| | | 11 ᠰᠠᠷ᠎ᠠ ᠶᠢᠨ 6 ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ︽ᠣᠬᠠᠭᠤᠯᠣᠨ ᠲᠠᠶᠢᠯᠪᠤᠷᠢᠯᠠᠬᠴᠢ︾ | ᠪᠤᠯᠵᠦ᠂ ᠲᠠᠷᠬᠠᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠲᠤ ᠬᠦᠡᠵᠡᠬᠡᠶᠢᠷᠡᠨ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ | ᠪᠠᠲᠤᠯᠠᠭ᠎ᠠ ᠶᠢᠨ ᠬᠠᠤᠯᠢ ᠶᠢ ᠨᠠᠷᠢᠨ ᠳᠣᠳᠣᠷᠬᠠᠢ ᠲᠡᠶᠢᠯᠪᠤᠷᠢᠯᠠᠬᠤ ᠶᠢᠨ ᠬᠠᠮᠲᠤ ᠤᠬᠠᠭᠤᠯᠭ᠎ᠠ ᠶᠢᠨ ᠬᠠᠭᠤᠳᠠᠰᠣ ᠶᠢ ᠨᠠᠶᠢᠳᠡ 180 ᠭᠠᠷᠤᠢ ᠬᠤᠪᠢ ᠲᠠᠷᠬᠠᠭᠠᠪᠠ᠃ | ᠲᠠᠳᠠ ᠠᠮᠢᠳᠣᠷᠠᠯ ᠤᠨ ᠲᠤᠮᠳᠠᠬᠢ ᠪᠤᠳᠠᠳᠣ ᠵᠢᠱᠢᠶ᠎ᠡ ᠪᠠᠷ ᠦᠯᠢᠬᠡᠷᠯᠡᠵᠦ ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠵᠡᠮᠳᠡᠭ ᠤᠨ ᠦᠨᠡᠮᠯᠡᠯ ᠢ ᠬᠦᠢᠴᠡᠳᠭᠡᠬᠦ | ᠶᠠᠪᠤᠴᠡ ᠪᠤᠯᠤᠨ ᠠᠮᠤᠷ ᠲᠦᠪᠰᠢᠨ ᠢ ᠠᠩᠬᠠᠷᠬᠤ ᠵᠡᠷᠭᠡ ᠲᠠᠯ᠎ᠠ ᠪᠠᠷ ᠨᠠᠷᠢᠨ ᠳᠣᠳᠣᠷᠬᠠᠢ ᠲᠡᠶᠢᠯᠪᠤᠷᠢ ᠬᠢᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠳᠠ ᠶᠢ ᠬᠦᠡᠵᠡᠬᠡᠶᠢᠷᠡᠬᠦᠯᠥᠭᠰᠡᠨ ᠪᠠᠶᠢᠨ᠎ᠠ᠃ | | | | | | | | ᠲᠤᠰ ᠣᠳᠠᠭᠠᠨ ᠤ ᠠᠵᠢᠯᠯᠠᠭᠠᠨ ᠨᠢ ᠵᠡᠮᠳᠡᠭᠴᠦᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠢ ᠵᠢᠷᠤᠮᠯᠠᠬᠤ᠂ ᠬᠠᠤᠯᠢ ᠶᠢ ᠰᠤᠷᠤᠯᠴᠠᠬᠤ᠂ | ᠬᠠᠤᠯᠢ ᠶᠢ ᠰᠠᠬᠢᠨ᠂ ᠪᠤᠯᠪᠠᠰᠣᠨ ᠰᠠᠶᠢᠬᠠᠨ ᠭᠡᠪ ᠰᠣᠷᠳᠡᠯ ᠢ ᠡᠷᠬᠢᠮᠯᠡᠵᠦ᠂ ᠬᠠᠤᠯᠢ ᠶᠤᠰᠣᠨ ᠤ ᠡᠷᠭᠡ ᠠᠰᠢᠭ ᠢᠶᠠᠨ ᠬᠠᠮᠠᠭᠠᠯᠠᠨ᠂ ᠡᠷᠡᠬᠦᠯ ᠬᠦᠮᠤᠰ ᠲᠠᠢ ᠠᠳᠠᠯᠢᠬᠠᠨ | ᠢᠶᠠᠷ ᠡᠶ᠎ᠡ ᠵᠤᠬᠢᠴᠠᠯᠳᠣ ᠠᠮᠢᠳᠣᠷᠠᠯ ᠤᠨ ᠰᠠᠶᠢᠬᠠᠨ ᠢ ᠡᠳ᠋ᠯᠡᠬᠦ ᠶᠢ ᠬᠦᠰᠡᠭᠰᠡᠨ ᠪᠠᠶᠢᠨ᠎ᠠ᠃ ︵ᠴᠢᠮᠡᠬᠡᠯᠡᠭᠴᠢ᠄ ᠮᠦᠴᠢᠷ ᠮᠡᠳᠡᠭᠡᠯᠡᠪᠡ︶ | | | | | | | | | |