ᠪᠠᠭᠠᠷᠢᠨ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠤᠭ᠎ᠠ ᠶᠢᠨ ᠬᠢᠨ ᠵᠡᠮᠳᠡᠭᠴᠦᠳ ᠢ ᠬᠠᠪᠰᠣᠷᠣᠨ ᠬᠠᠯᠠᠮᠵᠢᠯᠠᠵᠦ ᠪᠤᠢ
ᠨᠡᠶᠢᠲᠡᠯᠡᠭᠰᠡᠨ ᠴᠠᠭ᠄
2024/11/6
        ᠪᠠᠭᠠᠷᠢᠨ ᠪᠠᠷᠠᠭᠤᠨ ᠬᠤᠰᠢᠭᠤᠨ ᠤ  ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ ᠂ ᠠᠵᠢᠯ ᠶᠠᠪᠤᠳᠠᠯ ᠢ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠬᠦ ᠶᠢᠨ  ᠲᠦᠯᠥᠬᠡ᠂ 11 ᠰᠠᠷ᠎ᠠ ᠶᠢᠨ 6᠎ ᠤ ᠡᠳᠦᠷ᠂ ︽ᠬᠠᠪᠰᠤᠷᠤᠨ ᠭᠦᠢᠴᠡᠳᠬᠡᠭᠴᠢ︾ ᠪᠣᠯᠵᠤ᠂ ᠵᠡᠮᠳᠡᠭ ᠤᠨ ᠦᠨᠡᠮᠯᠡᠯ ᠠᠪᠬᠤ ᠪᠠᠷ ᠪᠠᠶᠢᠭ᠎ᠠ ᠣᠯᠠᠨ ᠲᠦᠮᠡᠨ ᠤ ᠳᠡᠷᠭᠡᠳᠡ ᠬᠦᠷᠴᠦ᠂ ᠠᠵᠢᠯ ᠶᠠᠪᠤᠳᠡᠯ ᠢ ᠭᠦᠢᠴᠡᠳᠬᠡᠬᠦ  ᠶᠠᠪᠤᠴᠡ ᠳᠤ ᠬᠦᠴᠢᠷᠳᠡᠵᠦ ᠪᠠᠶᠢᠭ᠎ᠠ ᠪᠠᠶᠢᠳᠡᠯ ᠢ ᠪᠠᠶᠠᠴᠢᠯᠠᠨ ᠣᠶᠢᠯᠠᠭᠠᠵᠠᠢ᠃
1.jpg
      ᠠᠵᠢᠯᠯᠠᠭᠠᠨ ᠲᠡᠭᠡᠷ᠎ᠡ᠂ ᠪᠠᠭᠠᠷᠢᠨ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠠᠴᠠ ᠠᠳᠠᠯᠢ ᠪᠤᠰᠤ ᠲᠥᠷᠥᠯ ᠤᠨ ᠵᠡᠮᠳᠡᠭ ᠬᠦᠮᠤᠰ ᠎ ᠲᠤ ᠬᠠᠨᠳᠤᠭᠤᠯᠤᠨ  ᠬᠦᠢᠴᠡᠳᠭᠡᠵᠦ ᠪᠦᠬᠦᠢ ᠠᠵᠢᠯ ᠤᠨ ᠪᠥᠬᠦ ᠶᠠᠪᠤᠴᠠ ᠳᠤ  ᠬᠠᠮᠳᠣ ᠪᠠᠶᠢᠵᠦ᠂ ᠦᠨᠡᠮᠯᠡᠯ ᠠᠪᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ  ᠣᠶᠢᠯᠠᠭᠠᠬᠤ ᠶᠢᠨ ᠬᠠᠮᠳᠣ ᠣᠯᠠᠨ ᠨᠡᠶᠢᠲᠡ ᠶᠢᠨ ᠲᠠᠯᠠᠪᠤᠷ ᠤᠨ ᠰᠠᠭᠠᠳ ᠥᠬᠡᠶ ᠭᠡᠷᠡᠭᠯᠡᠬᠦ ᠲᠥᠬᠦᠭᠡᠷᠦᠮᠵᠢ ᠶᠢ ᠬᠠᠯᠠᠨ ᠰᠠᠶᠢᠵᠢᠷᠠᠭᠤᠯᠬᠤ ᠴᠢᠬᠤᠯᠠ ᠲᠠᠢ ᠪᠤᠯᠤᠬᠰᠠᠨ ᠢ ᠣᠶᠢᠯᠠᠭᠠᠵᠠᠢ᠃ 
2.jpg
       ᠪᠠᠭᠠᠷᠢᠨ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠲᠣᠰ ᠤᠳᠠᠭᠠᠨ ᠤ ᠠᠵᠢᠯᠯᠠᠭᠠᠨ ᠢᠶᠠᠷ ᠲᠠᠮᠵᠢᠨ ᠣᠷᠣᠰᠢᠵᠦ ᠪᠠᠶᠢᠭ᠎ᠠ ᠠᠰᠠᠭᠤᠳᠡᠯ ᠢ ᠣᠶᠢᠯᠠᠭᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ  ᠬᠠᠷᠢᠴᠠᠨ ᠬᠠᠯᠠᠨ ᠰᠠᠶᠢᠵᠢᠷᠠᠭᠤᠯᠬᠤ ᠴᠢᠬᠤᠯᠠ ᠲᠠᠢ ᠵᠤᠶᠢᠯ ᠢ ᠲᠠᠷᠣᠶᠢᠬᠠᠨ ᠬᠠᠯᠠᠨ ᠰᠠᠶᠢᠵᠢᠷᠠᠭᠤᠯᠵᠦ ᠂ ᠵᠡᠮᠳᠡᠭᠴᠦᠳ ᠤᠨ ᠠᠵᠢᠯ ᠶᠠᠪᠤᠳᠠᠯ ᠢ ᠰᠢᠢᠳᠪᠦᠷᠢᠯᠡᠬᠦ ᠶᠠᠪᠤᠴᠡ ᠳᠤ ᠨᠡᠩ ᠰᠠᠭᠠᠳ ᠦᠭᠡᠢ ᠪᠠᠶᠢᠬᠤ ᠶᠢ ᠪᠠᠲᠤᠯᠠᠵᠤ᠂ ᠦᠢᠯᠡᠴᠢᠯᠡᠭᠡ ᠳᠤᠮᠳᠠ ᠲᠠᠰᠤᠷᠠᠯᠲᠠ ᠦᠭᠡᠢ  ᠰᠢᠯᠢᠳᠡᠭᠵᠢᠬᠦᠯᠬᠦ ᠶᠢ ᠠᠬᠢᠭᠤᠯᠤᠬᠰᠠᠨ ᠪᠠᠶᠢᠨ᠎ᠠ᠃ ︵ᠮᠥᠴᠢᠷ ᠮᠡᠳᠡᠭᠡᠯᠡᠪᠡ︶
3.jpg
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ