| | | | ᠠᠭᠤᠷ ᠠᠮᠢᠰᠬᠤᠯ ᠠᠭᠠᠵᠢᠮ ᠢᠶᠠᠷ ᠬᠦᠢᠲᠡᠷᠡᠬᠦ ᠶᠢ ᠳᠠᠭᠠᠯᠳᠤᠨ᠂ ᠲᠡᠷᠡᠰᠦᠳᠦ ᠪᠣᠯᠣᠩ ᠤᠰᠤᠨ ᠴᠥᠭᠦᠷᠥᠮ ᠤᠨ ᠤᠰᠤᠨ ᠤ ᠭᠠᠳᠠᠷᠭᠤ ᠨᠢᠭᠡᠨᠲᠡ ᠪᠦᠬᠦ | ᠲᠠᠯ᠎ᠠ ᠪᠠᠷ ᠬᠥᠯᠳᠡᠪᠡ᠂ ᠭᠡᠪᠡᠴᠦ ᠮᠥᠰᠥᠨ ᠤ ᠭᠠᠳᠠᠷᠭᠤ ᠨᠡᠯᠢᠶᠡᠳ ᠶᠡᠭᠡ᠂ ᠮᠥᠰᠥᠨ ᠤ ᠵᠤᠵᠠᠭᠠᠨ ᠨᠢ ᠵᠢᠭᠳᠡ ᠪᠤᠰᠤ᠂ ᠮᠥᠰᠥᠨ ᠳᠡᠭᠡᠷ᠎ᠡ ᠶᠡᠭᠡ ᠪᠠᠭ᠎ᠠ ᠨᠢ ᠠᠳᠠᠯᠢ | ᠪᠤᠰᠤ ᠮᠥᠰᠥᠨ ᠬᠠᠭᠠᠷᠬᠠᠶ ᠪᠠ ᠮᠥᠰᠥᠨ ᠬᠦᠨᠳᠡᠢ ᠪᠦᠷᠬᠦᠪᠡ᠂ ᠤᠰᠤᠨ ᠴᠥᠭᠦᠷᠥᠮ ᠤᠨ ᠶᠡᠬᠡᠩᠬᠢ ᠬᠡᠰᠡᠭ ᠭᠠᠵᠠᠷ ᠤᠨ ᠤᠰᠤᠨ ᠤ ᠭᠦᠨ ᠨᠢ 5 ᠮᠧᠲᠷ ᠠᠴᠠ | ᠳᠡᠭᠡᠭᠰᠢ ᠪᠣᠯᠬᠤᠷ᠂ ᠬᠥᠮᠦᠨ ᠪᠠ ᠲᠡᠷᠭᠡ ᠤᠨᠤᠭ᠎ᠠ ᠮᠥᠰᠥᠨ ᠳᠡᠭᠡᠷ᠎ᠡ ᠬᠥᠳᠡᠯᠭᠡᠭᠡᠨ ᠬᠢᠬᠦ ᠨᠢ ᠲᠦᠢᠯ ᠤᠨ ᠠᠶᠤᠯᠲᠠᠶ ᠪᠠᠶᠢᠵᠤ᠂ ᠤᠰᠤᠨ ᠳᠤ ᠵᠢᠪᠦᠭᠰᠡᠭᠡᠷ | ᠠᠪᠤᠷᠠᠬᠤ ᠶᠢᠨ ᠠᠷᠭ᠎ᠠ ᠦᠭᠡᠢ ᠪᠣᠯᠳᠠᠭ᠃ ᠤᠰᠤᠨ ᠴᠥᠭᠦᠷᠥᠮ ᠤᠨ ᠬᠠᠮᠢᠶᠠᠷᠤᠯᠲᠠ ᠶᠢ ᠴᠢᠩᠭᠠᠳᠬᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠪᠣᠯᠤᠨ ᠤᠰᠤᠨ ᠴᠥᠭᠦᠷᠥᠮ ᠤᠨ ᠲᠦᠬᠦᠬᠡᠷᠦᠮᠵᠢ ᠶᠢᠨ ᠲᠡᠭᠦᠯᠳᠡᠷᠵᠢᠬᠦ ᠶᠢ ᠦᠨᠡᠨᠬᠦ ᠪᠠᠲᠤᠯᠠᠵᠤ᠂ ᠤᠰᠤᠨ ᠴᠥᠭᠦᠷᠥᠮ ᠤᠨ ᠠᠮᠤᠷ ᠲᠦᠪᠰᠢᠨ | ᠠᠵᠢᠯᠯᠠᠭᠠᠨ ᠢ ᠪᠠᠲᠤᠯᠠᠨ᠂ ᠤᠰᠤᠨ ᠳᠤ ᠵᠢᠪᠴᠦ ᠦᠬᠦᠵᠦ ᠰᠢᠷᠬᠠᠲᠤᠬᠤ ᠬᠡᠷᠡᠭ ᠭᠠᠷᠬᠤ ᠶᠢ ᠰᠡᠷᠭᠡᠶᠢᠯᠡᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠡᠶ᠎ᠡ | ᠵᠣᠬᠢᠴᠠᠯ ᠲᠠᠢ ᠪᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤᠨ | ᠴᠥᠭᠦᠷᠥᠮ ᠤᠨ ᠲᠣᠮᠣ ᠬᠠᠰᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠢᠴᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ | ᠲᠦᠷᠢᠮ ᠤᠨ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠪᠠ᠄ | ᠨᠢᠭᠡ᠂ ᠲᠡᠷᠡᠰᠦᠳᠦ ᠪᠤᠯᠤᠩ ᠤᠰᠤᠨ ᠴᠥᠭᠦᠷᠥᠮ ᠤᠨ ᠭᠤᠤᠯ ᠴᠢᠳᠠᠮᠵᠢ ᠨᠢ ᠠᠵᠤ ᠦᠢᠯᠡᠳᠪᠦᠷᠢ ᠶᠢᠨ ᠬᠡᠷᠡᠭᠯᠡᠬᠦ ᠤᠰᠤ ᠪᠣᠯᠤᠨ ᠲᠠᠷᠢᠶᠠᠯᠠᠩ ᠤᠨ | ᠤᠰᠤᠯᠠᠯᠲᠠ ᠶᠢᠨ ᠬᠡᠷᠡᠭᠯᠡᠬᠦ ᠤᠰᠤ ᠶᠢ ᠬᠠᠩᠭᠠᠵᠤ᠂ ᠨᠡᠭᠡᠭᠡᠯᠲᠡ ᠲᠠᠢ ᠣᠯᠠᠨ ᠨᠡᠶᠢᠲᠡ ᠶᠢᠨ ᠲᠠᠯᠠᠪᠤᠷ ᠭᠠᠵᠠᠷ ᠪᠣᠯᠤᠨ ᠡᠵᠡᠩᠨᠡᠯᠲᠡ ᠶᠢᠨ ᠲᠠᠯᠠᠪᠤᠷ ᠭᠠᠵᠠᠷ ᠪᠢᠰᠢ | ᠪᠣᠯᠬᠤᠷ ᠤᠰᠤᠨ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠤ ᠳᠤᠤᠷᠠᠬᠢ ᠮᠡᠲᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠄ | 1 . ᠵᠦᠪᠰᠢᠶᠡᠷᠡᠯ ᠦᠭᠡᠢ ᠪᠠᠷ ᠠᠯᠢᠪᠠ ᠲᠡᠷᠭᠡ ᠬᠥᠰᠬᠡ ᠪᠣᠯᠤᠨ ᠶᠠᠪᠠᠭᠠᠨ ᠬᠥᠮᠦᠨ ᠤ ᠮᠥᠰᠥᠨ ᠲᠡᠭᠡᠷ᠎ᠠ ᠬᠤᠯᠪᠣᠭᠳᠠᠬᠤ ᠶᠠᠮᠠᠷᠪᠠ ᠠᠵᠢᠯᠯᠠᠭ᠎ᠠ ᠶᠢ | ᠴᠠᠭᠠᠵᠠᠯᠠᠨ᠎ᠠ︔ | 2 .ᠤᠰᠤᠨ ᠴᠥᠭᠦᠷᠥᠮ ᠤᠨ ᠠᠶᠤᠯ ᠦᠭᠡᠶ ᠠᠵᠢᠯᠯᠠᠭᠠᠨ ᠢ ᠨᠥᠯᠥᠭᠡᠯᠡᠬᠦ ᠪᠤᠶᠤ ᠤᠰᠤ ᠶᠢ ᠪᠣᠬᠢᠷᠲᠤᠭᠤᠯᠬᠤ ᠬᠠᠶᠠᠭᠳᠠᠮᠠᠯ ᠪᠣᠳᠠᠰ ᠴᠢᠳᠬᠤᠬᠤ᠂ | ᠣᠪᠣᠭᠠᠯᠠᠬᠤ᠂ ᠭᠠᠳᠠᠭᠰᠢᠯᠠᠭᠤᠯᠬᠤ ᠶᠢ ᠴᠠᠭᠠᠵᠠᠯᠠᠨ᠎ᠠ︔ | 3 . ᠬᠠᠯᠬᠠᠪᠴᠢ ᠬᠠᠰᠢᠶ᠎ᠠ ᠶᠢ ᠳᠠᠪᠠᠵᠤ ᠪᠣᠯᠬᠤ ᠥᠬᠡᠶ︔ | 4 . ᠤᠰᠤᠨ ᠴᠥᠭᠦᠷᠥᠮ ᠤᠨ ᠪᠠᠷᠢᠯᠭ᠎ᠠ ᠶᠢᠨ ᠲᠦᠬᠦᠬᠡᠷᠦᠮᠵᠢ ᠵᠢᠴᠢ ᠳᠠᠭᠠᠯᠲᠠ ᠲᠦᠬᠦᠬᠡᠷᠦᠮᠵᠢ ᠪᠣᠯᠤᠨ ᠲᠥᠬᠦᠭᠡᠷᠦᠮᠵᠢ ᠶᠢ ᠡᠪᠳᠡᠬᠦ ᠶᠢ ᠴᠠᠭᠠᠵᠠᠯᠠᠨ᠎ᠠ︔ | 5 . ᠤᠰᠤᠨ ᠴᠥᠭᠦᠷᠥᠮ ᠤᠨ ᠣᠷᠣᠨ ᠳᠤ ᠳᠤᠷ᠎ᠠ ᠪᠠᠷ ᠢᠶᠠᠨ ᠣᠷᠣᠵᠤ ᠨᠠᠭᠠᠳᠬᠤ᠂ ᠲᠣᠭᠤᠷᠢᠨ ᠦᠵᠡᠬᠦ᠂ ᠮᠠᠯ ᠬᠠᠷᠢᠭᠤᠯᠬᠤ ᠵᠡᠷᠭᠡ ᠠᠵᠢᠯᠯᠠᠭ᠎ᠠ ᠶᠢ | ᠴᠠᠭᠠᠵᠠᠯᠠᠨ᠎ᠠ︔ | 6 . ᠤᠰᠤᠨ ᠴᠥᠭᠦᠷᠥᠮ ᠳᠤ ᠳᠤᠷ᠎ᠠ ᠪᠠᠷ ᠢᠶᠠᠨ ᠣᠷᠣᠵᠤ ᠮᠥᠰᠥᠨ ᠳᠡᠭᠡᠷ᠎ᠡ ᠵᠢᠭᠠᠰᠤ ᠭᠥᠬᠢᠳᠡᠬᠦ᠂ ᠮᠥᠰᠥᠨ ᠳᠣᠣᠷ᠎ᠠ ᠲᠣᠣᠷ ᠲᠤ ᠵᠢᠭᠠᠰᠤ ᠭᠥᠬᠢᠳᠡᠬᠦ ᠶᠢ | ᠴᠠᠭᠠᠵᠠᠯᠠᠨ᠎ᠠ︔ | 7 . ᠵᠢᠭᠠᠰᠤ ᠶᠢ ᠳᠡᠯᠪᠡᠴᠢᠬᠦ᠂ ᠬᠤᠣᠷ ᠲᠠᠯᠪᠢᠬᠤ ᠪᠠ ᠴᠠᠬᠢᠯᠭᠠᠨ ᠢᠶᠠᠷ ᠵᠢᠭᠠᠰᠤ ᠠᠩᠨᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ | ᠴᠠᠭᠠᠵᠠᠯᠠᠨ᠎ᠠ︔ | 8 . ᠵᠥᠪᠰᠢᠶᠡᠷᠡᠯ ᠥᠬᠡᠶ ᠪᠠᠷ ᠤᠰᠤᠨ ᠴᠥᠭᠦᠷᠥᠮ ᠤᠨ ᠪᠠᠷᠢᠯᠭ᠎ᠠ ᠶᠢᠨ ᠠᠵᠢᠯᠯᠠᠭᠠᠨ ᠤ ᠠᠶᠤᠯᠲᠠᠶ ᠣᠷᠣᠨ ᠳᠤ ᠣᠷᠣᠬᠤ ᠶᠢ ᠴᠠᠭᠠᠵᠠᠯᠠᠨ᠎ᠠ᠃ | ᠬᠤᠶᠠᠷ᠂ ᠳᠡᠭᠡᠷᠡᠬᠢ ᠲᠣᠭᠲᠠᠭᠠᠯ ᠠᠴᠠ ᠵᠥᠷᠢᠴᠡᠭᠰᠡᠨ ᠢ ᠪᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠦᠷᠢᠮ ᠤᠨ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠶᠠᠯ᠎ᠠ ᠳᠤ ᠬᠦᠷᠦᠭᠰᠡᠨ ᠪᠣᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠥᠮᠦᠨ ᠤᠢᠬᠦᠵᠦ ᠰᠢᠷᠬᠠᠲᠤᠭᠰᠠᠨ ᠵᠢᠴᠢ ᠪᠤᠰᠤᠳ ᠬᠦᠨᠳᠦ ᠶᠡᠭᠡ ᠠᠳᠡᠯ ᠭᠠᠷᠪᠡᠯ | ᠬᠠᠷᠢᠭᠤᠴᠠᠯᠭ᠎ᠠ ᠶᠢ ᠦᠪᠡᠰᠦᠪᠡᠨ ᠡᠭᠦᠷᠭᠡᠯᠡᠬᠦ ᠬᠡᠷᠡᠭᠲᠡᠢ᠃ ᠥᠷᠭᠡᠨ ᠣᠯᠠᠨ ᠵᠢᠭᠠᠰᠤ ᠭᠥᠬᠢᠳᠡᠬᠦ ᠳᠤᠷᠠᠲᠠᠶ ᠬᠥᠮᠦᠰ ᠲᠤ ᠨᠢᠮᠭᠡᠨ ᠮᠥᠰᠥᠨ ᠬᠦᠨᠳᠡᠢ ᠤᠯᠠᠨ᠂ | ᠮᠥᠰᠥᠨ ᠠᠴᠠ ᠬᠤᠯᠠ ᠪᠠᠶᠢᠬᠤ ᠶᠢ ᠣᠨᠴᠠᠭᠠᠶᠢᠯᠠᠨ ᠰᠠᠨᠠᠭᠤᠯᠵᠤ ᠪᠠᠢᠨ᠎ᠠ᠃ | ᠭᠤᠷᠪᠠ᠂ ᠡᠯ᠎ᠡ ᠰᠤᠷᠭᠠᠭᠤᠯᠢ ᠤᠳᠠᠯ ᠦᠭᠡᠶ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠣᠷᠣᠵᠤ᠂ ᠰᠤᠷᠭᠠᠭᠤᠯᠢ ᠪᠣᠯᠤᠨ ᠰᠤᠷᠤᠭᠴᠢ ᠶᠢᠨ ᠭᠡᠷ ᠤᠨ | ᠠᠬᠠᠮᠠᠳ ᠪᠤᠶᠤ ᠬᠢᠨᠠᠨ ᠬᠠᠮᠠᠭᠠᠯᠠᠭᠴᠢ ᠳᠤ ᠤᠰᠤᠨ ᠳᠤ ᠴᠠᠴᠠᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠤ᠂ ᠰᠤᠷᠤᠭᠴᠢᠳ ᠤᠨ | ᠤᠰᠤᠨ ᠴᠥᠭᠦᠷᠥᠮ ᠤᠨ ᠮᠥᠰᠥᠨ ᠳᠡᠭᠡᠷ᠎ᠡ ᠨᠠᠭᠠᠳᠬᠤ ᠶᠢ ᠴᠠᠭᠠᠵᠠᠯᠠᠬᠤ ᠬᠡᠷᠡᠭᠲᠡᠶ᠃ ᠨᠠᠰᠤᠨ ᠳᠤ ᠦᠯᠦ ᠬᠦᠷᠦᠭᠰᠡᠳ ᠤᠨ ᠭᠡᠷ ᠤᠨ ᠠᠬᠠᠮᠠᠳ ᠪᠤᠶᠤ ᠬᠢᠨᠠᠨ | ᠬᠠᠮᠠᠭᠠᠯᠠᠭᠴᠢ ᠨᠢ ᠨᠠᠰᠤᠨ ᠳᠤ ᠦᠯᠦ ᠬᠦᠷᠦᠭᠰᠡᠳ ᠢ ᠬᠠᠮᠢᠶᠠᠷᠴᠤ ᠬᠠᠮᠠᠭᠠᠯᠠᠬᠤ ᠪᠠ ᠰᠤᠷᠭᠠᠨ ᠬᠥᠮᠦᠵᠢᠭᠦᠯᠬᠦ ᠠᠵᠢᠯ ᠢ ᠰᠠᠶᠢᠲᠤᠷ ᠬᠢᠵᠦ᠂ ᠤᠰᠤᠨ ᠴᠥᠭᠦᠷᠥᠮ ᠤᠨ | ᠡᠷᠭᠢᠨ ᠲᠣᠭᠤᠷᠢᠨ ᠳᠤ ᠣᠴᠢᠵᠤ ᠨᠠᠭᠠᠳᠴᠤ᠂ ᠮᠥᠰᠥᠨ ᠳᠡᠭᠡᠷ᠎ᠡ ᠨᠠᠭᠠᠳᠬᠤ ᠶᠢ ᠡᠷᠡᠰ ᠬᠤᠷᠢᠭᠯᠠᠬᠤ ᠬᠡᠷᠡᠭᠲᠡᠢ᠃ | ᠲᠠ ᠪᠣᠯᠤᠨ ᠲᠠᠨ ᠤ ᠭᠡᠷ ᠤᠨ ᠬᠥᠮᠦᠰ ᠤᠨ ᠠᠮᠤᠷ ᠲᠦᠪᠰᠢᠨ ᠤ ᠲᠥᠯᠥᠭᠡ᠂ ᠠᠶᠤᠯ ᠠᠴᠠ ᠵᠠᠶᠢᠯᠠᠵᠤ᠂ ᠤᠰᠤᠨ ᠴᠥᠭᠦᠷᠥᠮ ᠤᠨ ᠵᠠᠷᠯᠠᠯ ᠤᠨ | ᠠᠭᠤᠯᠭ᠎ᠠ ᠶᠢ ᠵᠢᠷᠤᠮᠯᠠᠭᠠᠷᠠᠶ᠃ | ᠪᠠᠭᠠᠷᠢᠨ ᠪᠠᠷᠠᠭᠤᠨ ᠬᠤᠰᠢᠭᠤᠨ ᠤ ᠲᠡᠷᠡᠰᠦᠳᠦ ᠪᠤᠯᠤᠩ ᠤᠰᠤᠨ ᠴᠥᠭᠦᠷᠥᠮ ᠢ ᠬᠠᠮᠢᠶᠠᠷᠴᠤ ᠬᠠᠮᠠᠭᠠᠯᠠᠬᠤ ᠲᠥᠪ | 2024 ᠣᠨ ᠤ 12 ᠰᠠᠷ᠎ᠠ ᠶᠢᠨ 4 ᠤ ᠡᠳᠦᠷ |