠ ᠬᠠᠯᠠᠮᠵᠢ ᠬᠦᠷᠭᠡᠵᠦ᠂ ᠬᠠᠬᠢᠷ ᠡᠪᠦᠯ ᠤᠨ ᠤᠯᠠᠷᠢᠯ ᠳᠤ ᠲᠡᠳᠡᠨ ᠳᠤ ᠪᠠᠲᠤ ᠪᠠᠬᠢ ᠨᠠᠶᠢᠳᠠᠪᠤᠷᠢᠲᠠᠶ ᠬᠠᠶᠢᠷ᠎ᠠ ᠬᠠᠯᠠᠮᠵᠢ ᠶᠢᠨ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ ᠥᠭᠭᠦᠨ᠎ᠡ᠃ | ᠠᠪᠤᠷᠠᠨ ᠲᠤᠰᠠᠯᠠᠬᠤ ᠤᠲᠠᠰᠤ᠄ 0476 - 6222373 |