ᠭᠡᠰᠡᠷ ᠪᠡᠶ᠎ᠡ ᠶᠢᠨ ᠲᠠᠮᠢᠷ ᠤᠨ ᠴᠡᠴᠡᠷᠯᠢᠭ ᠤᠨ ᠭᠠᠳᠠᠨ᠎ᠠ ᠮᠦᠰᠦᠨ ᠲᠡᠰᠢᠯᠲᠡ ᠶᠢᠨ ᠲᠠᠯᠠᠪᠤᠷ ᠤᠨ ᠡᠯᠰᠡᠵᠦ ᠡᠵᠡᠩᠨᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/12/6
       ᠭᠡᠰᠡᠷ ᠪᠡᠶ᠎ᠡ ᠶᠢᠨ ᠲᠠᠮᠢᠷ ᠤᠨ ᠴᠡᠴᠡᠷᠯᠢᠭ ᠤᠨ ᠡᠬᠢ ᠪᠠᠶᠠᠯᠢᠭ ᠢ ᠵᠦᠶ ᠵᠣᠬᠢᠰᠲᠠᠶ ᠪᠦᠲᠦᠮᠵᠢᠲᠡᠶ ᠠᠰᠢᠭᠯᠠᠬᠤ ᠶᠢᠨ ᠲᠥᠯᠥᠭᠡ᠂ ᠭᠡᠰᠡᠷ ᠪᠡᠶ᠎ᠡ ᠶᠢᠨ ᠲᠠᠮᠢᠷ ᠤᠨ ᠴᠡᠴᠡᠷᠯᠢᠭ ᠤᠨ ᠭᠡᠷ ᠤᠨ ᠭᠠᠳᠠᠨ᠎ᠠ ᠮᠦᠰᠦᠨ ᠲᠡᠰᠢᠯᠲᠡ ᠶᠢᠨ ᠲᠠᠯᠠᠪᠠᠶ ᠶᠢᠨ ᠲᠥᠷᠥᠯ ᠵᠦᠢᠯ ᠳᠤ ᠢᠯᠡ ᠪᠠᠷ ᠬᠠᠮᠲᠤᠷᠠᠨ ᠠᠵᠢᠯᠯᠠᠬᠤ ᠪᠦᠯᠬᠦᠮ ᠡᠯᠰᠡᠬᠦ ᠪᠠᠷ ᠲᠥᠯᠥᠪᠯᠡᠵᠦ ᠪᠣᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ ᠨᠢᠭᠡ᠂ ᠡᠵᠡᠩᠨᠡᠯᠲᠡ ᠶᠢᠨ ᠲᠥᠷᠥᠯ ᠵᠦᠢᠯ ᠤᠨ ᠠᠭᠤᠯᠭ᠎ᠠ᠄       ᠭᠡᠰᠡᠷ ᠪᠡᠶ᠎ᠡ ᠶᠢᠨ ᠲᠠᠮᠢᠷ ᠤᠨ ᠴᠡᠴᠡᠷᠯᠢᠭ ᠤᠨ ᠭᠠᠳᠠᠨ᠎ᠠ ᠮᠦᠰᠦ ᠲᠡᠰᠢᠯᠲᠡ ᠶᠢᠨ ᠲᠠᠯᠠᠪᠠᠢ ︵2 ᠳ᠋ᠤᠭᠠᠷ ᠨᠣᠮᠧᠷᠲᠤ ᠤᠰᠤᠨ ᠰᠢᠰᠲ᠋ᠧᠮ 4194 ㎡᠂ 3 ᠳ᠋ᠤᠭᠠᠷ ᠨᠣᠮᠧᠷᠲᠤ ᠤᠰᠤᠨ ᠰᠢᠰᠲ᠋ᠧᠮ 3425㎡︶᠃ ᠬᠤᠶᠠᠷ᠂ ᠡᠯᠰᠡᠬᠦ ᠱᠠᠭᠠᠷᠳᠠᠯᠭ᠎ᠠ     ︵ᠨᠢᠭᠡ︶ ᠮᠦᠰᠦᠨ ᠲᠡᠰᠢᠯᠲᠡ ᠶᠢᠨ ᠲᠠᠯᠠᠪᠤᠷ ᠤᠨ ᠬᠠᠮᠢᠶᠠᠷᠤᠯᠲᠠ ᠶᠢᠨ ᠪᠦᠯᠬᠦᠮ ᠲᠠᠢ᠂ ᠮᠦᠰᠦᠨ ᠲᠡᠰᠢᠯᠲᠡ ᠶᠢᠨ ᠲᠠᠯᠠᠪᠤᠷ ᠤᠨ ᠡᠵᠡᠩᠨᠡᠯᠲᠡ ᠶᠢᠨ ᠪᠦᠯᠬᠦᠮ ᠨᠡᠶᠢᠲᠡ ᠶᠢ ᠤᠳᠤᠷᠢᠳᠬᠤ ᠪᠠ ᠬᠠᠮᠢᠶᠠᠷᠴᠤ᠂ ᠡᠭᠦᠨ ᠳᠤ ᠵᠣᠴᠢᠨ ᠤ ᠦᠢᠯᠡᠴᠢᠯᠡᠭᠡ᠂ ᠠᠮᠤᠷ ᠢ ᠬᠠᠮᠠᠭᠠᠯᠠᠬᠤ᠂ ᠠᠷᠢᠭᠤᠨ ᠴᠡᠪᠡᠷ ᠢ ᠬᠠᠮᠠᠭᠠᠯᠠᠬᠤ᠂ ᠲᠣᠨᠤᠭ ᠲᠥᠬᠦᠭᠡᠷᠦᠮᠵᠢ ᠶᠢ ᠬᠠᠮᠠᠭᠠᠯᠠᠬᠤ᠂ ᠡᠵᠡᠩᠨᠡᠨ ᠪᠣᠷᠣᠯᠠᠭᠤᠯᠬᠤ᠂ ᠡᠳ᠋ ᠤᠨ ᠶᠠᠪᠤᠳᠠᠯ ᠵᠡᠷᠭᠡ ᠬᠠᠮᠢᠶᠠᠷᠤᠯᠲᠠ ᠶᠢᠨ ᠠᠵᠢᠯᠲᠠᠨ ᠢ ᠪᠠᠭᠲᠠᠭᠠᠵᠤ᠂ ᠡᠯ᠎ᠡ ᠪᠦᠷᠢᠯᠳᠦᠬᠦᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠪᠦᠯᠬᠦᠮ ᠨᠡᠶᠢᠲᠡ ᠶᠢᠨ ᠥᠨᠳᠥᠷ ᠪᠦᠲᠦᠮᠵᠢᠲᠡᠶ ᠬᠠᠮᠵᠢᠯᠴᠠᠬᠤ ᠶᠢ ᠦᠨᠡᠨ ᠬᠦ ᠪᠠᠲᠤᠯᠠᠵᠤ᠂ ᠲᠥᠷᠥᠯ ᠵᠦᠢᠯ ᠤᠨ ᠣᠨ ᠤ ᠠᠵᠢᠯᠯᠠᠭᠠᠨ ᠤ ᠬᠠᠷᠠᠯᠲᠠ ᠶᠢ ᠪᠡᠶᠡᠯᠡᠭᠦᠯᠦᠨ᠎ᠡ᠃     ︵ᠬᠤᠶᠠᠷ︶ᠮᠦᠰᠦᠨ ᠲᠡᠰᠢᠬᠦ ᠲᠠᠯᠠᠪᠠᠢ ᠶᠢ ᠪᠣᠳᠠᠲᠠᠢ ᠡᠵᠡᠩᠨᠡᠨ ᠬᠠᠮᠢᠶᠠᠷᠤᠭᠰᠠᠨ ᠲᠤᠷᠰᠢᠯᠭ᠎ᠠ ᠲᠠᠢ᠃     ︵ᠭᠤᠷᠪᠠ︶ ᠪᠦᠯᠬᠦᠮ ᠤᠨ ᠺᠣᠮᠫᠠᠨᠢ ᠵᠢᠴᠢ ᠪᠦᠯᠬᠦᠮ ᠤᠨ ᠬᠠᠷᠢᠭᠤᠴᠠᠯᠭᠠᠲᠠᠨ ᠤ ᠨᠡᠶᠢᠭᠡᠮ ᠤᠨ ᠢᠳᠡᠬᠡᠮᠵᠢ ᠮᠠᠰᠢ ᠰᠠᠶᠢᠨ᠂ ᠰᠢᠭᠦᠬᠦ ᠬᠤᠷᠢᠶᠠᠨ ᠤ ᠠᠯᠪᠠᠳᠠᠯᠭ᠎ᠠ ᠪᠠᠷ ᠬᠡᠷᠡᠭᠵᠢᠬᠦᠯᠬᠦ ᠮᠡᠳᠡᠭᠡ ᠵᠠᠩᠭᠢ ᠦᠭᠡᠢ᠂ ᠳᠡᠭᠡᠳᠦ ᠬᠡᠷᠡᠭᠯᠡᠭᠡ ᠶᠢ ᠬᠢᠵᠠᠭᠠᠷᠯᠠᠬᠤ ᠪᠤᠰᠤ ᠬᠥᠮᠦᠰ᠂ ᠶᠠᠯ᠎ᠠ ᠬᠢᠭᠰᠡᠨ ᠲᠡᠮᠳᠡᠭᠯᠡᠯ ᠪᠠᠶᠢᠬᠤ ᠦᠭᠡᠢ᠃     ︵ᠲᠦᠷᠪᠡ︶ ᠡᠯᠰᠡᠬᠦ ᠳᠤ ᠣᠷᠣᠯᠴᠠᠭᠰᠠᠨ ᠨᠢᠭᠡᠴᠡ ︵ᠬᠤᠪᠢ ᠬᠥᠮᠦᠨ︶᠎ ᠶᠢᠨ ᠵᠥᠪᠳᠡᠯᠴᠡᠭᠡ ᠪᠠ ᠲᠤᠬᠠᠶ ᠶᠢᠨ ᠲᠠᠯᠠᠪᠠᠶ ᠶᠢ ᠬᠠᠶᠢᠨ ᠪᠠᠶᠢᠴᠠᠭᠠᠭᠰᠠᠨ ᠤ ᠳᠠᠷᠠᠭ᠎ᠠ᠂ ᠬᠡᠷᠪᠡ ᠠᠩᠬ᠎ᠠ ᠠᠯᠬᠤᠮ ᠤᠨ ᠰᠠᠨᠠᠮᠵᠢ ᠲᠠᠢ ᠪᠣᠯᠪᠠᠯ᠂ ᠲᠥᠷᠥᠯ ᠵᠦᠢᠯ ᠤᠨ ᠡᠵᠡᠩᠨᠡᠯᠲᠡ ᠪᠠ ᠬᠥᠭᠵᠢᠯᠲᠡ ᠶᠢᠨ ᠲᠥᠰᠦᠯ ᠲᠣᠭᠲᠠᠭᠠᠬᠤ ᠬᠡᠷᠡᠭᠲᠡᠶ᠂ ᠠᠭᠤᠯᠭ᠎ᠠ ᠳᠤ ᠭᠤᠤᠯᠳᠠᠭᠤ᠄ ᠠᠵᠢᠯᠲᠠᠨ ᠲᠣᠬᠢᠷᠠᠭᠤᠯᠬᠤ︔ ᠳᠦᠷᠢᠮ ᠲᠣᠭᠲᠠᠭᠠᠯ᠂ ᠬᠡᠷᠡᠭᠵᠢᠭᠦᠯᠬᠦ ᠠᠷᠭ᠎ᠠ ᠬᠡᠮᠵᠢᠶ᠎ᠡ︔ ᠡᠵᠡᠩᠨᠡᠬᠦ ᠠᠷᠭ᠎ᠠ ᠪᠣᠳᠣᠯᠭ᠎ᠠ ᠵᠡᠷᠭᠡ᠃      ︵ᠲᠠᠪᠤ︶ ᠬᠠᠮᠲᠤᠷᠠᠯᠴᠠᠭᠠᠨ ᠤ ᠨᠠᠷᠢᠨ ᠪᠠᠶᠢᠳᠠᠯ ᠢ ᠨᠢᠭᠤᠷᠳᠠᠨ ᠶᠠᠷᠢᠯᠴᠠᠵᠤ ᠵᠥᠪᠳᠡᠯᠴᠡᠭᠰᠡᠨ ᠤ ᠳᠠᠷᠠᠭ᠎ᠠ ᠲᠣᠭᠲᠠᠭᠠᠨ᠎ᠠ᠃ ᠭᠤᠷᠪᠠ᠂ ᠨᠡᠷ᠎ᠡ ᠮᠡᠳᠡᠭᠦᠯᠬᠦ ᠴᠠᠭ ᠵᠢᠴᠢ ᠭᠠᠵᠠᠷ ᠣᠷᠣᠨ      ᠴᠠᠭ᠄ 2024 ᠣᠨ ᠤ 12 ᠰᠠᠷ᠎ᠠ ᠶᠢᠨ 5᠎ ᠤ ᠡᠳᠦᠷ ᠠᠴᠠ 2024 ᠣᠨ ᠤ 12 ᠰᠠᠷ᠎ᠠ ᠶᠢᠨ 15᠎ ᠤ ᠡᠳᠦᠷ      ᠭᠠᠵᠠᠷ ᠣᠷᠣᠨ᠄ ᠪᠠᠭᠠᠷᠢᠨ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ  ᠳᠥᠷᠪᠡ᠂ ᠬᠠᠷᠢᠯᠴᠠᠬᠤ ᠠᠷᠭ᠎ᠠ ᠮᠠᠶ᠋ᠢᠭ      ᠶᠠᠩ ᠶᠠᠩ 1504868551
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ