| | | ᠰᠤᠷᠪᠤᠯᠵᠢᠯᠠᠭᠴᠢ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ | ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ᠣᠶᠢᠷ᠎ᠠ ᠳᠤ ︽ᠬᠦᠳᠡᠭᠡ ᠠᠵᠤ ᠠᠬᠤᠢ ᠶᠢᠨ ᠳᠠᠭᠠᠳᠬᠠᠯ ᠤᠨ ᠨᠠᠷᠢᠯᠢᠭ ᠣᠨᠣᠴᠠᠲᠠᠶ ᠪᠠᠷ | ᠳᠠᠭᠠᠳᠬᠠᠯ ᠳᠤ ᠣᠷᠣᠵᠤ ᠲᠥᠯᠥᠪᠦᠷᠢ ᠥᠭᠬᠦ ᠵᠡᠷᠭᠡ ᠬᠤᠯᠪᠣᠭᠳᠠᠯ ᠪᠥᠬᠦᠶ ᠵᠦᠢᠯᠡᠰ ᠢ ᠠᠬᠢᠭᠤᠯᠬᠤ ᠲᠤᠬᠠᠶ ᠮᠡᠳᠡᠭᠳᠡᠯ︾ ᠨᠡᠶᠢᠲᠡᠯᠡᠵᠦ᠂ ᠬᠦᠳᠡᠭᠡ ᠠᠵᠤ | ᠠᠬᠤᠢ ᠶᠢᠨ ᠳᠠᠭᠠᠳᠬᠠᠯ ᠤᠨ ᠳᠠᠭᠠᠭᠠᠴᠢᠯᠠᠯᠳᠠ᠂ ᠲᠥᠯᠥᠪᠦᠷᠢ ᠥᠭᠬᠦ᠂ ᠬᠤᠷᠢᠶᠠᠬᠤ ᠶᠣᠰᠣᠲᠠᠶ ᠳᠠᠭᠠᠳᠬᠠᠯ ᠤᠨ ᠰᠦᠶ᠋ᠳᠬᠡᠯ ᠤᠨ ᠬᠠᠮᠢᠶᠠᠷᠤᠯᠲᠠ᠂ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠲᠣᠳᠣᠷᠬᠠᠶ ᠠᠵᠢᠯ ᠤᠨ ᠱᠠᠭᠠᠷᠳᠠᠯᠭ᠎ᠠ ᠳᠤᠷᠠᠳᠴᠤ᠂ ᠲᠠᠷᠢᠶᠠᠴᠢᠨ ᠡᠷᠦᠬᠡ ᠶᠢᠨ ᠡᠷᠬᠡ ᠠᠰᠢᠭ ᠢ ᠨᠠᠩ ᠰᠠᠶᠢᠲᠤᠷ | ᠪᠠᠲᠤᠯᠠᠨ᠎ᠠ ᠬᠡᠪᠠ᠃ ᠮᠡᠳᠡᠭᠳᠡᠯ ᠳᠤ᠂ ᠳᠠᠭᠠᠳᠬᠠᠯ ᠤᠨ ᠺᠣᠮᠫᠠᠨᠢ ᠨᠢ ᠳᠠᠭᠠᠭᠠᠴᠢᠯᠠᠯᠲᠠ ᠶᠢᠨ ᠮᠡᠳᠡᠭᠡ ᠵᠠᠩᠭᠢ ᠶᠢᠨ ᠣᠨᠣᠪᠴᠢᠲᠤ ᠴᠢᠨᠠᠷᠲᠠᠶ ᠬᠠᠮᠢᠶᠠᠷᠤᠯᠲᠠ ᠪᠠᠨ | ᠴᠢᠩᠭᠠᠳᠬᠠᠵᠤ ᠬᠠᠮᠲᠤ ᠶᠢᠨ ᠲᠥᠷᠥᠯ ᠤᠨ ᠲᠤᠬᠠᠶᠢᠯᠠᠭᠰᠠᠨ ᠠᠵᠢᠯ ᠪᠠ ᠬᠡᠪᠴᠢᠶᠡᠲᠦ ᠡᠵᠡᠩᠨᠡᠯᠲᠡ ᠶᠢᠨ ᠪᠡᠶᠡᠴᠢ ᠴᠣᠭᠴᠠ ᠶᠢᠨ ᠲᠥᠷᠥᠯ ᠤᠨ ᠲᠤᠬᠠᠶᠢᠯᠠᠭᠰᠠᠨ | ᠠᠵᠢᠯ ᠤᠨ ᠲᠤᠬᠠᠢ ᠲᠣᠰ ᠲᠣᠰ ᠪᠠᠷᠢᠮᠵᠢᠶ᠎ᠠ ᠶᠢ ᠰᠢᠯᠭᠠᠬᠤ ᠱᠠᠭᠠᠷᠳᠠᠯᠭ᠎ᠠ ᠭᠠᠷᠭᠠᠬᠤ ᠬᠡᠷᠡᠭᠲᠡᠶ ᠭᠡᠵᠦ ᠱᠠᠭᠠᠷᠳᠠᠪᠠ᠃ ᠮᠡᠳᠡᠭᠳᠡᠯ ᠳᠤ ᠪᠠᠰᠠ ᠲᠥᠯᠥᠪᠦᠷᠢ ᠥᠭᠬᠦ | ᠲᠣᠭᠲᠠᠴᠠ ᠪᠣᠯᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠬᠦᠳᠡᠭᠡ ᠠᠵᠤ ᠠᠬᠤᠢ ᠬᠥᠳᠡᠭᠡ ᠲᠣᠰᠬᠤᠨ᠂ ᠣᠶ ᠰᠢᠭᠤᠶ ᠡᠪᠡᠰᠦ ᠪᠡᠯᠴᠢᠭᠡᠷ ᠵᠡᠷᠭᠡ | ᠰᠠᠯᠠᠭ᠎ᠠ ᠮᠥᠴᠢᠷ ᠤᠳ ᠨᠢ ᠴᠢᠬᠤᠯᠠ ᠳᠠᠭᠠᠳᠬᠠᠯ ᠤᠨ ᠬᠠᠷᠠᠯᠲᠠ ᠶᠢᠨ ᠬᠤᠬᠢᠷᠠᠯ ᠢ ᠬᠢᠨᠠᠨ ᠲᠣᠭᠲᠠᠭᠠᠬᠤ ᠮᠡᠷᠭᠡᠵᠢᠯ ᠤᠨ ᠵᠢᠷᠤᠮᠵᠢᠯ ᠢᠶᠠᠨ ᠴᠠᠭ ᠲᠤᠬᠠᠶ ᠳᠤᠨᠢ | ᠰᠢᠨᠡᠳᠬᠡᠵᠦ᠂ ᠬᠤᠬᠢᠷᠠᠯ ᠢ ᠲᠣᠭᠲᠠᠭᠠᠬᠤ ᠨᠡᠶᠢᠲᠡ ᠶᠢᠨ ᠢᠲᠡᠭᠡᠮᠵᠢ ᠶᠢᠨ ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠠᠶ᠃ | ᠮᠡᠳᠡᠭᠳᠡᠯ ᠳᠤ᠂ ᠲᠥᠯᠥᠪᠦᠷᠢ ᠥᠭᠬᠦ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠭᠠᠵᠠᠷ ᠤᠨ ᠬᠢᠨ ᠤ ᠬᠦᠳᠡᠭᠡ ᠠᠵᠤ | ᠠᠬᠤᠢ ᠶᠢᠨ ᠳᠠᠭᠠᠳᠬᠠᠯ ᠤᠨ ᠤᠷᠢᠳᠴᠢᠯᠠᠨ ᠳᠥᠯᠥᠬᠦ ᠲᠣᠭᠲᠠᠴᠠ ᠪᠠᠶᠢᠭᠤᠯᠬᠤ ᠶᠢ ᠳᠡᠮᠵᠢᠵᠦ᠂ ᠳᠠᠭᠠᠳᠬᠠᠯ ᠤᠨ ᠺᠣᠮᠫᠠᠨᠢ ᠶᠢᠨ ᠤᠷᠢᠳᠴᠢᠯᠠᠨ ᠳᠥᠯᠥᠬᠦ | ᠬᠠᠷᠢᠴᠠᠯ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠬᠤ ᠬᠡᠷᠡᠭᠲᠡᠶ᠃ ᠡᠭᠦᠨ ᠤ ᠬᠠᠮᠲᠤ ᠬᠤᠷᠢᠶᠠᠬᠤ ᠶᠣᠰᠣᠲᠠᠶ ᠳᠠᠭᠠᠳᠬᠠᠯ ᠤᠨ ᠰᠦᠢᠳᠬᠡᠯ ᠤᠨ ᠬᠠᠮᠢᠶᠠᠷᠤᠯᠲᠠ ᠶᠢ | ᠴᠢᠩᠳᠠᠯᠠᠵᠤ᠂ ᠨᠥᠬᠦᠴᠡᠯ ᠲᠠᠢ ᠮᠤᠵᠢ ᠨᠢ ᠡᠯ᠎ᠡ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠳᠠᠭᠠᠳᠬᠠᠯ ᠤᠨ ᠺᠣᠮᠫᠠᠨᠢ ᠶᠢᠨ ᠮᠤᠵᠢ ᠶᠢᠨ | ᠱᠠᠲᠤᠨ ᠤ ᠬᠤᠪᠢᠶᠠᠷᠢ ᠺᠣᠮᠫᠠᠨᠢ ᠲᠠᠢ ᠲᠡᠰᠦᠯᠦᠨ ᠪᠤᠳᠤᠬᠤ ᠵᠠᠭᠪᠤᠷ ᠢ ᠠᠬᠢᠭᠤᠯᠬᠤ ᠶᠢ ᠵᠣᠷᠢᠭᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠶᠢ ᠴᠢᠩᠭᠠᠳᠬᠠᠬᠤ ᠲᠠᠯ᠎ᠠ ᠪᠠᠷ᠂ ᠮᠡᠳᠡᠭᠳᠡᠯ ᠳᠤ᠂ ᠡᠯ᠎ᠡ ᠭᠠᠵᠠᠷ ᠤᠨ ᠡᠳ᠋ ᠤᠨ ᠵᠠᠰᠠᠭ᠂ ᠬᠥᠳᠡᠭᠡ ᠠᠵᠤ ᠠᠬᠤᠶ ᠬᠥᠳᠡᠭᠡ ᠲᠣᠰᠬᠤᠨ᠂ ᠣᠶ | ᠰᠢᠭᠤᠶ ᠨᠤᠳᠤᠭ ᠪᠡᠯᠴᠢᠭᠡᠷ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ | ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠶ ᠶᠢᠨ ᠳᠠᠭᠠᠭᠠᠴᠢᠯᠠᠯᠲᠠ ᠪᠠ ᠡᠷᠭᠢᠯᠲᠡ᠂ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ ᠵᠡᠷᠭᠡ ᠲᠤᠭ᠎ᠠ ᠪᠠᠷᠢᠮᠲᠠ ᠶᠢᠨ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠠᠯ᠎ᠠ ᠪᠠᠷ᠂ | ᠮᠡᠳᠡᠭᠳᠡᠯ ᠳᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠡᠯ᠎ᠡ ᠱᠠᠲᠤ ᠳᠠᠪᠬᠤᠷᠭ᠎ᠠ ᠶᠢᠨ ᠳᠠᠭᠠᠳᠬᠠᠯ ᠤᠨ ᠺᠣᠮᠫᠠᠨᠢ ᠳᠤ | ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠬᠢᠵᠦ᠂ ᠳᠠᠭᠠᠳᠬᠠᠯ ᠤᠨ ᠺᠣᠮᠫᠠᠨᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠳᠤ ᠬᠢᠨᠠᠯᠲᠠ | ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ | ᠮᠡᠳᠡᠭᠳᠡᠯ ᠳᠤ ᠪᠠᠰᠠ ᠡᠯ᠎ᠡ ᠭᠠᠵᠠᠷ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠡᠳ᠋ ᠤᠨ ᠵᠠᠰᠠᠭ᠂ ᠬᠦᠳᠡᠭᠡ ᠠᠵᠤ ᠠᠬᠤᠢ ᠬᠥᠳᠡᠭᠡ ᠲᠣᠰᠬᠤᠨ᠂ ᠣᠶ | ᠰᠢᠭᠤᠶ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠤᠳ ᠨᠢ ᠴᠢᠬᠤᠯᠠ ᠶᠡᠭᠡ ᠠᠰᠠᠭᠤᠳᠠᠯ ᠤᠨ ᠲᠤᠬᠠᠶ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ | |