ᠪᠥᠬᠦ ᠣᠷᠣᠨ ᠤ ︽ᠬᠡᠷᠡᠯ ᠭᠡᠭᠡ ᠶᠢᠨ ᠠᠶᠠᠯᠠᠯ︾᠎ ᠤᠨ ᠴᠠᠭᠠᠨ ᠬᠠᠷᠠᠩ ᠢ ᠰᠢᠭᠰᠢᠨ ᠪᠠᠶᠢᠴᠠᠭᠠᠬᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ︵ᠪᠠᠭᠠᠷᠢᠨ ᠪᠠᠷᠠᠭᠤᠨ ᠬᠤᠰᠢᠭᠤᠨ ᠤ ᠥᠷᠲᠡᠭᠡ︶᠎ ᠶᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/9
     ︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ︽ᠰᠠᠶᠢᠨ ᠳᠤᠷ᠎ᠠ ᠶᠢᠨ ᠬᠦᠴᠦᠨ ᠢᠶᠠᠨ ᠡᠷᠭᠦᠵᠦ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠲᠠᠢ ᠤᠶᠠᠯᠳᠤᠭᠤᠯᠤᠨ᠂ ᠰᠠᠭᠤᠭᠠᠯᠢ ᠠᠷᠠᠳ ᠤᠨ ᠬᠠᠷᠠᠭᠠᠨ ᠤ ᠡᠷᠡᠭᠦᠯ ᠮᠡᠨᠳᠦ ᠶᠢ ᠬᠠᠯᠠᠮᠵᠢᠯᠠᠵᠤ᠂ ᠥᠷᠭᠡᠨ ᠣᠯᠠᠨ ᠨᠢᠳᠦᠨ ᠤ ᠰᠠᠯᠠᠭᠠᠨ ᠤ ᠡᠪᠡᠳᠴᠢᠨ ᠲᠠᠢ ᠡᠪᠡᠳᠴᠢᠲᠡᠨ ᠢ ᠡᠷᠲᠡ ᠢᠯᠡᠷᠡᠭᠦᠯᠬᠦ᠂ ᠡᠷᠲᠡ ᠡᠮᠨᠡᠨ ᠵᠠᠰᠠᠬᠤ ᠶᠢ ᠦᠨᠡᠨ ᠬᠦ ᠪᠠᠲᠤᠯᠠᠵᠤ᠂ ᠪᠠᠭᠠᠷᠢᠨ ᠪᠠᠷᠠᠭᠤᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠬᠡᠷᠡᠯ ᠭᠡᠭᠡ ᠶᠢᠨ ᠠᠶᠠᠯᠠᠯ︾᠎ ᠤᠨ ᠴᠠᠭᠠᠨ ᠬᠠᠷᠠᠩ ᠤᠨ ᠨᠡᠶᠢᠲᠡ ᠶᠢᠨ ᠠᠰᠠᠷᠠᠮᠵᠢ ᠶᠢᠨ ᠰᠢᠭᠰᠢᠨ ᠪᠠᠶᠢᠴᠠᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠨᠢᠳᠦᠨ ᠤ ᠰᠠᠯᠠᠭᠠᠨ ᠤ ᠡᠪᠡᠳᠴᠢᠲᠡᠨ ᠪᠠ ᠴᠠᠭᠠᠨ ᠬᠠᠷᠠᠩ ᠡᠪᠡᠳᠴᠢᠲᠡᠨ ᠳᠤ ᠮᠡᠰᠡ ᠵᠠᠰᠠᠯ ᠬᠢᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠣᠨᠴᠠ ᠬᠦᠴᠢᠷᠳᠡᠯᠲᠡᠶ ᠡᠷᠦᠬᠡ᠂ ᠬᠢᠨᠠᠨ ᠬᠡᠮᠵᠢᠬᠦ ᠡᠷᠦᠬᠡ ᠵᠡᠷᠭᠡ ᠭᠤᠷᠪᠠᠨ ᠲᠥᠷᠥᠯ ᠤᠨ ᠬᠥᠮᠦᠰ ᠲᠤ ᠰᠦᠢᠳᠬᠡᠯ ᠬᠤᠷᠢᠶᠠᠬᠤ ᠥᠬᠡᠶ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠨ᠎ᠡ᠃     ᠰᠢᠭᠰᠢᠨ ᠪᠠᠶᠢᠴᠠᠭᠠᠬᠤ ᠳᠤ ᠤᠷᠤᠯᠴᠠᠬᠤ ᠬᠥᠮᠦᠨ ᠲᠣᠰ ᠬᠥᠮᠦᠨ ᠤ ᠪᠡᠶ᠎ᠡ ᠶᠢᠨ ᠦᠨᠡᠮᠯᠡᠯ ᠢᠶᠠᠨ ᠠᠪᠴᠤ ᠲᠣᠭᠲᠠᠭᠰᠠᠨ ᠭᠠᠵᠠᠷ ᠲᠤ ᠬᠦᠷᠴᠦ ᠰᠢᠭᠰᠢᠨ ᠪᠠᠶᠢᠴᠠᠭᠠᠬᠤ ᠳᠤ ᠣᠷᠣᠯᠴᠠᠬᠤ ᠬᠡᠷᠡᠭᠲᠡᠶ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ