| | | | —2024 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ | | ᠲᠥᠯᠥᠭᠡᠯᠡᠭᠴᠢᠳ ᠠ᠋᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ | ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠳᠠᠭᠴᠢ ᠵᠢᠯ ᠮᠥᠨ᠃ ᠲᠤᠶᠢᠯ ᠤᠨ | ᠲᠦᠪᠡᠭ ᠪᠤᠳᠤᠯᠢᠶᠠᠨᠲᠠᠢ ᠣᠯᠠᠨ ᠤᠯᠤᠰ ᠤᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ | ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ | ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ | ᠲᠤᠯᠵᠤ᠂ ᠳᠣᠲᠣᠭᠠᠳᠤ ᠶᠢᠨ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠯᠠᠪᠳᠠᠭᠤᠨ | ᠲᠣᠭᠲᠠᠭᠤᠨ ᠢᠶᠠᠷ ᠱᠠᠲᠤ ᠰᠢᠯᠵᠢᠵᠦ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ᠂ ᠪᠦᠭᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | —ᠠᠵᠤ ᠠᠬᠤᠢ ᠶᠡᠷᠦᠩᠬᠡᠢ ᠳᠡᠭᠡᠨ ᠰᠡᠷᠭᠦᠨ ᠰᠠᠶᠢᠵᠢᠷᠠᠪᠠ᠃ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠭᠦ ᠦᠷᠳᠡᠭ 126 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5.2% ᠢᠶᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ | ᠡᠩᠨᠡᠭᠡᠨ ᠳᠤ ᠣᠷᠣᠪᠠ᠃ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1244 ᠲᠦᠮᠡ ᠰᠢᠨ᠎ᠡ ᠪᠠᠷ | ᠨᠡᠮᠡᠭᠳᠡᠵᠦ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.2% | ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ ᠥᠰᠪᠡ᠃ ᠤᠯᠤᠰ ᠤᠨ ᠬᠤᠭᠤᠷᠣᠨᠳᠣᠭᠢ | ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠨ᠎ᠠ᠃ | —ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠯᠲᠠ ᠲᠠᠢ ᠪᠣᠯᠪᠠ᠃ | ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠥᠷᠨᠢᠩᠭᠦᠢ ᠬᠥᠭᠵᠢᠭᠦᠯᠵᠦ᠂ ᠢᠷᠡᠭᠡᠳᠦᠢ ᠶᠢᠨ | ᠠᠵᠤ ᠦᠢᠯᠡᠰ ᠢ ᠡᠮᠬᠢ ᠵᠢᠷᠤᠮ ᠲᠠᠢ ᠪᠠᠶᠢᠷᠢᠯᠠᠭᠤᠯᠵᠤ᠂ ᠲᠡᠷᠢᠭᠦᠨ ᠤ ᠦᠢᠯᠡᠳᠬᠦ ᠦᠢᠯᠡᠰ ᠪᠣᠯᠣᠨ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠭᠦᠨᠵᠡᠭᠡᠢ ᠠᠭᠤᠰᠤᠯᠴᠠᠭᠤᠯᠤᠨ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ | ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠳᠡᠯᠡᠬᠡᠢ ᠶᠢᠨ ᠲᠡᠷᠢᠭᠦᠨ ᠤ ᠲᠦᠪᠰᠢᠨ ᠳᠤ ᠭᠦᠷᠪᠡ᠃ ᠤᠯᠤᠰ ᠲᠠᠭᠠᠨ | ᠦᠢᠯᠡᠳᠪᠦᠷᠢᠯᠡᠭᠰᠡᠨ ᠲᠣᠮᠣ ᠨᠢᠰᠬᠡᠯ C919 ᠶᠢ ᠬᠤᠳᠠᠯᠳᠤᠭᠠᠨ ᠤ ᠠᠵᠢᠯᠯᠠᠭᠠᠨ ᠳᠤ ᠣᠷᠣᠭᠤᠯᠵᠤ᠂ | ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠶᠢ ᠠᠮᠵᠢᠯᠲᠠ ᠲᠠᠢ ᠪᠠᠷ | ᠦᠢᠯᠡᠳᠴᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠦᠢᠯᠡᠳᠪᠦᠷᠢᠯᠡᠭᠰᠡᠨ ᠪᠠ | ᠪᠣᠷᠣᠯᠠᠭᠤᠯᠤᠭᠰᠠᠨ ᠬᠡᠮᠵᠢᠶ᠎ᠡ ᠶᠢᠨ ᠪᠦᠭᠦ ᠪᠥᠮᠪᠥᠷᠴᠡᠭ ᠲᠤ ᠡᠵᠡᠯᠡᠬᠦ ᠬᠤᠪᠢ ᠶᠢᠨ ᠵᠢᠩ 60% ᠶᠢ ᠳᠠᠪᠠᠵᠠᠢ᠃ | —ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ | ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠡᠯᠪᠡᠭ ᠦᠷ᠎ᠡ ᠪᠦᠲᠦᠭᠡᠯ | ᠣᠯᠵᠤ᠂ ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ᠂ ᠰᠢᠲᠠᠮᠠᠬᠠᠢ ᠬᠡᠢ ᠶᠢᠨ ᠲᠦᠷᠪᠢᠨ᠂ ᠳᠥᠷᠪᠡᠳᠦᠭᠡᠷ | ᠦᠶ᠎ᠡ ᠶᠢᠨ ᠴᠥᠮ᠎ᠡ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠵᠡᠷᠭᠡ ᠳᠡᠭᠡᠳᠦ ᠲᠡᠰ ᠤᠨ ᠲᠣᠨᠣᠭᠯᠠᠯ ᠢ ᠰᠤᠳᠤᠯᠤᠨ | ᠦᠢᠯᠡᠳᠬᠦ ᠠᠵᠢᠯ ᠲᠦᠷᠭᠡᠨ ᠬᠥᠭᠵᠢᠵᠦ᠂ ᠵᠣᠬᠢᠶᠠᠮᠠᠯ ᠤᠶᠤᠯᠢᠬ᠂ ᠺᠸᠠᠨ᠋ᠲ ᠤᠨ ᠮᠡᠷᠭᠡᠵᠢᠯ ᠵᠡᠷᠭᠡ ᠬᠤᠰᠢᠭᠤᠷᠠᠯ | ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠪᠠ᠃ | ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ 28.6% ᠪᠠᠷ ᠨᠡᠮᠡᠭᠳᠡᠪᠡ᠃ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠤᠯᠭᠠᠬᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ | —ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠰᠢᠨ᠎ᠡ ᠨᠢᠭᠡᠨ ᠡᠭᠡᠯᠵᠢ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠪ ᠤᠨ ᠳᠡᠰ ᠳᠠᠪᠬᠤᠷᠭ᠎ᠠ ᠳᠠᠬᠢ ᠥᠭᠡᠷᠡᠴᠢᠯᠡᠯᠲᠡ ᠶᠢ | ᠦᠨᠳᠦᠰᠦᠨ ᠳᠡᠭᠡᠨ ᠪᠡᠶᠡᠯᠡᠭᠦᠯᠵᠦ᠂ ᠣᠷᠣᠨ ᠨᠤᠲᠤᠭ ᠤᠨ ᠳᠡᠰ ᠳᠠᠪᠬᠤᠷᠭ᠎ᠠ ᠶᠢᠨ ᠥᠭᠡᠷᠡᠴᠢᠯᠡᠯᠲᠡ ᠶᠢ ᠡᠮᠬᠢ | ᠵᠢᠷᠤᠮ ᠲᠠᠢ ᠪᠠᠷ ᠶᠠᠪᠤᠭᠳᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠡᠶᠢᠲᠡᠯᠡᠪᠡ᠃ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠪᠡ᠃ ᠤᠯᠠᠨ ᠤᠯᠤᠰ ᠤᠨ ᠵᠠᠬ᠎ᠠ ᠳᠡᠯᠭᠡᠭᠦᠷ ᠲᠤ ᠡᠵᠡᠯᠡᠬᠦ ᠭᠠᠳᠠᠭᠠᠳᠤ ᠭᠠᠷᠭᠠᠯᠲᠠ ᠶᠢᠨ | ᠬᠤᠪᠢᠲᠠᠴᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠭᠠᠳᠠᠭᠠᠳᠤ ᠪᠡᠯᠡ ᠶᠢ ᠪᠣᠳᠠᠲᠠᠢ ᠬᠡᠷᠡᠭᠯᠡᠬᠦ ᠪᠦᠲᠦᠴᠡ ᠶᠢ | ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢᠨ ᠳᠡᠯᠡᠬᠡᠢ ᠳᠡᠭᠡᠷᠡᠬᠢ ᠨᠥᠯᠥᠭᠡᠯᠡᠬᠦ | ᠬᠦᠴᠦᠨ᠂ ᠤᠷᠢᠶᠠᠯᠠᠬᠤ ᠬᠦᠴᠦᠨ ᠢ ᠨᠡᠩ ᠢᠯᠡ ᠲᠣᠳᠣ ᠢᠯᠡᠷᠡᠭᠦᠯᠪᠡ᠃ | —ᠠᠮᠤᠷ ᠲᠦᠪᠰᠢᠨ ᠢᠶᠠᠷ ᠬᠥᠭᠵᠢᠭᠦᠯᠬᠦ ᠰᠠᠭᠤᠷᠢ ᠶᠢ ᠪᠠᠲᠤᠳᠬᠠᠨ ᠪᠠᠬᠢᠵᠢᠭᠦᠯᠪᠡ᠃ ᠠᠮᠤ ᠪᠤᠳᠠᠭᠠᠨ ᠤ | ᠤᠨᠠᠯᠳᠠ 1.39 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ | ᠡᠭᠦᠳᠪᠡ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠬᠠᠩᠭᠠᠯᠭ᠎ᠠ ᠲᠣᠭᠲᠠᠭᠤᠨ ᠪᠠᠶᠢᠨ᠎ᠠ᠃ ᠴᠢᠬᠤᠯᠠ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠪᠡ᠃ ᠠᠵᠤ ᠠᠬᠤᠢ ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠪᠠ᠃ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ | ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠰᠠᠶᠢᠵᠢᠷᠠᠭᠤᠯᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ | ᠥᠷᠨᠢᠭᠦᠯᠵᠦ᠂ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ | ᠦᠷᠭᠦᠯᠵᠢᠯᠡᠨ ᠪᠠᠭᠤᠷᠠᠭᠤᠯᠵᠤ᠂ ᠭᠠᠵᠠᠷ ᠤᠨ ᠭᠠᠳᠠᠷᠭᠤ ᠶᠢᠨ ᠤᠰᠤ ᠪᠠ ᠡᠷᠭᠢ ᠣᠶᠢᠷᠠᠯᠴᠠᠭ᠎ᠠ ᠲᠠᠯᠠᠢ ᠶᠢᠨ | ᠣᠷᠣᠨ ᠤ ᠤᠰᠤᠨ ᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠭᠦ ᠲᠠᠯ᠎ᠠ ᠪᠠᠷ ᠡᠬᠢᠯᠡᠭᠦᠯᠪᠡ᠃ ᠳᠠᠭᠢᠨ ᠡᠭᠦᠰᠴᠦ | ᠪᠤᠯᠬᠤ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠢᠯᠴᠢ ᠶᠢᠨ | ᠴᠠᠭᠢᠯᠭᠠᠨ ᠠᠴᠠ ᠲᠡᠦᠬᠡᠲᠦ ᠴᠢᠨᠠᠷᠲᠠᠢ ᠪᠠᠷ ᠳᠠᠪᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠮᠠᠰᠢᠨ | ᠴᠣᠭᠴᠠᠯᠠᠪᠤᠷᠢ ᠪᠦᠭᠦ ᠪᠥᠮᠪᠥᠷᠴᠡᠭ ᠤᠨ ᠬᠠᠭᠠᠰ ᠠᠴᠠ ᠳᠠᠪᠠᠪᠠ᠃ | —ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 6.1% ᠪᠠᠷ ᠨᠡᠮᠡᠭᠳᠡᠵᠦ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8. | 4% ᠪᠠᠷ ᠨᠡᠮᠡᠭᠳᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ ᠠᠰᠠᠷᠠᠮᠵᠢ᠂ | ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ | ᠲᠤᠰᠠᠯᠠᠯᠲᠠ ᠶᠢᠨ ᠪᠠᠲᠤᠯᠠᠭ᠎ᠠ ᠭᠦᠷᠳᠡᠭᠦ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ ᠬᠡᠦᠬᠡᠳ ᠬᠥᠮᠥᠵᠢᠭᠦᠯᠬᠦ︾ ᠲᠤᠰᠬᠠᠢ ᠵᠦᠢᠯ ᠤᠨ | ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶᠢᠯᠢ ᠲᠤᠰᠢᠶᠠᠭᠴᠢ | ᠠᠰᠢᠭ ᠭᠦᠷᠲᠡᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠴᠢᠩᠭᠠᠳᠬᠠᠵᠤ᠂ ᠮᠢᠩᠭ᠎ᠠ ᠭᠠᠷᠤᠢ ᠲᠦᠮᠡᠨ ᠭᠡᠷ | ᠪᠦᠯᠢ ᠳᠤ ᠠᠰᠢᠭ ᠬᠦᠷᠲᠡᠭᠡᠪᠡ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ | ᠳᠠᠪᠬᠤᠴᠠᠵᠤ᠂ ᠮᠠᠨ ᠤ ᠤᠯᠤᠰ ᠤᠨ ᠠᠵᠤ ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ | ᠪᠦᠳᠦᠷᠢᠯ ᠲᠠᠢ ᠪᠠᠷ ᠤᠷᠤᠭᠰᠢᠯᠠᠨ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ | ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ᠂ | ᠭᠠᠵᠠᠷ ᠣᠷᠣᠨ ᠤ ᠤᠯᠤᠰ ᠲᠦᠷᠦ ᠶᠢᠨ ᠮᠥᠷᠭᠦᠯᠳᠦᠭᠡᠨ ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ | ᠦᠵᠡᠯ ᠳᠡᠭᠡᠭᠰᠢᠯᠡᠵᠦ᠂ ᠮᠠᠨ ᠤ ᠤᠯᠤᠰ ᠤᠨ ᠬᠥᠭᠵᠢᠯᠲᠡ ᠳᠤ ᠦᠵᠡᠭᠦᠯᠭᠦ ᠭᠠᠳᠠᠭᠠᠳᠤ ᠣᠷᠴᠢᠨ ᠨᠥᠬᠦᠴᠡᠯ ᠤᠨ | ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ | ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ | ᠥᠩᠭᠡᠷᠡᠭᠡᠭᠡᠳ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠰ ᠪᠡᠶ᠎ᠡ ᠳᠤ ᠴᠥᠭᠡᠨ ᠪᠤᠰᠤ ᠬᠦᠴᠢᠷ | ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ | ᠲᠦᠷᠭᠡᠰᠦᠨ ᠢᠯᠡᠷᠡᠵᠦ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ ᠬᠤᠶᠢᠨ᠎ᠠ ᠠᠴᠠ ᠪᠠᠨ | ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ ᠪᠠᠶᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ | ᠪᠠᠶᠢᠬᠤ ᠪᠠᠶᠢᠳᠠᠯ ᠳᠠᠪᠬᠤᠴᠠᠵᠤ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ ᠵᠡᠷᠭᠡ ᠪᠠᠷ | ᠣᠷᠣᠰᠢᠵᠤ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ | ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ | ᠭᠡᠮ ᠲᠣᠪᠣᠶᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ | ᠬᠥᠳᠡᠯᠦᠯᠲᠡ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ᠃ ᠡᠶᠢᠮᠦᠷᠬᠦᠦ ᠪᠠᠶᠢᠳᠠᠯ ᠤᠨ | ᠳᠣᠣᠷ᠎ᠠ᠂ ᠲᠦᠷᠦ ᠶᠢᠨ ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ | ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ ᠢᠯᠡᠳᠲᠡ ᠣᠯᠠᠰᠢᠷᠠᠪᠠ᠃ ᠤᠯᠤᠰ ᠳᠠᠶᠠᠭᠠᠷ ᠤᠨ | ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ | ᠭᠠᠷᠤᠭᠰᠠᠨ ᠪᠠᠶᠢᠨ᠎ᠠ᠃ ᠢᠯᠠᠩᠭᠤᠶ᠎ᠠ ᠪᠢᠳᠡ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ | ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠦᠨᠳᠦ ᠶᠡᠭᠡ ᠬᠦᠴᠢᠷ ᠪᠡᠷᠬᠡᠰᠢᠶᠡᠯ ᠢ | ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ᠃ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ | ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠰᠥᠰᠥ ᠵᠣᠷᠢᠭ᠂ | ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ | ᠳᠠᠪᠠᠯᠭᠠᠨ ᠢ ᠵᠦᠰᠦᠵᠦ᠂ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ ᠭᠡᠳᠡᠭ ᠢ | ᠦᠢᠯᠡᠳᠦᠯᠭᠡ ᠭᠦᠢᠴᠡᠳ ᠬᠠᠷᠠᠭᠤᠯᠵᠠᠢ︕ | ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ | ᠭᠤᠣᠯᠳᠠᠭᠤ ᠳᠣᠣᠷᠠᠬᠢ ᠠᠵᠢᠯ ᠤᠳ ᠢ ᠬᠢᠪᠡ᠃ | ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ | ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ | ᠳᠠᠷᠠᠭᠠᠬᠢ ᠠᠵᠤ ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ᠂ ᠪᠢᠳᠡ ᠨᠡᠮᠡᠭᠳᠡᠯ ᠢ ᠲᠣᠭᠲᠠᠭᠤᠨ | ᠪᠠᠶᠢᠯᠭᠠᠬᠤ ᠪᠠ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ ᠶᠢ | ᠪᠠᠬᠢᠵᠢᠭᠦᠯᠬᠦ ᠶᠢ ᠳᠣᠪᠤᠶᠢᠯᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ | ᠬᠤᠷᠸ᠎ᠠ ᠲᠣᠬᠢᠷᠠᠭᠤᠯᠤᠯ ᠡᠵᠡᠮᠳᠡᠯ ᠤᠨ ᠴᠠᠭ ᠬᠡᠮᠵᠢᠶ᠎ᠡ ᠪᠦᠲᠦᠮᠵᠢ ᠶᠢ ᠡᠵᠡᠮᠳᠡᠵᠦ᠂ ᠦᠶᠡᠯᠡᠯ ᠥᠭᠰᠥᠭᠦᠯᠦᠨ | ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ︽ᠨᠡᠯᠦᠶᠢᠯᠭᠡᠨ ᠤᠰᠤᠯᠠᠬᠤ︾ ᠪᠠ ᠣᠬᠤᠷ ᠬᠤᠭᠤᠴᠠᠭᠠᠨ ᠤ ᠴᠢᠩᠭ᠎ᠠ | ᠰᠡᠳᠦᠯᠲᠡ ᠥᠭᠬᠦ ᠦᠭᠡᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ | ᠬᠦᠴᠦᠯᠡᠨ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠳᠣᠣᠷ᠎ᠠ᠂ ᠳᠤᠮᠳᠠ | ᠬᠤᠭᠤᠴᠠᠭᠠᠨ ᠳᠤ ᠥᠨᠳᠥᠷ᠂ ᠰᠡᠭᠦᠯ ᠤᠨ ᠬᠤᠭᠤᠴᠠᠭᠠᠨ ᠳᠤ ᠲᠣᠭᠲᠠᠭᠤᠨ ᠪᠠᠶᠢᠳᠠᠯ ᠢᠯᠡᠷᠡᠪᠡ᠃ ᠳᠣᠲᠣᠭᠠᠳᠤ | ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ᠂ ᠬᠡᠰᠡᠭ ᠱᠠᠲᠤ ᠦᠶᠡᠴᠢ ᠴᠢᠨᠠᠷᠲᠠᠢ ᠲᠦᠷᠤ ᠶᠢᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ ᠲᠥᠷᠥ ᠶᠢᠨ | ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ | ᠦᠷ᠎ᠡ ᠪᠦᠳᠤᠮᠵᠢ ᠶᠢ ᠲᠡᠭᠡᠭᠰᠢᠯᠡᠭᠦᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢᠨ ᠪᠠᠲᠤᠯᠠᠭ᠎ᠠ ᠶᠢ | ᠴᠢᠩᠭᠠᠳᠬᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ 2.2 ᠲᠦᠮᠡᠨ | ᠳ᠋ᠦᠩᠰᠢᠭᠤᠷ ᠲᠥᠭᠦᠷᠢᠭ ᠢ ᠳᠠᠪᠠᠵᠤ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ | ᠲᠠᠷᠬᠠᠭᠠᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠭᠦ ᠶᠢ ᠳᠡᠮᠵᠢᠪᠡ᠃ ᠵᠣᠭᠤᠰᠤᠨ ᠤ | ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ | ᠮᠥᠩᠭᠦᠨ ᠤ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ | ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ᠂ | ᠨᠣᠭᠤᠭᠠᠨ ᠬᠥᠭᠵᠢᠯᠲᠡ ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ᠃ ᠮᠠᠰᠢᠨ ᠲᠡᠷᠭᠡ᠂ ᠭᠡᠷ ᠦᠷᠤᠭᠡ᠂ | ᠡᠯᠧᠺᠲᠷᠣᠨ ᠦᠢᠯᠡᠳᠬᠦᠨ᠂ ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠨᠡᠶᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ ᠤᠨ ᠦᠢᠯᠡᠴᠢᠯᠡᠭᠡᠨ ᠤ | ᠬᠡᠷᠡᠭᠯᠡᠭᠡ ᠶᠢᠨ ᠰᠡᠷᠭᠦᠯᠲᠡ ᠲᠦᠷᠭᠡᠰᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ | ᠦᠢᠯᠡᠳᠦᠯ ᠢ ᠪᠠᠳᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ | ᠲᠣᠭᠲᠠᠭᠠᠵᠤ᠂ ᠡᠨᠧᠷᠭᠢ ᠶᠢᠨ ᠰᠤᠷᠪᠤᠯᠵᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ | ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ ᠶᠢᠨ ᠪᠠᠶᠢᠳᠠᠯ ᠳᠤᠨᠢ | ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ | ᠲᠣᠬᠢᠷᠠᠭᠤᠯᠤᠯ ᠡᠵᠡᠮᠳᠡᠯ ᠢ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠵᠢᠭᠡᠯᠡᠯᠭᠡ ᠶᠢᠨ ᠥᠪᠡᠷ ᠤᠨ ᠥᠷᠲᠡᠭ ᠢ | ᠪᠠᠭᠤᠷᠠᠭᠤᠯᠬᠤ ᠶᠢ ᠠᠬᠢᠭᠤᠯᠤᠨ᠂ ᠠᠰᠠᠷ ᠢ ᠪᠠᠲᠤᠲᠠᠢ ᠲᠤᠰᠢᠶᠠᠬᠤ ᠠᠵᠢᠯ ᠢ ᠢᠳᠡᠪᠬᠢᠲᠡᠢ ᠪᠠᠷ ᠠᠬᠢᠭᠤᠯᠪᠠ᠃ | ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ | ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠦᠷᠦᠯ ᠬᠤᠪᠢᠶᠠᠨ ᠰᠢᠢᠳᠪᠦᠷᠢᠯᠡᠵᠦ᠂ ᠰᠢᠰᠲ᠋ᠧᠮ ᠤᠨ | ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠰᠠᠬᠢᠵᠤ ᠴᠢᠳᠠᠪᠠ᠃ | ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ | ᠳᠠᠭᠠᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ | ᠴᠢᠩᠭᠠᠷᠠᠭᠤᠯᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ | ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ᠃ | ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠠᠵᠤ | ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠲᠡᠷᠢᠭᠦᠨ ᠤ ᠦᠢᠯᠡᠳᠬᠦ ᠦᠢᠯᠡᠰ ᠢ | ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ᠂ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠪᠠ᠃ | ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ 50% ᠶᠢ | ᠳᠠᠪᠠᠪᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠬᠤᠲᠠ ᠳᠤ ᠡᠷᠦᠭᠡ ᠠᠮᠠ ᠣᠷᠤᠭᠤᠯᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ | ᠴᠢᠯᠦᠭᠡᠲᠡᠢ ᠪᠤᠯᠭᠠᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ᠂ | ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ | ᠳᠡᠭᠡᠭᠰᠢᠯᠡᠭᠦᠯᠪᠡ᠃ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ | ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ᠂ ᠠᠮᠤ | ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ | ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ | ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ ᠪᠦᠯᠦᠭ ᠰᠢᠨ᠎ᠡ ᠠᠷᠭ᠎ᠠ ᠬᠡᠮᠵᠢᠶ᠎ᠡ ᠶᠢ ᠭᠠᠷᠭᠠᠵᠤ᠂ ᠨᠢᠭᠡ ᠪᠦᠯᠦᠭ ᠴᠢᠬᠤᠯᠠ | ᠶᠡᠭᠡ ᠲᠥᠰᠥᠯ ᠢ ᠬᠡᠷᠡᠭᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ ᠴᠢᠨᠠᠷ ᠪᠠ ᠲᠡᠩᠴᠡᠭᠦᠷᠢᠲᠦ | ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠢ ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ᠂ ᠭᠤᠤᠯᠴᠢ | ᠥᠷᠢᠰᠦᠯᠳᠦᠭᠡᠨ ᠢ ᠬᠠᠷᠰᠢᠯᠠᠬᠤ ᠨᠢᠭᠡ ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ | ᠴᠡᠪᠡᠷᠯᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠤᠰ ᠲᠤᠰ | ᠭᠠᠷᠭᠠᠵᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ | ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ | ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠰᠦᠢᠳᠬᠡᠯ | ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ | ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ | ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ | ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠴᠠᠭᠢᠯᠭᠠᠨ ᠮᠠᠰᠢᠨ ᠲᠡᠷᠭᠡ᠂ ᠯᠢᠲ᠋ᠢ | ᠳ᠋ᠢᠶᠠᠨ ᡂᠢ᠂ ᠭᠡᠷᠡᠯ ᠴᠠᠭᠢᠯᠭᠠᠨ ᠤ ᠦᠢᠯᠡᠳᠬᠦᠨ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ 30% | ᠰᠢᠬᠠᠮ ᠢᠶᠠᠷ ᠨᠡᠮᠡᠭᠳᠡᠪᠡ᠃ ᠭᠠᠳᠠᠭᠠᠳᠤ ᠪᠡᠯᠡ ᠶᠢ ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠪᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ ᠪᠠᠷ ᠪᠠᠶᠢᠭᠤᠯᠬᠤ | ᠤᠯᠤᠰ ᠯᠤᠭ᠎ᠠ ᠶᠢᠨ ᠠᠷᠠᠯᠵᠢᠶ᠎ᠠ ᠪᠡᠯᠡ ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ᠃ | ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠲᠦᠷᠭᠡᠳᠬᠡᠪᠡ᠃ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠴᠡᠯᠮᠡᠭ ᠲᠡᠭᠷᠢ᠂ | ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ᠃ ᠴᠢᠬᠤᠯᠠ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ | ᠬᠡᠷᠡᠭᠵᠢᠭᠦᠯᠪᠡ᠃ ᠬᠥᠷᠥᠰᠥ ᠰᠢᠷᠣᠢ ᠶᠢᠨ ᠢᠳᠡᠭᠳᠡᠯ᠂ ᠴᠥᠯᠵᠢᠯᠲᠡ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ | ᠠᠵᠢᠯ ᠢ ᠰᠠᠶᠢᠲᠤᠷ ᠠᠳᠬᠤᠪᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠯᠲᠠ ᠶᠢ ᠴᠢᠩᠭᠠᠳᠬᠠᠪᠠ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ᠃ ᠭᠤᠣᠯᠳᠠᠯᠭ᠎ᠠ ᠲᠠᠢ ᠠᠵᠢᠯ ᠲᠥᠷᠥᠯ ᠤᠨ | ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ᠃ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ ᠪᠦᠯᠦᠭ ᠬᠤᠳᠠ ᠪᠠ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠪᠦᠭᠦ ᠪᠥᠮᠪᠥᠷᠴᠡᠭ ᠤᠨ ᠠᠭᠤᠷ | ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ᠃ | ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ | ᠦᠢᠯᠡᠰ ᠤᠨ ᠬᠥᠭᠵᠢᠯᠲᠡ ᠶᠢ ᠠᠬᠢᠭᠤᠯᠪᠠ᠃ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠡ᠃ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠤ | ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ | ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ | ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3300 ᠲᠦᠮᠡ ᠶᠢ ᠳᠠᠪᠠᠪᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ | ᠬᠥᠩᠭᠡᠷᠡᠭᠦᠯᠬᠦ︾ ᠠᠵᠢᠯ ᠢ ᠰᠠᠶᠢᠲᠤᠷ ᠬᠢᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ 1100 ᠭᠠᠷᠤᠢ ᠲᠦᠮᠡᠨ | ᠰᠤᠷᠤᠬᠴᠢᠳ ᠲᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ | ᠲᠦᠷᠦᠯ ᠬᠥᠬᠡᠭᠴᠢᠨ ᠬᠠᠮᠢᠶᠠᠷᠤᠯᠲᠠ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠲᠤ | ᠲᠠᠭᠰᠢᠭᠤᠷ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ | ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ ᠬᠡᠷᠡᠭᠵᠢᠭᠦᠯᠪᠡ᠃ | ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ | ᠶᠡᠭᠡ ᠪᠠᠷ ᠬᠥᠭᠵᠢᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ᠃ ᠬᠠᠶᠢᠾᠧ ᠭᠤᠣᠯ ᠵᠡᠷᠭᠡ ᠰᠠᠪᠠ | ᠭᠠᠵᠠᠷ ᠤᠨ ᠣᠨᠴᠠ ᠶᠡᠭᠡ ᠦᠶᠡᠷ ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠵᠤ᠂ ᠭᠠᠨᠰᠤ ᠶᠢᠨ ᠵᠢᠢ ᠱᠢ | ᠱᠠᠨ ᠤ ᠭᠠᠵᠠᠷ ᠬᠥᠳᠡᠯᠦᠯᠲᠡ ᠵᠡᠷᠭᠡ ᠶᠢᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ | ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠪᠠ᠃ ᠰᠣᠶᠣᠯ ᠢ | ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠪᠦᠭᠦ ᠲᠠᠯ᠎ᠠ ᠪᠠᠷ ᠰᠡᠷᠭᠦᠪᠡ᠃ | ᠣᠯᠠᠨ ᠲᠦᠮᠡᠨ ᠤ ᠪᠡᠶ᠎ᠡ ᠶᠢᠨ ᠲᠠᠮᠢᠷ ᠥᠷᠨᠢᠨ ᠬᠥᠭᠵᠢᠵᠦ᠂ ᠴᠧᠩᠳᠦ᠋ ᠳᠤ ᠪᠣᠯᠤᠭᠰᠠᠨ ᠣᠶᠤᠲᠠᠳ ᠤᠨ ᠪᠡᠶ᠎ᠡ ᠶᠢᠨ | ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠠᠽᠢᠶ᠎ᠠ | ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ᠂ ᠮᠠᠨ ᠤ ᠤᠯᠤᠰ ᠤᠨ | ᠲᠠᠮᠢᠷᠴᠢᠳ ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ᠃ | ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ | ᠵᠠᠰᠠᠯᠲᠠ ᠶᠢᠨ ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠰᠢᠷᠭᠠᠭᠤ | ᠠᠵᠢᠯᠯᠠᠭᠴᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ | ᠭᠦᠨᠵᠡᠭᠡᠢ ᠥᠷᠨᠢᠭᠦᠯᠪᠡ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠪᠠ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠪᠡ᠃ ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ ᠬᠦᠯᠢᠶᠡᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ᠂ | ᠲᠥᠷᠥ ᠶᠢᠨ ᠪᠣᠳᠣᠯᠭ᠎ᠠ ᠪᠣᠯᠣᠨ ᠠᠵᠢᠯ ᠢ ᠪᠣᠳᠠᠲᠤ ᠪᠠᠶᠢᠳᠠᠯ ᠳᠤ ᠨᠡᠶᠢᠴᠡᠭᠦᠯᠬᠦ᠂ ᠣᠯᠠᠨ ᠲᠦᠮᠡᠨ ᠲᠠᠢ | ᠣᠶᠢᠷᠠᠲᠤᠭᠤᠯᠬᠤ ᠪᠠᠷ ᠴᠢᠷᠮᠠᠶᠢᠪᠠ᠃ ᠰᠢᠪᠠᠳᠠᠨ ᠪᠠᠶᠢᠴᠠᠭᠠᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠪᠡ᠃ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ | ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ | ᠮᠥᠩᠭᠦᠨ ᠭᠦᠢᠯᠭᠡᠭᠡᠨ ᠤ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ᠃ ᠬᠤᠲᠠ ᠬᠥᠳᠡᠭᠡ ᠶᠢᠨ ᠦᠨᠳᠦᠰᠦᠨ | ᠱᠠᠲᠤᠨ ᠤ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢ ᠬᠦᠴᠦᠲᠡᠢ ᠠᠳᠬᠤᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ | ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ | ᠲᠡᠭᠦᠯᠳᠡᠷᠵᠢᠭᠦᠯᠬᠦ ᠶᠢ ᠠᠬᠢᠭᠤᠯᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ | ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠪᠦᠲᠦᠮᠵᠢᠲᠡᠢ ᠪᠠᠷ ᠴᠣᠬᠢᠯᠲᠠ ᠥᠭᠴᠦ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ | ᠰᠢᠨ᠎ᠡ ᠠᠬᠢᠴᠠ ᠲᠠᠢ ᠪᠣᠯᠪᠠ᠃ | ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ | ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ | ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠲᠠ ᠬᠢᠵᠦ᠂ BRICS ᠤᠨ ᠤᠯᠤᠰ ᠤᠳ ᠤᠨ | ᠤᠳᠤᠷᠢᠳᠬᠤ ᠬᠥᠮᠥᠰ ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ | ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ | ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ – | ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ | ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ | ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ | ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠭᠤᠨ | ᠴᠡᠭ ᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ | ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ᠃ | ᠲᠥᠯᠥᠭᠡᠯᠡᠭᠴᠢᠳ ᠠ᠋︕ | ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ | ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ | ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ | ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ | ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ | ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ | ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ | ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ | ᠡᠨᠧᠷᠭᠢ ᠭᠦᠢᠴᠡᠳ ᠪᠤᠰᠤ ᠪᠠᠶᠢᠵᠤ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ ᠡᠭᠦᠰᠴᠦ᠂ | ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ | ᠳᠡᠭᠡᠭᠰᠢᠯᠡᠵᠦ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ | ᠪᠠᠰᠠ ᠪᠠᠲᠤ ᠪᠢᠰᠢ ᠪᠠᠶᠢᠵᠤ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠥᠷᠥᠯ ᠤᠨ | ᠥᠢᠢᠯᠡᠳᠪᠦᠷᠢᠯᠡᠭᠦ ᠴᠢᠳᠠᠪᠤᠷᠢ ᠦᠯᠡᠭᠦᠳᠡᠵᠦ᠂ ᠨᠡᠶᠢᠭᠡᠮ ᠤᠨ ᠵᠢᠱᠢᠯᠲᠡ ᠪᠠᠭᠤᠷᠠᠢ᠂ ᠠᠶᠤᠯ ᠲᠦᠭᠰᠢᠭᠦᠷᠢ ᠶᠢᠨ | ᠳᠠᠯᠳᠠ ᠭᠡᠮ ᠮᠥᠨ ᠬᠦ ᠨᠡᠯᠢᠶᠡᠳ ᠣᠯᠠᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ | ᠣᠷᠣᠰᠢᠵᠤ᠂ ᠤᠯᠠᠨ ᠤᠯᠤᠰ ᠤᠨ ᠣᠷᠴᠢᠯ ᠳᠤ ᠬᠠᠷᠰᠢᠯᠠᠯ ᠣᠷᠣᠰᠢᠵᠤ ᠪᠠᠶᠢᠨ᠎ᠠ᠃ ᠬᠡᠰᠡᠭ ᠳᠤᠮᠳᠠ ᠵᠢᠵᠢᠭ ᠠᠵᠤ | ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠬᠦᠴᠢᠷᠳᠡᠯ ᠲᠠᠢ | ᠪᠠᠶᠢᠨ᠎ᠠ᠃ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ ᠪᠦᠲᠦᠴᠡ ᠶᠢᠨ ᠴᠢᠨᠠᠷᠲᠠᠢ | ᠵᠥᠷᠢᠴᠡᠯ ᠵᠡᠷᠭᠡ ᠪᠠᠷ ᠣᠷᠣᠰᠢᠵᠤ᠂ ᠣᠯᠠᠨ ᠨᠡᠶᠢᠲᠡ ᠶᠢᠨ ᠦᠢᠯᠡᠴᠢᠯᠡᠭᠡ ᠳᠤ ᠮᠥᠨ ᠴᠤ ᠴᠥᠭᠡᠨ ᠪᠤᠰᠤ | ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ | ᠨᠡᠯᠢᠶᠡᠳ ᠪᠠᠴᠢᠮ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ | ᠪᠢᠰᠢ ᠪᠠᠶᠢᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ | ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ | ᠵᠠᠰᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ | ᠭᠤᠭᠴᠤᠭ᠎ᠠ ᠶᠢ ᠣᠮᠲᠣᠭᠠᠶᠢᠯᠠᠵᠤ ᠪᠣᠯᠣᠰᠢ ᠦᠭᠡᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ | ᠦᠭᠡᠢ ᠲᠠᠯ᠎ᠠ ᠣᠷᠣᠰᠢᠵᠤ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠬᠦ ᠨᠡᠯᠢᠶᠡᠳ | ᠲᠣᠪᠣᠶᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠠᠷᠢᠮ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ | ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠨᠠᠵᠠᠭᠠᠶᠢᠷᠠᠨ ᠬᠤᠶᠢᠷᠭᠤᠰᠢᠵᠤ | ᠬᠠᠷᠢᠭᠤᠴᠠᠯᠭ᠎ᠠ ᠠᠴᠠ ᠵᠠᠶᠢᠯᠠᠨ᠂ ᠥᠩᠭᠡᠪᠴᠢ ᠠᠵᠢᠯ ᠬᠢᠵᠦ ᠪᠠᠶᠢᠨ᠎ᠠ᠃ ᠵᠠᠷᠢᠮ ᠬᠦᠷᠢᠶᠡᠨ ᠳᠤ ᠢᠯᠵᠢᠷᠡᠯ ᠤᠨ | ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ | ᠬᠠᠨᠳᠤᠵᠤ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ | ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 6.1% ᠪᠠᠷ ᠨᠡᠮᠡᠭᠳᠡᠵᠦ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8. | 4% ᠪᠠᠷ ᠨᠡᠮᠡᠭᠳᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ ᠠᠰᠠᠷᠠᠮᠵᠢ᠂ | ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ | ᠲᠤᠰᠠᠯᠠᠯᠲᠠ ᠶᠢᠨ ᠪᠠᠲᠤᠯᠠᠭ᠎ᠠ ᠭᠦᠷᠳᠡᠭᠦ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ ᠬᠡᠦᠬᠡᠳ ᠬᠥᠮᠥᠵᠢᠭᠦᠯᠬᠦ︾ ᠲᠤᠰᠬᠠᠢ ᠵᠦᠢᠯ ᠤᠨ | ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶᠢᠯᠢ ᠲᠤᠰᠢᠶᠠᠭᠴᠢ | ᠠᠰᠢᠭ ᠭᠦᠷᠲᠡᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠴᠢᠩᠭᠠᠳᠬᠠᠵᠤ᠂ ᠮᠢᠩᠭ᠎ᠠ ᠭᠠᠷᠤᠢ ᠲᠦᠮᠡᠨ ᠭᠡᠷ | ᠪᠦᠯᠢ ᠳᠤ ᠠᠰᠢᠭ ᠬᠦᠷᠲᠡᠭᠡᠪᠡ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ | ᠳᠠᠪᠬᠤᠴᠠᠵᠤ᠂ ᠮᠠᠨ ᠤ ᠤᠯᠤᠰ ᠤᠨ ᠠᠵᠤ ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ | ᠪᠦᠳᠦᠷᠢᠯ ᠲᠠᠢ ᠪᠠᠷ ᠤᠷᠤᠭᠰᠢᠯᠠᠨ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ | ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ᠂ | ᠭᠠᠵᠠᠷ ᠣᠷᠣᠨ ᠤ ᠤᠯᠤᠰ ᠲᠦᠷᠦ ᠶᠢᠨ ᠮᠥᠷᠭᠦᠯᠳᠦᠭᠡᠨ ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ | ᠦᠵᠡᠯ ᠳᠡᠭᠡᠭᠰᠢᠯᠡᠵᠦ᠂ ᠮᠠᠨ ᠤ ᠤᠯᠤᠰ ᠤᠨ ᠬᠥᠭᠵᠢᠯᠲᠡ ᠳᠤ ᠦᠵᠡᠭᠦᠯᠭᠦ ᠭᠠᠳᠠᠭᠠᠳᠤ ᠣᠷᠴᠢᠨ ᠨᠥᠬᠦᠴᠡᠯ ᠤᠨ | ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ | ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ | ᠥᠩᠭᠡᠷᠡᠭᠡᠭᠡᠳ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠰ ᠪᠡᠶ᠎ᠡ ᠳᠤ ᠴᠥᠭᠡᠨ ᠪᠤᠰᠤ ᠬᠦᠴᠢᠷ | ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ | ᠲᠦᠷᠭᠡᠰᠦᠨ ᠢᠯᠡᠷᠡᠵᠦ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ ᠬᠤᠶᠢᠨ᠎ᠠ ᠠᠴᠠ ᠪᠠᠨ | ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ ᠪᠠᠶᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ | ᠪᠠᠶᠢᠬᠤ ᠪᠠᠶᠢᠳᠠᠯ ᠳᠠᠪᠬᠤᠴᠠᠵᠤ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ ᠵᠡᠷᠭᠡ ᠪᠠᠷ | ᠣᠷᠣᠰᠢᠵᠤ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ | ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ | ᠭᠡᠮ ᠲᠣᠪᠣᠶᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ | ᠬᠥᠳᠡᠯᠦᠯᠲᠡ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ᠃ ᠡᠶᠢᠮᠦᠷᠬᠦᠦ ᠪᠠᠶᠢᠳᠠᠯ ᠤᠨ | ᠳᠣᠣᠷ᠎ᠠ᠂ ᠲᠦᠷᠦ ᠶᠢᠨ ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ | ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ ᠢᠯᠡᠳᠲᠡ ᠣᠯᠠᠰᠢᠷᠠᠪᠠ᠃ ᠤᠯᠤᠰ ᠳᠠᠶᠠᠭᠠᠷ ᠤᠨ | ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ | ᠭᠠᠷᠤᠭᠰᠠᠨ ᠪᠠᠶᠢᠨ᠎ᠠ᠃ ᠢᠯᠠᠩᠭᠤᠶ᠎ᠠ ᠪᠢᠳᠡ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ | ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠦᠨᠳᠦ ᠶᠡᠭᠡ ᠬᠦᠴᠢᠷ ᠪᠡᠷᠬᠡᠰᠢᠶᠡᠯ ᠢ | ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ᠃ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ | ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠰᠥᠰᠥ ᠵᠣᠷᠢᠭ᠂ | ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ | ᠳᠠᠪᠠᠯᠭᠠᠨ ᠢ ᠵᠦᠰᠦᠵᠦ᠂ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ ᠭᠡᠳᠡᠭ ᠢ | ᠦᠢᠯᠡᠳᠦᠯᠭᠡ ᠭᠦᠢᠴᠡᠳ ᠬᠠᠷᠠᠭᠤᠯᠵᠠᠢ︕ | ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ | ᠭᠤᠣᠯᠳᠠᠭᠤ ᠳᠣᠣᠷᠠᠬᠢ ᠠᠵᠢᠯ ᠤᠳ ᠢ ᠬᠢᠪᠡ᠃ | ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ | ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ | ᠳᠠᠷᠠᠭᠠᠬᠢ ᠠᠵᠤ ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ᠂ ᠪᠢᠳᠡ ᠨᠡᠮᠡᠭᠳᠡᠯ ᠢ ᠲᠣᠭᠲᠠᠭᠤᠨ | ᠪᠠᠶᠢᠯᠭᠠᠬᠤ ᠪᠠ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ ᠶᠢ | ᠪᠠᠬᠢᠵᠢᠭᠦᠯᠬᠦ ᠶᠢ ᠳᠣᠪᠤᠶᠢᠯᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ | ᠬᠤᠷᠸ᠎ᠠ ᠲᠣᠬᠢᠷᠠᠭᠤᠯᠤᠯ ᠡᠵᠡᠮᠳᠡᠯ ᠤᠨ ᠴᠠᠭ ᠬᠡᠮᠵᠢᠶ᠎ᠡ ᠪᠦᠲᠦᠮᠵᠢ ᠶᠢ ᠡᠵᠡᠮᠳᠡᠵᠦ᠂ ᠦᠶᠡᠯᠡᠯ ᠥᠭᠰᠥᠭᠦᠯᠦᠨ | ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ︽ᠨᠡᠯᠦᠶᠢᠯᠭᠡᠨ ᠤᠰᠤᠯᠠᠬᠤ︾ ᠪᠠ ᠣᠬᠤᠷ ᠬᠤᠭᠤᠴᠠᠭᠠᠨ ᠤ ᠴᠢᠩᠭ᠎ᠠ | ᠰᠡᠳᠦᠯᠲᠡ ᠥᠭᠬᠦ ᠦᠭᠡᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ | ᠬᠦᠴᠦᠯᠡᠨ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠳᠣᠣᠷ᠎ᠠ᠂ ᠳᠤᠮᠳᠠ | ᠬᠤᠭᠤᠴᠠᠭᠠᠨ ᠳᠤ ᠥᠨᠳᠥᠷ᠂ ᠰᠡᠭᠦᠯ ᠤᠨ ᠬᠤᠭᠤᠴᠠᠭᠠᠨ ᠳᠤ ᠲᠣᠭᠲᠠᠭᠤᠨ ᠪᠠᠶᠢᠳᠠᠯ ᠢᠯᠡᠷᠡᠪᠡ᠃ ᠳᠣᠲᠣᠭᠠᠳᠤ | ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ᠂ ᠬᠡᠰᠡᠭ ᠱᠠᠲᠤ ᠦᠶᠡᠴᠢ ᠴᠢᠨᠠᠷᠲᠠᠢ ᠲᠦᠷᠤ ᠶᠢᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ ᠲᠥᠷᠥ ᠶᠢᠨ | ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ | ᠦᠷ᠎ᠡ ᠪᠦᠳᠤᠮᠵᠢ ᠶᠢ ᠲᠡᠭᠡᠭᠰᠢᠯᠡᠭᠦᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢᠨ ᠪᠠᠲᠤᠯᠠᠭ᠎ᠠ ᠶᠢ | ᠴᠢᠩᠭᠠᠳᠬᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ 2.2 ᠲᠦᠮᠡᠨ | ᠳ᠋ᠦᠩᠰᠢᠭᠤᠷ ᠲᠥᠭᠦᠷᠢᠭ ᠢ ᠳᠠᠪᠠᠵᠤ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ | ᠲᠠᠷᠬᠠᠭᠠᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠭᠦ ᠶᠢ ᠳᠡᠮᠵᠢᠪᠡ᠃ ᠵᠣᠭᠤᠰᠤᠨ ᠤ | ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ | ᠮᠥᠩᠭᠦᠨ ᠤ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ | ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ᠂ | ᠨᠣᠭᠤᠭᠠᠨ ᠬᠥᠭᠵᠢᠯᠲᠡ ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ᠃ ᠮᠠᠰᠢᠨ ᠲᠡᠷᠭᠡ᠂ ᠭᠡᠷ ᠦᠷᠤᠭᠡ᠂ | ᠡᠯᠧᠺᠲᠷᠣᠨ ᠦᠢᠯᠡᠳᠬᠦᠨ᠂ ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠨᠡᠶᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ ᠤᠨ ᠦᠢᠯᠡᠴᠢᠯᠡᠭᠡᠨ ᠤ | ᠬᠡᠷᠡᠭᠯᠡᠭᠡ ᠶᠢᠨ ᠰᠡᠷᠭᠦᠯᠲᠡ ᠲᠦᠷᠭᠡᠰᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ | ᠦᠢᠯᠡᠳᠦᠯ ᠢ ᠪᠠᠳᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ | ᠲᠣᠭᠲᠠᠭᠠᠵᠤ᠂ ᠡᠨᠧᠷᠭᠢ ᠶᠢᠨ ᠰᠤᠷᠪᠤᠯᠵᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ | ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ ᠶᠢᠨ ᠪᠠᠶᠢᠳᠠᠯ ᠳᠤᠨᠢ | ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ | ᠲᠣᠬᠢᠷᠠᠭᠤᠯᠤᠯ ᠡᠵᠡᠮᠳᠡᠯ ᠢ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠵᠢᠭᠡᠯᠡᠯᠭᠡ ᠶᠢᠨ ᠥᠪᠡᠷ ᠤᠨ ᠥᠷᠲᠡᠭ ᠢ | ᠪᠠᠭᠤᠷᠠᠭᠤᠯᠬᠤ ᠶᠢ ᠠᠬᠢᠭᠤᠯᠤᠨ᠂ ᠠᠰᠠᠷ ᠢ ᠪᠠᠲᠤᠲᠠᠢ ᠲᠤᠰᠢᠶᠠᠬᠤ ᠠᠵᠢᠯ ᠢ ᠢᠳᠡᠪᠬᠢᠲᠡᠢ ᠪᠠᠷ ᠠᠬᠢᠭᠤᠯᠪᠠ᠃ | ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ | ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠦᠷᠦᠯ ᠬᠤᠪᠢᠶᠠᠨ ᠰᠢᠢᠳᠪᠦᠷᠢᠯᠡᠵᠦ᠂ ᠰᠢᠰᠲ᠋ᠧᠮ ᠤᠨ | ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠰᠠᠬᠢᠵᠤ ᠴᠢᠳᠠᠪᠠ᠃ | ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ | ᠳᠠᠭᠠᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ | ᠴᠢᠩᠭᠠᠷᠠᠭᠤᠯᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ | ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ᠃ | ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠠᠵᠤ | ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠲᠡᠷᠢᠭᠦᠨ ᠤ ᠦᠢᠯᠡᠳᠬᠦ ᠦᠢᠯᠡᠰ ᠢ | ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ᠂ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠪᠠ᠃ | ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ 50% ᠶᠢ | ᠳᠠᠪᠠᠪᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠬᠤᠲᠠ ᠳᠤ ᠡᠷᠦᠭᠡ ᠠᠮᠠ ᠣᠷᠤᠭᠤᠯᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ | ᠴᠢᠯᠦᠭᠡᠲᠡᠢ ᠪᠤᠯᠭᠠᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ᠂ | ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ | ᠳᠡᠭᠡᠭᠰᠢᠯᠡᠭᠦᠯᠪᠡ᠃ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ | ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ᠂ ᠠᠮᠤ | ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ | ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ | ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ ᠪᠦᠯᠦᠭ ᠰᠢᠨ᠎ᠡ ᠠᠷᠭ᠎ᠠ ᠬᠡᠮᠵᠢᠶ᠎ᠡ ᠶᠢ ᠭᠠᠷᠭᠠᠵᠤ᠂ ᠨᠢᠭᠡ ᠪᠦᠯᠦᠭ ᠴᠢᠬᠤᠯᠠ | ᠶᠡᠭᠡ ᠲᠥᠰᠥᠯ ᠢ ᠬᠡᠷᠡᠭᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ ᠴᠢᠨᠠᠷ ᠪᠠ ᠲᠡᠩᠴᠡᠭᠦᠷᠢᠲᠦ | ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠢ ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ᠂ ᠭᠤᠤᠯᠴᠢ | ᠥᠷᠢᠰᠦᠯᠳᠦᠭᠡᠨ ᠢ ᠬᠠᠷᠰᠢᠯᠠᠬᠤ ᠨᠢᠭᠡ ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ | ᠴᠡᠪᠡᠷᠯᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠤᠰ ᠲᠤᠰ | ᠭᠠᠷᠭᠠᠵᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ | ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ | ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠰᠦᠢᠳᠬᠡᠯ | ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ | ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ | ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ | ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠴᠠᠭᠢᠯᠭᠠᠨ ᠮᠠᠰᠢᠨ ᠲᠡᠷᠭᠡ᠂ ᠯᠢᠲ᠋ᠢ | ᠳ᠋ᠢᠶᠠᠨ ᡂᠢ᠂ ᠭᠡᠷᠡᠯ ᠴᠠᠭᠢᠯᠭᠠᠨ ᠤ ᠦᠢᠯᠡᠳᠬᠦᠨ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ 30% | ᠰᠢᠬᠠᠮ ᠢᠶᠠᠷ ᠨᠡᠮᠡᠭᠳᠡᠪᠡ᠃ ᠭᠠᠳᠠᠭᠠᠳᠤ ᠪᠡᠯᠡ ᠶᠢ ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠪᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ ᠪᠠᠷ ᠪᠠᠶᠢᠭᠤᠯᠬᠤ | ᠤᠯᠤᠰ ᠯᠤᠭ᠎ᠠ ᠶᠢᠨ ᠠᠷᠠᠯᠵᠢᠶ᠎ᠠ ᠪᠡᠯᠡ ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ᠃ | ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠲᠦᠷᠭᠡᠳᠬᠡᠪᠡ᠃ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠴᠡᠯᠮᠡᠭ ᠲᠡᠭᠷᠢ᠂ | ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ᠃ ᠴᠢᠬᠤᠯᠠ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ | ᠬᠡᠷᠡᠭᠵᠢᠭᠦᠯᠪᠡ᠃ ᠬᠥᠷᠥᠰᠥ ᠰᠢᠷᠣᠢ ᠶᠢᠨ ᠢᠳᠡᠭᠳᠡᠯ᠂ ᠴᠥᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ | ᠠᠵᠢᠯ ᠢ ᠰᠠᠶᠢᠲᠤᠷ ᠠᠳᠬᠤᠪᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠯᠲᠠ ᠶᠢ ᠴᠢᠩᠭᠠᠳᠬᠠᠪᠠ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ᠃ ᠭᠤᠣᠯᠳᠠᠯᠭ᠎ᠠ ᠲᠠᠢ ᠠᠵᠢᠯ ᠲᠥᠷᠥᠯ ᠤᠨ | ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ᠃ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ ᠪᠦᠯᠦᠭ ᠤᠨ ᠬᠤᠳᠠ | ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠪᠦᠭᠦ ᠪᠥᠮᠪᠥᠷᠴᠡᠭ ᠤᠨ ᠠᠭᠤᠷ | ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ᠃ | ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ | ᠦᠢᠯᠡᠰ ᠤᠨ ᠬᠥᠭᠵᠢᠯᠲᠡ ᠶᠢ ᠠᠬᠢᠭᠤᠯᠪᠠ᠃ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠡ᠃ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠤ | ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ | ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ | ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3300 ᠲᠦᠮᠡ ᠶᠢ ᠳᠠᠪᠠᠪᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ | ᠬᠥᠩᠭᠡᠷᠡᠭᠦᠯᠬᠦ︾ ᠠᠵᠢᠯ ᠢ ᠰᠠᠶᠢᠲᠤᠷ ᠬᠢᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ 1100 ᠭᠠᠷᠤᠢ ᠲᠦᠮᠡᠨ | ᠰᠤᠷᠤᠬᠴᠢᠳ ᠲᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ | ᠲᠦᠷᠦᠯ ᠬᠥᠬᠡᠭᠴᠢᠨ ᠬᠠᠮᠢᠶᠠᠷᠤᠯᠲᠠ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠲᠤ | ᠲᠠᠭᠰᠢᠭᠤᠷ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ | ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ ᠬᠡᠷᠡᠭᠵᠢᠭᠦᠯᠪᠡ᠃ | ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ | ᠶᠡᠭᠡ ᠪᠠᠷ ᠬᠥᠭᠵᠢᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ᠃ ᠬᠠᠶᠢᠾᠧ ᠭᠤᠣᠯ ᠵᠡᠷᠭᠡ ᠰᠠᠪᠠ | ᠭᠠᠵᠠᠷ ᠤᠨ ᠣᠨᠴᠠ ᠶᠡᠭᠡ ᠦᠶᠡᠷ ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠵᠤ᠂ ᠭᠠᠨᠰᠤ ᠶᠢᠨ ᠵᠢᠢ ᠱᠢ | ᠱᠠᠨ ᠤ ᠭᠠᠵᠠᠷ ᠬᠥᠳᠡᠯᠦᠯᠲᠡ ᠵᠡᠷᠭᠡ ᠶᠢᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ | ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠪᠠ᠃ ᠰᠣᠶᠣᠯ ᠢ | ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠪᠦᠭᠦ ᠲᠠᠯ᠎ᠠ ᠪᠠᠷ ᠰᠡᠷᠭᠦᠪᠡ᠃ | ᠣᠯᠠᠨ ᠲᠦᠮᠡᠨ ᠤ ᠪᠡᠶ᠎ᠡ ᠶᠢᠨ ᠲᠠᠮᠢᠷ ᠥᠷᠨᠢᠨ ᠬᠥᠭᠵᠢᠵᠦ᠂ ᠴᠧᠩᠳᠦ᠋ ᠳᠤ ᠪᠣᠯᠤᠭᠰᠠᠨ ᠣᠶᠤᠲᠠᠳ ᠤᠨ ᠪᠡᠶ᠎ᠡ ᠶᠢᠨ | ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠠᠽᠢᠶ᠎ᠠ | ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ᠂ ᠮᠠᠨ ᠤ ᠤᠯᠤᠰ ᠤᠨ | ᠲᠠᠮᠢᠷᠴᠢᠳ ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ᠃ | ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ | ᠵᠠᠰᠠᠯᠲᠠ ᠶᠢᠨ ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠰᠢᠷᠭᠠᠭᠤ | ᠠᠵᠢᠯᠯᠠᠭᠴᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ | ᠭᠦᠨᠵᠡᠭᠡᠢ ᠥᠷᠨᠢᠭᠦᠯᠪᠡ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠪᠠ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠪᠡ᠃ ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ ᠬᠦᠯᠢᠶᠡᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ᠂ | ᠲᠥᠷᠥ ᠶᠢᠨ ᠪᠣᠳᠣᠯᠭ᠎ᠠ ᠪᠣᠯᠣᠨ ᠠᠵᠢᠯ ᠢ ᠪᠣᠳᠠᠲᠤ ᠪᠠᠶᠢᠳᠠᠯ ᠳᠤ ᠨᠡᠶᠢᠴᠡᠭᠦᠯᠬᠦ᠂ ᠣᠯᠠᠨ ᠲᠦᠮᠡᠨ ᠲᠠᠢ | ᠣᠶᠢᠷᠠᠲᠤᠭᠤᠯᠬᠤ ᠪᠠᠷ ᠴᠢᠷᠮᠠᠶᠢᠪᠠ᠃ ᠰᠢᠪᠠᠳᠠᠨ ᠪᠠᠶᠢᠴᠠᠭᠠᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠪᠡ᠃ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ | ᠲᠡᠮᠡᠴᠡᠯ ᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠮᠥᠩᠭᠦᠨ | ᠭᠦᠢᠯᠭᠡᠭᠡᠨ ᠤ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ | ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢ ᠬᠦᠴᠦᠲᠡᠢ ᠠᠳᠬᠤᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠰᠠᠮᠨᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ | ᠲᠡᠭᠦᠯᠳᠡᠷᠵᠢᠭᠦᠯᠬᠦ ᠶᠢ ᠠᠬᠢᠭᠤᠯᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ | ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠪᠦᠲᠦᠮᠵᠢᠲᠡᠢ ᠪᠠᠷ ᠴᠣᠬᠢᠯᠲᠠ ᠥᠭᠴᠦ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ | ᠰᠢᠨ᠎ᠡ ᠠᠬᠢᠴᠠ ᠲᠠᠢ ᠪᠣᠯᠪᠠ᠃ | ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ | ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ | ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠲᠠ ᠬᠢᠵᠦ᠂ BRICS ᠤᠨ ᠤᠯᠤᠰ ᠤᠳ ᠤᠨ | ᠤᠳᠤᠷᠢᠳᠬᠤ ᠬᠥᠮᠥᠰ ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ | ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ | ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ – | ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ | ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ | ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ | ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠭᠤᠨ | ᠴᠡᠭ ᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ | ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ᠃ | ᠲᠥᠯᠥᠭᠡᠯᠡᠭᠴᠢᠳ ᠠ᠋︕ | ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ | ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ | ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ | ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ | ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ | ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ | ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ | ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ | ᠡᠨᠧᠷᠭᠢ ᠭᠦᠢᠴᠡᠳ ᠪᠤᠰᠤ ᠪᠠᠶᠢᠵᠤ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ ᠡᠭᠦᠰᠴᠦ᠂ | ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ | ᠳᠡᠭᠡᠭᠰᠢᠯᠡᠵᠦ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ | ᠪᠠᠰᠠ ᠪᠠᠲᠤ ᠪᠢᠰᠢ ᠪᠠᠶᠢᠵᠤ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠥᠷᠥᠯ ᠤᠨ | ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ᠂ ᠨᠡᠶᠢᠭᠡᠮ ᠤᠨ ᠵᠢᠱᠢᠯᠲᠡ ᠪᠠᠭᠤᠷᠠᠢ᠂ ᠠᠶᠤᠯ ᠲᠦᠭᠰᠢᠭᠦᠷᠢ ᠶᠢᠨ ᠳᠠᠯᠳᠠ | ᠭᠡᠮ ᠮᠥᠨ ᠬᠦ ᠨᠡᠯᠢᠶᠡᠳ ᠣᠯᠠᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ | ᠣᠷᠣᠰᠢᠵᠤ᠂ ᠤᠯᠠᠨ ᠤᠯᠤᠰ ᠤᠨ ᠣᠷᠴᠢᠯ ᠳᠤ ᠬᠠᠷᠰᠢᠯᠠᠯ ᠣᠷᠣᠰᠢᠵᠤ ᠪᠠᠶᠢᠨ᠎ᠠ᠃ ᠬᠡᠰᠡᠭ ᠳᠤᠮᠳᠠ ᠵᠢᠵᠢᠭ ᠠᠵᠤ | ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠬᠦᠴᠢᠷᠳᠡᠯ ᠲᠠᠢ | ᠪᠠᠶᠢᠨ᠎ᠠ᠃ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ ᠪᠦᠲᠦᠴᠡ ᠶᠢᠨ ᠴᠢᠨᠠᠷᠲᠠᠢ | ᠵᠥᠷᠢᠴᠡᠯ ᠵᠡᠷᠭᠡ ᠪᠠᠷ ᠣᠷᠣᠰᠢᠵᠤ᠂ ᠣᠯᠠᠨ ᠨᠡᠶᠢᠲᠡ ᠶᠢᠨ ᠦᠢᠯᠡᠴᠢᠯᠡᠭᠡ ᠳᠤ ᠮᠥᠨ ᠴᠤ ᠴᠥᠭᠡᠨ ᠪᠤᠰᠤ | ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ | ᠨᠡᠯᠢᠶᠡᠳ ᠪᠠᠴᠢᠮ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ | ᠪᠢᠰᠢ ᠪᠠᠶᠢᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ | ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ | ᠵᠠᠰᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ | ᠭᠤᠭᠴᠤᠭ᠎ᠠ ᠶᠢ ᠣᠮᠲᠣᠭᠠᠶᠢᠯᠠᠵᠤ ᠪᠣᠯᠣᠰᠢ ᠦᠭᠡᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ | ᠦᠭᠡᠢ ᠲᠠᠯ᠎ᠠ ᠣᠷᠣᠰᠢᠵᠤ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠬᠦ ᠨᠡᠯᠢᠶᠡᠳ | ᠲᠣᠪᠣᠶᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠠᠷᠢᠮ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ | ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠨᠠᠵᠠᠭᠠᠶᠢᠷᠠᠨ ᠬᠤᠶᠢᠷᠭᠤᠰᠢᠵᠤ | ᠬᠠᠷᠢᠭᠤᠴᠠᠯᠭ᠎ᠠ ᠠᠴᠠ ᠵᠠᠶᠢᠯᠠᠨ᠂ ᠥᠩᠭᠡᠪᠴᠢ ᠠᠵᠢᠯ ᠬᠢᠵᠦ ᠪᠠᠶᠢᠨ᠎ᠠ᠃ ᠵᠠᠷᠢᠮ ᠬᠦᠷᠢᠶᠡᠨ ᠳᠤ ᠢᠯᠵᠢᠷᠡᠯ ᠤᠨ | ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ | ᠬᠠᠨᠳᠤᠵᠤ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ | ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ | ᠲᠦᠷᠦ ᠶᠢᠨ ᠪᠣᠳᠣᠯᠭ᠎ᠠ ᠶᠢᠨ ᠬᠠᠨᠳᠤᠰᠢ | ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ | ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ | ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠣᠰᠣᠭᠠᠷ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ ᠪᠠᠷ | ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ | ᠠᠬᠢᠭᠤᠯᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠨᠢᠭᠡᠳᠦᠯᠲᠡᠢ ᠲᠥᠯᠥᠪᠯᠡᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ᠂ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠠᠮᠢᠵᠢᠷᠠᠯ ᠤᠨ | ᠬᠦᠴᠦᠨ ᠢ ᠦᠨᠡᠨ ᠬᠦ ᠨᠡᠮᠡᠭᠳᠡᠭᠦᠯᠦᠨ᠂ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ ᠨᠡᠶᠢᠭᠡᠮ ᠤᠨ | ᠵᠢᠱᠢᠯᠲᠡ ᠶᠢ ᠦᠨᠡᠨ ᠬᠦ ᠰᠠᠶᠢᠵᠢᠷᠠᠭᠤᠯᠤᠨ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠲᠤᠳᠬᠠᠨ | ᠴᠢᠩᠭᠠᠷᠠᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ | ᠵᠦᠢ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ | ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠪᠠᠯ᠂ ᠡᠨᠡ ᠵᠢᠯ ᠤᠨ ᠮᠠᠨ ᠤ ᠤᠯᠤᠰ ᠤᠨ ᠬᠥᠭᠵᠢᠯᠲᠡ ᠳᠤ | ᠲᠤᠯᠭᠠᠷᠠᠵᠤ ᠪᠠᠶᠢᠭ᠎ᠠ ᠣᠷᠴᠢᠨ ᠨᠥᠬᠦᠴᠡᠯ ᠮᠥᠨ ᠬᠦ ᠪᠠᠶᠢᠯᠳᠤᠬᠤ ᠪᠣᠳᠣᠯᠭ᠎ᠠ ᠶᠢᠨ ᠲᠣᠭᠢᠶᠠᠯ ᠪᠠ ᠲᠦᠭᠰᠢᠭᠦᠷᠢ | ᠰᠢᠯᠭᠠᠯᠲᠠ ᠵᠡᠷᠭᠡ ᠪᠠᠷ ᠣᠷᠣᠰᠢᠵᠤ᠂ ᠠᠰᠢᠭᠲᠠᠢ ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ ᠢᠯᠡᠭᠦᠦ | ᠪᠠᠶᠢᠨ᠎ᠠ᠃ ᠮᠠᠨ ᠤ ᠤᠯᠤᠰ ᠲᠤ ᠢᠯᠡ ᠲᠣᠳᠣ ᠪᠠᠶᠢᠭᠤᠯᠤᠯ ᠤᠨ ᠳᠠᠪᠠᠭᠤᠯᠢᠭ᠂ ᠭᠡᠲᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠳᠠᠪᠠᠭᠤᠯᠢᠭ᠂ ᠠᠵᠤ ᠦᠢᠯᠡᠰ ᠤᠨ ᠰᠢᠰᠲ᠋ᠧᠮ ᠪᠦᠷᠢᠨ ᠲᠥᠬᠦᠷ ᠪᠠᠶᠢᠳᠠᠭ ᠬᠠᠩᠭᠠᠯᠭ᠎ᠠ ᠶᠢᠨ | ᠳᠠᠪᠠᠭᠤᠯᠢᠭ᠂ ᠬᠡᠪ ᠴᠢᠨᠠᠷ ᠰᠠᠶᠢᠲᠠᠢ ᠬᠥᠳᠡᠯᠮᠦᠷᠢᠴᠢᠨ ᠣᠯᠠᠨ ᠪᠠᠶᠢᠳᠠᠭ ᠴᠢᠳᠠᠪᠤᠷᠢᠲᠠᠨ ᠤ ᠳᠠᠪᠠᠭᠤᠯᠢᠭ ᠲᠠᠢ ᠪᠠᠶᠢᠵᠤ | ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠰᠢᠨ᠎ᠡ ᠠᠵᠤ | ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ ᠲᠦᠷᠭᠡᠰᠦᠨ ᠪᠤᠵᠠᠭᠠᠶᠢᠷᠠᠵᠤ᠂ ᠬᠥᠭᠵᠢᠯᠲᠡ ᠶᠢᠨ | ᠳᠣᠲᠣᠭᠠᠳᠤ ᠬᠥᠳᠡᠯᠭᠡᠭᠴᠢ ᠬᠦᠴᠦᠨ ᠲᠠᠰᠤᠷᠠᠯᠲᠠ ᠦᠭᠡᠢ ᠬᠤᠷᠠᠮᠳᠤᠨ᠂ ᠠᠵᠤ ᠠᠬᠤᠢ ᠰᠡᠷᠭᠦᠨ ᠰᠠᠶᠢᠵᠢᠷᠠᠵᠤ᠂ | ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ ᠪᠥᠭᠡᠳ ᠬᠤᠪᠢᠷᠠᠬᠤ ᠴᠤ | ᠦᠭᠡᠢ ᠶᠤᠮ᠂ ᠡᠶᠢᠮᠦ ᠠᠴᠠ ᠡᠷᠬᠡᠪᠰᠢ ᠢᠲᠡᠭᠡᠯ ᠵᠣᠷᠢᠭ ᠪᠠ ᠢᠳᠡ ᠬᠦᠴᠦᠨ ᠢᠶᠠᠨ ᠴᠢᠩᠭᠠᠳᠬᠠᠬᠤ ᠬᠡᠷᠡᠭᠲᠡᠢ᠃ | ᠡᠭᠦᠨ ᠤ ᠬᠠᠮᠲᠤ ᠬᠢᠵᠠᠭᠠᠷ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠡᠯ᠎ᠡ ᠵᠦᠢᠯ ᠤᠨ ᠲᠦᠭᠰᠢᠭᠦᠷᠢ | ᠰᠢᠯᠭᠠᠯᠲᠠ ᠶᠢ ᠠᠷᠭᠠᠴᠠᠭᠠᠬᠤ ᠪᠡᠯᠡᠳᠬᠡᠯ ᠢ ᠭᠦᠢᠴᠡᠳ ᠰᠠᠶᠢᠲᠤᠷ ᠬᠢᠬᠦ ᠬᠡᠷᠡᠭᠲᠡᠢ᠃ ᠪᠢᠳᠡ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠰᠢᠭᠲᠠᠢ ᠲᠣᠭᠢᠶᠠᠯ ᠢ ᠠᠯᠳᠠᠯ ᠦᠭᠡᠢ ᠠᠮᠵᠢᠵᠤ᠂ ᠠᠰᠢᠭᠲᠠᠢ ᠨᠥᠬᠦᠴᠡᠯ ᠢ ᠰᠠᠶᠢᠲᠤᠷ ᠠᠰᠢᠭᠯᠠᠨ᠂ ᠡᠯ᠎ᠡ | ᠲᠠᠯ᠎ᠠ ᠶᠢᠨ ᠬᠢᠨ ᠤ ᠠᠵᠢᠯ ᠬᠢᠵᠦ ᠦᠢᠯᠡᠰ ᠪᠦᠲᠦᠭᠡᠬᠦ ᠢᠳᠡᠪᠬᠢᠵᠢᠯ ᠢ ᠭᠦᠢᠴᠡᠳ ᠳᠠᠶᠢᠴᠢᠯᠠᠳᠠᠭ ᠯᠠ ᠶᠤᠮ ᠪᠣᠯ | ᠯᠠᠪᠲᠠᠶᠢᠶ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠢᠯᠠᠨ ᠳᠠᠪᠠᠵᠤ᠂ ᠮᠠᠨ ᠤ ᠤᠯᠤᠰ ᠤᠨ ᠠᠵᠤ ᠠᠬᠤᠢ ᠶᠢᠨ | ᠦᠷᠭᠦᠯᠵᠢᠯᠡᠨ ᠰᠠᠶᠢᠵᠢᠷᠠᠬᠤ ᠪᠠ ᠲᠣᠭᠲᠠᠭᠤᠨ ᠪᠥᠭᠡᠳ ᠤᠷᠲᠤ ᠤᠳᠠᠭᠠᠨ ᠬᠥᠭᠵᠢᠬᠦ ᠶᠢ ᠠᠬᠢᠭᠤᠯᠵᠤ ᠴᠢᠳᠠᠬᠤ ᠶᠤᠮ | ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ | ᠣᠯᠣᠭᠰᠠᠨ ᠬᠥᠮᠥᠨ ᠢ 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ | ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ ᠢ ᠵᠢᠭᠳᠡ ᠪᠠᠶᠢᠯᠭᠠᠨ᠎ᠠ︔ ᠤᠯᠤᠰ ᠤᠨ | ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ | ᠤᠨᠠᠯᠳᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ︔ ᠨᠢᠭᠡᠴᠢ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 2.5% | ᠣᠷᠴᠢᠮ ᠢᠶᠠᠷ ᠪᠠᠭᠤᠷᠠᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠤᠨ᠎ᠠ᠃ | ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠪᠣᠯᠣᠨ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ | ᠪᠠ ᠪᠣᠯᠣᠯᠴᠠᠭ᠎ᠠ ᠶᠢ ᠬᠠᠮᠲᠤ ᠳᠤᠨᠢ ᠬᠠᠷᠠᠭᠠᠯᠵᠠᠭᠰᠠᠨ ᠶᠤᠮ᠃ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ | ᠬᠠᠷᠠᠯᠲᠠ ᠶᠢ 5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢ ᠠᠬᠢᠭᠤᠯᠤᠨ ᠣᠷᠣᠯᠭ᠎ᠠ ᠶᠢ ᠨᠡᠮᠡᠭᠳᠡᠭᠦᠯᠬᠦ᠂ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠬᠡᠷᠡᠭᠴᠡᠭᠡ ᠶᠢ ᠪᠣᠳᠣᠯᠬᠢᠯᠠᠭᠰᠠᠨ ᠪᠥᠭᠡᠳ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠣᠯᠣᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ | ᠬᠠᠷᠠᠯᠲᠠ ᠯᠤᠭ᠎ᠠ ᠵᠣᠯᠭᠠᠯᠳᠤᠭᠤᠯᠬᠤ ᠭᠡᠰᠡᠨ ᠶᠤᠮ᠂ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠪᠠ | ᠲᠤᠯᠭᠠᠭᠤᠷᠢᠯᠠᠬᠤ ᠨᠥᠬᠦᠴᠡᠯ ᠢ ᠴᠤ ᠪᠣᠳᠣᠯᠬᠢᠯᠠᠭᠰᠠᠨ ᠶᠤᠮ᠂ ᠡᠨᠡ ᠨᠢ ᠢᠳᠡᠪᠬᠢᠲᠡᠢ ᠪᠠᠷ ᠤᠷᠤᠭᠰᠢᠯᠠᠨ ᠳᠠᠪᠰᠢᠬᠤ᠂ | ᠠᠮᠵᠢᠯᠲᠠ ᠪᠦᠳᠥᠮᠵᠢ ᠭᠠᠷᠭᠠᠬᠤ ᠪᠠᠷ ᠬᠦᠴᠦᠯᠡᠨ ᠴᠢᠷᠮᠠᠶᠢᠬᠤ ᠱᠠᠭᠠᠷᠳᠠᠯᠭ᠎ᠠ ᠶᠢ ᠢᠯᠡᠷᠡᠭᠦᠯᠪᠡ᠃ ᠡᠨᠡ ᠵᠢᠯ ᠤᠨ | ᠵᠢᠱᠢᠭᠰᠡᠨ ᠬᠠᠷᠠᠯᠲᠠ ᠶᠢ ᠪᠡᠶᠡᠯᠡᠭᠦᠯᠬᠦ ᠨᠢ ᠭᠢᠯᠪᠠᠷ ᠶᠠᠪᠤᠳᠠᠯ ᠪᠢᠰᠢ ᠲᠤᠯᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ | ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠬᠤᠪᠢ ᠳᠠᠭᠢᠨ ᠴᠢᠷᠮᠠᠶᠢᠨ ᠠᠵᠢᠯᠯᠠᠵᠤ᠂ ᠡᠯ᠎ᠡ ᠲᠠᠯ᠎ᠠ ᠶᠢᠨ ᠬᠢᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠴᠢᠬᠤᠯᠠᠲᠠᠢ᠃ | ᠪᠢᠳᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠭᠤᠯᠬᠤ ᠪᠠᠷ | ᠲᠣᠭᠲᠠᠭᠤᠨ ᠪᠠᠶᠢᠯᠭᠠᠬᠤ ᠶᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ | ᠬᠡᠷᠡᠭᠲᠡᠢ᠃ ᠲᠣᠭᠲᠠᠭᠤᠨ ᠪᠠᠶᠢᠯᠭᠠᠬᠤ ᠪᠣᠯ ᠶᠡᠭᠡ ᠲᠠᠯ᠎ᠠ ᠪᠠ ᠰᠠᠭᠤᠷᠢ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠵᠢᠱᠢᠯᠲᠡ ᠶᠢ ᠲᠣᠭᠲᠠᠭᠤᠨ ᠪᠠᠶᠢᠯᠭᠠᠬᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠳᠤ ᠠᠰᠢᠭᠲᠠᠢ ᠲᠥᠷᠥ ᠶᠢᠨ ᠪᠣᠳᠣᠯᠭ᠎ᠠ ᠶᠢ ᠢᠯᠡᠭᠦᠬᠡᠨ ᠲᠣᠭᠲᠠᠭᠠᠵᠤ᠂ | ᠠᠪᠴᠢᠭᠠᠬᠤ ᠴᠢᠨᠠᠷᠲᠠᠢ ᠬᠤᠷᠢᠭᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠬᠢᠨᠠᠭᠤᠷ ᠪᠣᠯᠭᠤᠮᠵᠢᠲᠠᠢ ᠨᠡᠶᠢᠲᠡᠯᠡᠵᠦ᠂ ᠴᠢᠨᠠᠷ | ᠰᠠᠶᠢᠲᠠᠢ ᠬᠥᠭᠵᠢᠯᠲᠡ ᠯᠦᠭᠡ ᠵᠥᠷᠢᠴᠡᠯᠳᠦᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠲᠢᠭᠯᠡᠭᠦ | ᠪᠠ ᠬᠦᠴᠦᠨ ᠦᠭᠡᠢ ᠪᠤᠯᠭᠠᠬᠤ ᠬᠡᠷᠡᠭᠲᠡᠢ᠃ ᠤᠷᠤᠭᠰᠢᠯᠠᠭᠤᠯᠬᠤ ᠪᠣᠯ ᠴᠢᠭᠯᠡᠯ ᠪᠠ ᠬᠥᠳᠡᠯᠭᠡᠭᠴᠢ ᠬᠦᠴᠦᠨ ᠮᠥᠨ᠂ | ᠪᠠᠶᠢᠭᠤᠯᠬᠤ ᠶᠣᠰᠣᠲᠠᠢ ᠶᠢ ᠨᠢ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠪᠠᠶᠢᠭᠤᠯᠵᠤ᠂ ᠡᠪᠳᠡᠬᠦ ᠶᠣᠰᠣᠲᠠᠢ ᠶᠢ ᠨᠢ | ᠪᠠᠶᠢᠭᠤᠯᠤᠭᠰᠠᠨ ᠰᠠᠭᠤᠷᠢᠨ ᠳᠡᠭᠡᠷ᠎ᠡ ᠡᠷᠡᠰ ᠡᠪᠳᠡᠬᠦ ᠬᠡᠷᠡᠭᠲᠡᠢ᠂ ᠢᠯᠠᠩᠭᠤᠶ᠎ᠠ ᠠᠷᠭ᠎ᠠ ᠮᠠᠶ᠋ᠢᠭ ᠢᠶᠠᠨ ᠬᠤᠪᠢᠷᠠᠭᠤᠯᠬᠤ᠂ | ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ | ᠢᠳᠡᠪᠬᠢᠲᠡᠢ ᠤᠷᠤᠭᠰᠢᠯᠠᠨ ᠲᠠᠪᠰᠢᠬᠤ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠥᠭᠰᠥᠭᠦᠯᠦᠨ | ᠲᠣᠬᠢᠷᠠᠭᠤᠯᠬᠤ ᠪᠠ ᠦᠶᠡᠯᠡᠯ ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠢᠳᠡᠪᠬᠢᠲᠡᠢ | ᠲᠦᠷᠦ ᠶᠢᠨ ᠪᠣᠳᠣᠯᠭ᠎ᠠ ᠪᠠ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ | ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠡᠭᠦᠳᠦᠯᠲᠡ ᠪᠠ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠨ᠎ᠠ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠡᠷᠴᠢᠮ ᠢ ᠵᠣᠬᠢᠰᠲᠠᠢ ᠴᠢᠩᠭᠠᠷᠠᠭᠤᠯᠵᠤ᠂ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠬᠥᠭᠵᠢᠯᠲᠡ ᠶᠢᠨ ᠬᠡᠷᠡᠭᠴᠡᠭᠡ ᠪᠣᠯᠣᠨ | ᠡᠳ᠋ ᠤᠨ ᠵᠠᠰᠠᠭ ᠤᠨ ᠦᠷᠭᠦᠯᠵᠢᠯᠡᠬᠦᠶᠢᠴᠡ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ᠂ ᠡᠳ᠋ ᠤᠨ ᠵᠠᠰᠠᠭ ᠤᠨ | ᠲᠥᠷᠥ ᠶᠢᠨ ᠪᠣᠳᠣᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠨ᠂ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ | ᠨᠡᠶᠢᠯᠡᠯ ᠢ ᠰᠢᠯᠢᠳᠡᠭᠵᠢᠭᠦᠯᠦᠨ᠎ᠡ᠃ ᠤᠯᠠᠭᠠᠨ ᠲᠤᠭ᠎ᠠ ᠶᠢᠨ ᠨᠤᠷᠮ᠎ᠠ ᠶᠢ 3% ᠪᠠᠷ ᠲᠣᠬᠢᠷᠠᠭᠤᠯᠤᠨ᠂ ᠤᠯᠠᠭᠠᠨ | ᠲᠤᠭ᠎ᠠ ᠶᠢᠨ ᠬᠡᠪᠴᠢᠶ᠎ᠡ ᠶᠢ 4.06 ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠥ ᠵᠢᠯ ᠤᠨ ᠵᠢᠯ ᠤᠨ | ᠡᠬᠢᠨ ᠤ ᠲᠥᠰᠥᠪ ᠠᠴᠠ 1800 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ | ᠵᠢᠱᠢᠯᠲᠡ ᠪᠠᠷ ᠡᠨᠡ ᠵᠢᠯ ᠤᠨ ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ ᠰᠡᠷᠭᠦᠵᠦ ᠨᠡᠮᠡᠭᠳᠡᠬᠦ ᠶᠢᠨ ᠳᠡᠭᠡᠷ᠎ᠡ | ᠰᠢᠯᠵᠢᠭᠦᠯᠦᠨ ᠣᠷᠣᠭᠤᠯᠬᠤ ᠪᠡᠯᠡ ᠮᠥᠩᠭᠦ ᠵᠡᠷᠭᠡ ᠶᠢ ᠨᠡᠮᠡᠪᠡᠯ᠂ ᠡᠩ ᠤᠨ ᠤᠯᠠᠨ ᠨᠡᠶᠢᠲᠡ ᠶᠢᠨ ᠲᠥᠰᠥᠪ ᠤᠨ | ᠵᠠᠷᠤᠯᠭ᠎ᠠ ᠶᠢᠨ ᠬᠡᠪᠴᠢᠶ᠎ᠡ 28.5 ᠲᠦᠮᠡᠨ ᠳ᠋ᠦᠩᠰᠢᠭᠤᠷ ᠲᠥᠭᠦᠷᠢᠭ ᠪᠣᠯᠵᠤ᠂ ᠲᠦᠷᠦᠭᠦᠦ ᠵᠢᠯ ᠤᠨ ᠬᠢ ᠠᠴᠠ 1. | 1 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ | ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.9 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ | ᠵᠢᠯ ᠤᠨ ᠬᠢ ᠠᠴᠠ 1000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠳᠤᠮᠳᠠᠬᠢ ᠵᠠᠷᠢᠮ | ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠠᠴᠠ ᠡᠬᠢᠯᠡᠨ ᠵᠠᠯᠭᠠᠭ᠎ᠠ ᠪᠠᠷ ᠬᠡᠳᠦᠨ ᠵᠢᠯ ᠭᠡᠳᠥ ᠤᠷᠲᠤ | ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠲᠠᠷᠬᠠᠭᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ | ᠪᠠᠶᠢᠭᠤᠯᠤᠯᠲᠠ ᠳᠤ ᠲᠤᠰᠬᠠᠢ ᠬᠡᠷᠡᠭᠯᠡᠭᠦᠯᠵᠦ᠂ ᠡᠨᠡ ᠵᠢᠯ ᠤᠷᠢᠳ ᠢᠶᠠᠷ ᠲᠦᠮᠡᠨ ᠳ᠋ᠦᠩᠰᠢᠭᠤᠷ ᠲᠥᠭᠦᠷᠢᠭ | ᠲᠠᠷᠬᠠᠭᠠᠬᠤ ᠪᠠᠷ ᠲᠥᠯᠥᠪᠯᠡᠵᠦ ᠪᠠᠶᠢᠨ᠎ᠠ᠃ ᠣᠳᠣ ᠣᠯᠠᠨ ᠲᠠᠯ᠎ᠠ ᠪᠠᠷ ᠴᠥᠮ ᠡᠳ᠋ ᠤᠨ ᠵᠠᠰᠠᠭ ᠤᠨ ᠪᠡᠯᠡ | ᠣᠷᠣᠭᠤᠯᠤᠯᠲᠠ ᠶᠢ ᠨᠡᠮᠡᠭᠳᠡᠭᠦᠯᠬᠦ ᠴᠢᠬᠤᠯᠠᠲᠠᠢ ᠪᠣᠯᠬᠤᠷ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠦᠨ᠂ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠠᠷᠠᠳ ᠤᠨ ᠦᠨᠳᠦᠰᠦᠨ ᠠᠮᠢᠳᠤᠷᠠᠯ ᠤᠨ | ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠬᠤ | ᠬᠡᠷᠡᠭᠲᠡᠢ᠃ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠲᠡᠩᠴᠡᠭᠦᠷᠢᠰᠢᠭᠦᠯᠬᠦ ᠴᠢᠨᠠᠷᠲᠠᠢ ᠰᠢᠯᠵᠢᠭᠦᠯᠦᠨ | ᠥᠭᠬᠦ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠲᠠᠢ ᠭᠠᠵᠠᠷ ᠣᠷᠣᠨ ᠲᠡᠶᠢᠰᠢ ᠵᠣᠬᠢᠰᠲᠠᠢ ᠬᠡᠯᠪᠡᠶᠢᠯᠭᠡᠵᠦ᠂ | ᠮᠤᠵᠢ ᠶᠢᠨ ᠱᠠᠲᠤᠨ ᠤ ᠵᠠᠰᠠᠭ ᠤᠨ ᠣᠷᠳᠣᠨ ᠡᠳ᠋ ᠤᠨ ᠬᠦᠴᠦᠨ ᠤ ᠬᠤᠪᠢᠶᠠᠷᠢᠯᠠᠯᠲᠠ ᠶᠢ ᠳᠣᠷᠣᠭᠰᠢ ᠪᠠᠭᠤᠯᠭᠠᠬᠤ ᠶᠢ | ᠠᠬᠢᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠢ | ᠃ ᠪᠦᠲᠦᠴᠡ ᠶᠢᠨ ᠴᠢᠨᠠᠷᠲᠠᠢ ᠪᠠᠷ ᠭᠠᠶᠢᠯᠢ ᠬᠥᠩᠭᠡᠯᠡᠨ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠ ᠦᠢᠯᠡᠳᠬᠦ | ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠪᠠᠷ ᠲᠡᠮᠵᠢᠨ᠎ᠠ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ | ᠪᠠᠲᠤ ᠶᠢ ᠴᠢᠩᠳᠠᠯᠠᠵᠤ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ | ᠦᠡᠭᠭᠡᠨ ᠲᠠᠯ᠎ᠠ ᠶᠢᠨ ᠢᠨᠵᠧᠨᠧᠷᠢᠩ᠂ ᠳᠦᠷᠢ ᠲᠥᠷᠬᠦ ᠶᠢᠨ ᠢᠨᠵᠧᠨᠧᠷᠢᠩ ᠬᠢᠬᠦ ᠶᠢ ᠴᠢᠩᠭ᠎ᠠ ᠴᠠᠭᠠᠵᠠᠯᠠᠵᠤ᠂ | ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ ᠵᠣᠭᠰᠣᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠭᠠᠮᠨᠠᠨ | ᠠᠮᠢᠳᠤᠷᠠᠬᠤ ᠳᠠᠳᠬᠠᠯ ᠲᠠᠢ ᠪᠣᠯᠵᠤ᠂ ᠦᠨᠡᠨ ᠬᠦ ᠨᠠᠷᠢᠯᠢᠭ ᠪᠤᠳᠤᠵᠤ ᠨᠢᠮᠪᠠᠢ ᠲᠥᠯᠥᠪᠯᠡᠨ᠂ ᠡᠳ᠋ ᠤᠨ ᠵᠠᠰᠠᠭ ᠤᠨ | ᠪᠡᠯᠡ ᠮᠥᠩᠭᠦ ᠶᠢ ᠦᠨᠡᠨ ᠬᠦ ᠴᠢᠬᠤᠯᠠᠲᠠᠢ ᠭᠠᠵᠠᠷ ᠲᠤᠨᠢ ᠬᠡᠷᠡᠭᠯᠡᠵᠦ᠂ ᠪᠣᠳᠠᠲᠤ ᠦᠷ᠎ᠡ ᠪᠦᠲᠦᠮᠵᠢ ᠭᠠᠷᠭᠠᠬᠤ | ᠬᠡᠷᠡᠭᠲᠡᠢ᠃ | ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ᠂ ᠨᠠᠷᠢᠯᠢᠭ | ᠣᠨᠣᠴᠠᠲᠠᠢ ᠪᠥᠭᠡᠳ ᠪᠦᠲᠦᠮᠵᠢᠲᠡᠶ ᠪᠠᠶᠢᠯᠭᠠᠬᠤ ᠬᠡᠷᠡᠭᠲᠡᠢ᠃ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ | ᠭᠦᠢᠴᠡᠳ ᠲᠡᠭᠦᠯᠳᠡᠷ ᠪᠠᠶᠢᠯᠭᠠᠵᠤ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ᠂ ᠵᠣᠭᠤᠰᠤᠨ ᠤ | ᠬᠠᠩᠭᠠᠯᠭ᠎ᠠ ᠶᠢᠨ ᠬᠡᠮᠵᠢᠶ᠎ᠡ ᠶᠢ ᠠᠵᠤ ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ | ᠬᠠᠷᠠᠯᠲᠠ ᠯᠤᠭ᠎ᠠ ᠵᠣᠬᠢᠴᠠᠭᠤᠯᠤᠨ᠎ᠠ᠃ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠲᠣᠬᠢᠷᠠᠭᠤᠯᠭ᠎ᠠ ᠶᠢ | ᠴᠢᠩᠭᠠᠳᠬᠠᠵᠤ᠂ ᠬᠠᠳᠠᠭᠠᠯᠠᠯᠲᠠ ᠶᠢ ᠠᠮᠢᠳᠤᠯᠢᠭᠵᠢᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠬᠤᠯᠠ | ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ᠃ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠠᠬᠢᠭᠤᠯᠤᠨ᠎ᠠ᠃ ᠵᠣᠭᠤᠰᠤᠨ ᠤ ᠲᠦᠷᠦ ᠶᠢᠨ | ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠰᠠᠭᠠᠳ ᠦᠭᠡᠢ ᠨᠠᠪᠲᠠᠷᠡᠭᠦᠯᠵᠦ᠂ ᠪᠡᠯᠡ ᠮᠥᠩᠭᠦ ᠶᠢᠨ ᠰᠤᠯᠠ | ᠳᠠᠷᠤᠭᠳᠠᠬᠤ ᠪᠠ ᠬᠤᠭᠤᠰᠤᠨ ᠡᠷᠭᠢᠯᠳᠦᠬᠦ ᠠᠴᠠ ᠵᠠᠶᠢᠯᠠᠰᠬᠢᠨ᠎ᠡ᠃ ᠬᠥᠷᠥᠩᠭᠡ ᠶᠢᠨ ᠵᠠᠬ᠎ᠠ ᠳᠡᠯᠭᠡᠭᠦᠷ ᠤᠨ | ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠦᠨ᠎ᠡ᠃ ᠠᠷᠠᠳ ᠤᠨ ᠵᠣᠭᠤᠰ ᠤᠨ ᠭᠤᠪᠢᠭᠤᠯᠭ᠎ᠠ ᠶᠢᠨ | ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠭᠤᠨ | ᠪᠠᠶᠢᠬᠤ ᠶᠢ ᠪᠠᠲᠤᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠨᠣᠭᠤᠭᠠᠨ ᠮᠥᠩᠭᠦᠨ | ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ | ᠂ ᠳ᠋ᠢᠵᠢᠲ᠋ᠠᠯ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠦᠨ᠎ᠡ᠃ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ | ᠨᠡᠮᠡᠭᠳᠡᠭᠦᠯᠬᠦ᠂ ᠲᠦᠭᠰᠢᠭᠦᠷᠢ ᠶᠢ ᠬᠤᠪᠢᠶᠠᠨ ᠡᠭᠦᠷᠭᠡᠯᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠢᠵᠢ | ᠪᠦᠷᠢᠳᠦᠭᠰᠡᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠨ᠎ᠠ᠃ | ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠵᠤ᠂ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ | ᠦᠢᠯᠡᠰ᠂ ᠣᠷᠣᠨ ᠪᠦᠰᠡ᠂ ᠰᠢᠨᠵᠢᠯᠡᠬᠦ ᠤᠬᠠᠭᠠᠨ ᠮᠡᠷᠭᠡᠵᠢᠯ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ | ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠶᠢᠨ ᠪᠤᠰᠤ | ᠲᠥᠷᠥ ᠶᠢᠨ ᠪᠣᠳᠣᠯᠭ᠎ᠠ ᠶᠢ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠤᠨ ᠦᠨᠡᠯᠡᠨ | ᠵᠢᠱᠢᠯᠲᠡ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠢᠵᠢᠯ | ᠴᠢᠭᠯᠡᠯ ᠢᠶᠠᠷ ᠬᠦᠴᠦᠯᠡᠵᠦ᠂ ᠨᠡᠶᠢᠯᠡᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠡᠯ᠎ᠡ ᠲᠠᠯ᠎ᠠ ᠶᠢᠨ | ᠬᠢᠨ ᠤ ᠰᠠᠨᠠᠯ ᠢ ᠬᠢᠨᠠᠮᠠᠭᠠᠢ ᠰᠣᠨᠣᠰᠬᠤ ᠪᠠ ᠰᠢᠩᠭᠡᠬᠡᠨ ᠠᠪᠴᠤ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ | ᠪᠣᠳᠣᠯᠭ᠎ᠠ ᠶᠢᠨ ᠵᠠᠬ᠎ᠠ ᠳᠡᠯᠭᠡᠭᠦᠷ ᠲᠠᠢ ᠨᠡᠪᠲᠡᠷᠡᠯᠴᠡᠬᠦ ᠪᠠ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ | ᠵᠦᠢᠯ ᠳᠤ ᠬᠠᠷᠢᠭᠤᠯᠲᠠ ᠥᠭᠬᠦ ᠶᠢ ᠴᠢᠬᠤᠯᠠᠴᠢᠯᠠᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠡᠭᠡᠨ | ᠬᠠᠮᠵᠢᠯᠴᠠᠵᠤ ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂ ᠨᠡᠶᠢᠯᠡᠮᠡᠯ ᠦᠢᠯᠡᠳᠦᠯ ᠢ ᠶᠡᠬᠡᠰᠬᠡᠵᠦ᠂ ᠨᠢᠭᠡ ᠶᠢ ᠨᠢ | ᠠᠩᠬᠠᠷᠤᠭᠠᠳ ᠨᠦᠭᠦᠭᠡ ᠶᠢ ᠨᠢ ᠤᠷᠭᠢᠬᠤ ᠪᠠ ᠬᠠᠷᠢᠯᠴᠠᠨ ᠬᠠᠷᠰᠢᠯᠠᠬᠤ ᠠᠴᠠ ᠰᠡᠷᠭᠡᠶᠢᠯᠡᠬᠦ ᠬᠡᠷᠡᠭᠲᠡᠢ᠃ | ᠨᠥᠭᠡᠴᠡ ᠲᠥᠷᠥ ᠶᠢᠨ ᠪᠣᠳᠣᠯᠭ᠎ᠠ ᠶᠢ ᠰᠤᠳᠤᠯᠬᠤ ᠳᠠᠭᠠᠨ ᠪᠠᠷᠠᠯᠠᠭᠢᠯᠠᠯᠲᠤ ᠴᠢᠨᠠᠷ ᠢ ᠨᠢ ᠴᠢᠩᠭᠠᠷᠠᠭᠤᠯᠤᠨ᠂ | ᠪᠠᠭᠠᠵᠢ ᠶᠢᠨ ᠬᠠᠶᠢᠷᠴᠠᠭ ᠢ ᠨᠢ ᠪᠠᠶᠠᠯᠢᠭᠵᠢᠭᠤᠯᠬᠤ ᠶᠢᠨ ᠬᠠᠮᠲᠤ ᠦᠯᠡᠭᠦᠴᠡ ᠵᠠᠢ ᠦᠯᠡᠳᠡᠭᠡᠨ᠂ ᠴᠢᠬᠤᠯᠠᠲᠠᠢ | ᠦᠶ᠎ᠡ ᠳᠤ ᠴᠠᠭ ᠲᠤᠬᠠᠢ ᠳᠤᠨᠢ ᠬᠡᠷᠡᠭᠵᠢᠭᠦᠯᠬᠦ ᠪᠠ ᠦᠢᠯᠡᠳᠦᠯ ᠢ ᠨᠢ ᠪᠦᠲᠦᠮᠵᠢᠲᠡᠢ ᠪᠠᠳᠠᠷᠠᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠦᠨᠡᠯᠡᠨ | ᠵᠢᠱᠢᠬᠦ ᠶᠢ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠠᠭᠠᠰᠢᠶᠠᠯ ᠤᠨ ᠬᠡᠮᠵᠢᠶ᠎ᠡ ᠪᠠᠷ ᠴᠢᠬᠤᠯᠠ | ᠪᠠᠷᠢᠮᠵᠢᠶ᠎ᠠ ᠪᠤᠯᠭᠠᠵᠤ᠂ ᠴᠠᠭ ᠲᠤᠬᠠᠢ ᠳᠤᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠲᠦᠷᠦ ᠶᠢᠨ | ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠨᠠᠷᠢᠯᠢᠭ ᠣᠨᠣᠴᠠᠲᠠᠢ ᠰᠠᠶᠢᠲᠤᠷ ᠬᠢᠵᠦ᠂ ᠲᠣᠭᠲᠠᠭᠤᠨ ᠪᠥᠭᠡᠳ ᠢᠯᠡ | ᠲᠣᠳᠣ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ | ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠡᠷᠬᠡᠪᠰᠢ ᠰᠢ ᠶᠢᠨ ᠫᠢᠩ ᠤᠨ | ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠤᠶᠤᠨ ᠴᠢᠳᠠᠯ ᠢᠶᠠᠨ ᠲᠥᠪᠯᠡᠷᠡᠭᠦᠯᠦᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ | ᠴᠢᠬᠤᠯᠠ ᠶᠡᠭᠡ ᠬᠠᠷᠢᠴᠠᠭ᠎ᠠ ᠶᠢ ᠡᠵᠡᠮᠳᠡᠬᠦ ᠪᠠ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠦᠬᠦᠯᠢ | ᠴᠣᠭᠴᠠ ᠠᠴᠠ ᠨᠢ ᠭᠦᠨᠵᠡᠭᠡᠢ ᠤᠬᠠᠭᠠᠯᠠᠨ ᠲᠥᠯᠥᠪᠯᠡᠬᠦ ᠪᠠ ᠠᠬᠢᠭᠤᠯᠬᠤ ᠬᠡᠷᠡᠭᠲᠡᠢ᠃ ᠶᠠᠰᠤ ᠴᠢᠨᠠᠷ ᠢ ᠲᠡᠷᠢᠭᠦᠨ ᠳᠤ | ᠲᠠᠯᠪᠢᠬᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠦᠨᠳᠦᠰᠦ ᠰᠠᠭᠤᠷᠢ ᠪᠠᠨ | ᠦᠷᠭᠦᠯᠵᠢᠯᠡᠨ ᠪᠠᠬᠢᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ | ᠴᠢᠨᠠᠷ ᠢ ᠴᠢᠩᠭᠠᠳᠬᠠᠨ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠤᠨ ᠳᠤᠮᠳᠠ ᠠᠴᠠ | ᠠᠵᠢᠯ ᠤᠨ ᠪᠣᠳᠣᠯᠬᠢᠯᠠᠬᠤ ᠴᠡᠭ᠂ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠣᠨᠣᠪᠴᠢᠲᠠᠢ ᠡᠷᠢᠵᠦ | ᠣᠯᠬᠤ ᠶᠢ ᠴᠢᠬᠤᠯᠠᠴᠢᠯᠠᠨ᠂ ᠪᠦᠭᠦ ᠵᠢᠯ ᠤᠨ ᠨᠡᠮᠡᠭᠳᠡᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠴᠢᠨᠠᠷ | ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠰᠠᠶᠢᠨ ᠦᠢᠯᠡᠳᠦᠯᠴᠡᠭᠦᠯᠬᠦ ᠶᠢ | ᠪᠠᠷᠢᠮᠲᠠᠯᠠᠵᠤ᠂ ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ᠬᠥᠭᠵᠢᠯᠲᠡ ᠳᠤ | ᠨᠡᠩ ᠢᠯᠡᠭᠦᠦ ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠳᠤ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ᠃ | ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ ᠠᠰᠠᠭᠤᠳᠠᠯ ᠳᠤ ᠬᠥᠭᠵᠢᠯᠲᠡ ᠶᠢᠨ ᠰᠡᠳᠬᠢᠬᠦᠢ ᠪᠠᠷ ᠬᠠᠨᠳᠤᠬᠤ ᠶᠢ | ᠴᠢᠬᠤᠯᠠᠴᠢᠯᠠᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠵᠦᠢᠯ ᠢ | ᠰᠢᠢᠳᠪᠦᠷᠢᠯᠡᠬᠦ ᠳᠤᠮᠳᠠ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠬᠡᠷᠡᠭᠲᠡᠢ᠃ | ᠦᠨᠳᠦᠰᠦᠨ ᠠᠴᠠ ᠨᠢ ᠠᠪᠴᠤ ᠬᠡᠯᠡᠪᠡᠯ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠭᠡᠷᠡᠴᠢᠯᠡᠯᠲᠡ ᠳᠤ | ᠲᠦᠰᠢᠭᠯᠡᠬᠦ ᠬᠡᠷᠡᠭᠲᠡᠢ᠃ ᠪᠢᠳᠡ ᠨᠡᠩ ᠶᠡᠭᠡ ᠡᠷᠡᠰ ᠵᠣᠷᠢᠭ ᠪᠠ ᠡᠷᠴᠢᠮ ᠢᠶᠠᠷ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠦᠨ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ | ᠰᠠᠶᠢᠨ ᠤᠶᠠᠯᠳᠤᠭᠤᠯᠬᠤ ᠶᠢ ᠠᠬᠢᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ | ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ ᠠᠮᠵᠢᠯᠲᠠ ᠪᠦᠲᠦᠮᠵᠢ ᠣᠯᠬᠤ ᠶᠢ | ᠠᠬᠢᠭᠤᠯᠬᠤ ᠬᠡᠷᠡᠭᠲᠡᠢ᠃ | ᠭᠤᠷᠪᠠ᠂ 2024 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ | ᠨᠠᠮ ᠤᠨ ᠲᠥᠪ ᠬᠤᠷᠢᠶ᠎ᠠ ᠡᠨᠡ ᠵᠢᠯ ᠤᠨ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠂ | ᠪᠢᠳᠡ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠵᠥᠷᠢᠴᠡᠯ ᠢ ᠴᠢᠩᠭ᠎ᠠ ᠠᠳᠬᠤᠵᠤ᠂ ᠪᠣᠭᠤᠮᠢ | ᠬᠢᠵᠠᠭᠠᠷᠯᠠᠯ ᠢ ᠬᠦᠴᠦᠯᠡᠨ ᠰᠢᠪᠲᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ | ᠃ | ︵ᠨᠢᠭᠡ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ | ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠯᠡᠨ ᠬᠥᠭᠵᠢᠭᠦᠯᠦᠨ᠎ᠡ᠃ ᠰᠢᠨ᠎ᠡ ᠶᠢ ᠡᠭᠦᠳᠬᠦ ᠶᠢᠨ | ᠭᠤᠣᠯ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠵᠤ᠂ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠲᠦᠷᠭᠡᠯᠡᠨ ᠠᠬᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ | ᠳᠡᠭᠡᠭᠰᠢᠯᠡᠭᠦᠯᠦᠨ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ | ᠪᠤᠶ ᠪᠤᠯᠭᠠᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠳᠡᠭᠡᠭᠰᠢᠯᠡᠯᠲᠡ ᠶᠢ ᠠᠬᠢᠭᠤᠯᠤᠨ᠎ᠠ᠃ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ | ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭ᠎ᠠ ᠶᠢ ᠪᠠᠲᠤᠯᠠᠨ᠎ᠠ᠃ | ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠬᠦ᠂ ᠳᠠᠪᠠᠭᠤᠯᠢᠭ ᠢᠶᠠᠨ ᠪᠠᠳᠠᠷᠠᠭᠤᠯᠬᠤ᠂ ᠰᠢᠨ᠎ᠡ | ᠳᠠᠪᠠᠭᠤᠯᠢᠭ ᠢ ᠪᠤᠢ ᠪᠤᠯᠭᠠᠬᠤ ᠪᠠᠷ ᠬᠦᠴᠦᠯᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠳᠬᠨ᠎ᠠ᠃ ᠦᠢᠯᠡᠳᠬᠦ ᠦᠢᠯᠡᠰ ᠤᠨ ᠮᠡᠷᠭᠡᠵᠢᠯ ᠤᠨ | ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠡᠷᠢᠭᠦᠨ ᠤ ᠦᠢᠯᠡᠳᠬᠦ ᠦᠢᠯᠡᠰ ᠤᠨ | ᠪᠥᠭᠡᠭᠡᠨᠡᠷᠡᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠤᠯᠤᠰ ᠤᠨ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ | ᠳᠡᠭᠡᠳᠦ ᠲᠡᠰᠴᠢᠯᠡᠭᠦ᠂ ᠣᠶᠤᠨᠴᠢᠯᠠᠬᠤ᠂ ᠨᠤᠭᠤᠭᠠᠨᠵᠢᠭᠤᠯᠬᠤ ᠭᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ | ᠤᠳᠤ ᠦᠶ᠎ᠡ ᠶᠢᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠯᠡᠨ ᠬᠥᠭᠵᠢᠭᠦᠯᠦᠨ᠎ᠡ᠃ | ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠢ ᠨᠠᠷᠢᠯᠢᠭ ᠥᠪᠡᠷᠮᠢᠴᠡ ᠰᠢᠨ᠎ᠡ ᠬᠥᠭᠵᠢᠯᠲᠡ ᠶᠢ ᠠᠬᠢᠭᠤᠯᠤᠨ᠎ᠠ᠃ | ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠ ᠶᠠᠰᠤ | ᠴᠢᠨᠠᠷ ᠢᠶᠠᠷ ᠲᠤᠯᠭᠠᠭᠤᠷᠢᠯᠠᠬᠤ ᠶᠢ ᠴᠢᠩᠭᠠᠳᠬᠠᠵᠤ᠂ ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ ᠪᠦᠬᠦᠢ ︽ᠳᠤᠮᠳᠠᠳᠤ | ᠤᠯᠤᠰ ᠤᠨ ᠦᠢᠯᠡᠳᠬᠦ ᠦᠢᠯᠡᠰ︾ ᠤᠨ ᠨᠠᠷᠠᠲᠤ ᠲᠡᠮᠳᠡᠭ ᠢ ᠨᠠᠩ ᠣᠯᠠᠨ ᠪᠤᠶ ᠪᠣᠯᠭᠠᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ | ᠪᠣᠶᠢᠵᠢᠭᠤᠯᠤᠨ᠎ᠠ᠃ ᠠᠵᠤ ᠦᠢᠯᠡᠰ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠠᠵᠤ ᠦᠢᠯᠡᠰ ᠤᠨ ᠠᠮᠢ ᠠᠬᠤᠢ ᠶᠢ ᠲᠡᠭᠦᠯᠳᠡᠷᠵᠢᠭᠦᠯᠦᠨ᠂ ᠬᠡᠷᠡᠭᠯᠡᠯᠲᠡ ᠶᠢᠨ ᠠᠬᠤᠢ ᠪᠠᠶᠢᠳᠠᠯ ᠢ | ᠥᠷᠭᠡᠳᠬᠡᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠠᠭᠤᠰᠤᠯᠴᠠᠵᠤ ᠪᠥᠭᠡᠭᠡᠨᠡᠷᠡᠨ ᠬᠥᠭᠵᠢᠬᠦ ᠶᠢ ᠠᠬᠢᠭᠤᠯᠤᠨ᠎ᠠ᠃ ᠣᠶᠤᠨᠴᠢ ᠰᠦᠯᠵᠢᠶᠡᠨ ᠬᠤᠯᠪᠤᠯᠳᠠᠯᠲᠦ ᠰᠢᠨ᠎ᠡ | ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠵᠡᠷᠭᠡ ᠠᠵᠤ ᠦᠢᠯᠡᠰ ᠤᠨ ᠲᠡᠷᠢᠭᠦᠯᠡᠬᠦ ᠳᠠᠪᠠᠭᠤᠯᠢᠭ ᠢ | ᠪᠠᠬᠢᠵᠢᠭᠦᠯᠦᠨ ᠥᠷᠭᠡᠳᠬᠡᠵᠦ᠂ ᠤᠰᠤᠲᠥ᠋ᠷᠥᠭᠴᠢ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠶᠢ ᠡᠭᠦᠳᠦᠭᠰᠡᠨ ᠡᠮ | ᠵᠡᠷᠭᠡ ᠰᠢᠨ᠎ᠡ ᠪᠠᠷ ᠬᠥᠭᠵᠢᠭᠰᠡᠨ ᠬᠤᠰᠢᠭᠤᠷᠠᠯ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠠᠮᠢᠳᠤ | ᠪᠣᠳᠠᠰ ᠤᠨ ᠦᠢᠯᠡᠳᠬᠦ ᠦᠢᠯᠡᠰ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ | ᠵᠡᠷᠭᠡ ᠰᠢᠨ᠎ᠡ ᠨᠡᠮᠡᠭᠳᠡᠯ ᠤᠨ ᠬᠥᠳᠡᠯᠭᠡᠭᠦᠷ ᠢ ᠢᠳᠡᠪᠬᠢᠲᠡᠢ ᠪᠤᠢ ᠪᠣᠯᠭᠠᠨ᠎ᠠ᠃ ᠢᠷᠡᠭᠡᠳᠦᠢ ᠶᠢᠨ ᠠᠵᠤ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠺᠸᠠᠨ᠋ᠲ ᠮᠡᠷᠭᠡᠵᠢᠯ᠂ ᠠᠮᠢ ᠨᠠᠰᠤᠨ ᠤ ᠰᠢᠨᠵᠢᠯᠡᠬᠦ ᠤᠬᠠᠭᠠᠨ | ᠵᠡᠷᠭᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠨᠢᠭᠡ ᠪᠦᠯᠦᠭ ᠢᠷᠡᠭᠡᠳᠦᠢ ᠶᠢᠨ ᠠᠵᠤ ᠦᠢᠯᠡᠰ ᠤᠨ | ᠬᠤᠰᠢᠭᠤᠴᠢ ᠣᠷᠣᠨ ᠢ ᠡᠭᠦᠳᠦᠨ ᠪᠠᠶᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ᠂ | ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠳᠠᠮᠵᠢ ᠶᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠠᠵᠢᠯ | ᠲᠥᠷᠥᠯ ᠤᠨ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠪᠡᠯᠡ ᠣᠷᠣᠭᠤᠯᠤᠯᠲᠠ ᠶᠢ ᠬᠥᠲᠥᠯᠥᠨ | ᠵᠢᠯᠤᠭᠤᠳᠬᠤ ᠶᠢ ᠴᠢᠩᠭᠠᠳᠬᠠᠵᠤ᠂ ᠦᠢᠯᠡᠳᠪᠦᠷᠢᠯᠡᠬᠦ ᠴᠢᠳᠠᠪᠤᠷᠢ ᠦᠯᠡᠭᠦᠳᠡᠬᠦ ᠪᠠ ᠳᠣᠣᠷ᠎ᠠ ᠲᠦᠪᠰᠢᠨ ᠳᠤ | ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ ᠰᠡᠷᠭᠡᠶᠢᠯᠡᠨ᠎ᠡ᠃ | ᠳ᠋ᠢᠵᠢᠲ᠋ᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ ᠳ᠋ᠢᠵᠢᠲ᠋ᠠᠯ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ | ᠳ᠋ᠢᠵᠢᠲ᠋ᠠᠯ ᠤᠨ ᠠᠵᠤ ᠦᠢᠯᠡᠰᠵᠢᠯᠲᠡ ᠪᠠ ᠠᠵᠤ ᠦᠢᠯᠡᠰ ᠤᠨ ᠳ᠋ᠢᠵᠢᠲ᠋ᠠᠯᠴᠢᠯᠠᠯᠲᠠ ᠶᠢ ᠢᠳᠡᠪᠬᠢᠲᠡᠢ ᠠᠬᠢᠭᠤᠯᠵᠤ᠂ | ᠳ᠋ᠢᠵᠢᠲ᠋ᠠᠯ ᠮᠡᠷᠭᠡᠵᠢᠯ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ᠲᠣᠮᠣ ᠳ᠋ᠠᠶᠢᠲ᠋ᠠ᠂ ᠵᠣᠬᠢᠶᠠᠮᠠᠯ ᠣᠶᠤᠯᠢᠭ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠭᠦᠨᠵᠡᠭᠡᠶᠢᠷᠡᠭᠦᠯᠵᠦ᠂ ︽ | ᠵᠣᠬᠢᠶᠠᠮᠠᠯ ᠤᠶᠤᠯᠢᠭ +︾ᠠᠵᠢᠯᠯᠠᠭ᠎ᠠ ᠶᠢ ᠥᠷᠨᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠪᠦᠬᠦᠢ | ᠳ᠋ᠢᠵᠢᠲ᠋ᠠᠯ ᠠᠵᠤ ᠦᠢᠯᠡᠰ ᠤᠨ ᠪᠥᠭᠡᠭᠡᠨᠡᠷᠡᠯ ᠢ ᠪᠤᠢ ᠪᠣᠯᠭᠠᠨ᠎ᠠ᠃ ᠦᠢᠯᠡᠳᠬᠦ ᠦᠢᠯᠡᠰ ᠤᠨ ᠭᠡᠯᠪᠡᠷᠢ ᠶᠢ | ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ ᠶᠢᠨ ᠬᠡᠪᠴᠢᠶᠡᠵᠢᠭᠦᠯᠦᠭᠰᠡᠨ ᠬᠡᠷᠡᠭᠯᠡᠯᠲᠡ ᠶᠢ ᠲᠦᠷᠭᠡᠳᠬᠡᠵᠦ᠂ ᠦᠢᠯᠡᠴᠢᠯᠡᠭᠡᠨ ᠤ ᠦᠢᠯᠡᠰ ᠤᠨ | ᠳ᠋ᠢᠵᠢᠲ᠋ᠠᠯᠴᠢᠯᠠᠯᠲᠠ ᠶᠢ ᠠᠬᠢᠭᠤᠯᠵᠤ᠂ ᠣᠶᠤᠨᠴᠢ ᠬᠤᠲᠠ᠂ ᠳ᠋ᠢᠵᠢᠲ᠋ᠠᠯ ᠬᠥᠳᠡᠭᠡ ᠲᠣᠰᠬᠤᠨ ᠢ ᠪᠦᠲᠦᠭᠡᠨ | ᠪᠠᠶᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠳᠤ ᠳ᠋ᠢᠵᠢᠲ᠋ᠠᠯᠵᠢᠭᠤᠯᠤᠨ ᠡᠨᠧᠷᠭᠢ ᠣᠯᠭᠤᠬᠤ ᠲᠤᠰᠬᠠᠢ | ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ | ᠠᠬᠢᠭᠤᠯᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠤᠯᠠᠨ ᠤᠯᠤᠰ ᠤᠨ ᠥᠷᠢᠰᠦᠯᠳᠦᠭᠡᠨ ᠳᠤᠮᠳᠠ ᠡᠷᠳᠡᠮ | ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠶᠢ ᠳᠡᠮᠵᠢᠨ᠎ᠡ᠃ ᠳ᠋ᠠᠶᠢᠲ᠋ᠠ ᠶᠢᠨ ᠰᠠᠭᠤᠷᠢ ᠳᠦᠷᠢᠮ ᠢ ᠪᠦᠷᠢᠨᠰᠢᠭᠦᠯᠵᠦ᠂ | ᠳ᠋ᠠᠶᠢᠲ᠋ᠠ ᠶᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠠ ᠭᠦᠢᠯᠭᠡᠭᠡ ᠳᠤ ᠣᠷᠣᠭᠤᠯᠵᠤ ᠬᠡᠷᠡᠭᠯᠡᠬᠦ ᠶᠢ ᠶᠡᠭᠡ ᠪᠠᠷ | ᠠᠬᠢᠭᠤᠯᠤᠨ᠎ᠠ᠃ ᠳ᠋ᠢᠵᠢᠲ᠋ᠠᠯ ᠰᠠᠭᠤᠷᠢ ᠲᠥᠬᠦᠭᠡᠷᠦᠮᠵᠢ ᠶᠢ ᠵᠣᠬᠢᠰᠲᠠᠢ ᠤᠷᠢᠳᠴᠢᠯᠠᠨ ᠪᠦᠲᠦᠭᠡᠨ ᠪᠠᠶᠢᠭᠤᠯᠵᠤ᠂ ᠪᠦᠭᠦ | ᠤᠯᠤᠰ ᠲᠤ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠢᠰᠲ᠋ᠧᠮ ᠢ ᠲᠦᠷᠭᠡᠯᠡᠨ ᠪᠤᠢ ᠪᠤᠯᠭᠠᠵᠦ᠂ ᠪᠤᠳᠤᠬᠤ | ᠬᠦᠴᠦᠨ ᠤ ᠠᠵᠤ ᠦᠢᠯᠡᠰ ᠤᠨ ᠠᠮᠢ ᠠᠬᠤᠢ ᠶᠢ ᠪᠣᠶᠢᠵᠢᠭᠤᠯᠤᠨ᠎ᠠ᠃ ᠪᠢᠳᠡ ᠥᠷᠭᠡᠨ ᠳᠡᠯᠭᠡᠷᠡᠩᠭᠦᠢ ᠪᠥᠭᠡᠳ ᠭᠦᠨ | ᠭᠦᠨᠵᠡᠭᠡᠢ ᠳ᠋ᠢᠵᠢᠲ᠋ᠠᠯ ᠬᠤᠪᠢᠰᠤᠯᠲᠠ ᠪᠠᠷ ᠠᠵᠤ ᠠᠬᠤᠢ ᠶᠢᠨ ᠬᠥᠭᠵᠢᠯᠲᠡ ᠳᠤ ᠡᠨᠧᠷᠭᠢ ᠣᠯᠭᠤᠵᠤ᠂ ᠠᠷᠠᠳ ᠤᠨ | ᠠᠮᠢᠳᠤᠷᠠᠯ ᠢ ᠪᠠᠶᠠᠯᠢᠭᠵᠢᠭᠤᠯᠤᠨ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ | ︵ᠬᠤᠶᠠᠷ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠢ | ᠴᠢᠩᠭᠠᠳᠬᠠᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠮᠡᠷᠭᠡᠵᠢᠯ ᠤᠨ | ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠨᠢᠭᠡ | ᠴᠣᠭᠴᠠᠵᠢᠭᠤᠯᠤᠨ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠬᠡᠯᠬᠢᠶ᠎ᠡ ᠠᠵᠤ | ᠦᠢᠯᠡᠰ ᠤᠨ ᠬᠡᠯᠬᠢᠶ᠎ᠡ ᠪᠡᠯᠡ ᠮᠥᠩᠭᠦ ᠶᠢᠨ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢ ᠨᠢᠭᠡ ᠴᠣᠭᠴᠠᠵᠢᠭᠤᠯᠤᠨ | ᠪᠠᠶᠢᠷᠢᠯᠠᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ | ᠬᠦᠴᠦᠷᠬᠡᠭ ᠶᠡᠭᠡ ᠬᠥᠳᠡᠯᠭᠡᠭᠴᠢ ᠬᠦᠴᠦᠨ ᠬᠠᠩᠭᠠᠨ᠎ᠠ᠃ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ | ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠮᠢᠨ ᠰᠤᠳᠠᠰᠤ ᠪᠤᠯᠭᠠᠬᠤ ᠶᠢ | ᠪᠠᠷᠢᠮᠲᠠᠯᠠᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢᠨ | ᠲᠣᠪᠴᠢ ᠶᠢ ᠲᠣᠭᠲᠠᠭᠠᠨ ᠬᠡᠷᠡᠭᠵᠢᠭᠦᠯᠦᠨ᠎ᠡ᠃ ᠶᠣᠰᠣ ᠰᠤᠷᠲᠠᠬᠤᠨ ᠢ ᠪᠤᠢ ᠪᠣᠯᠭᠠᠨ ᠬᠥᠮᠥᠨ ᠢ ᠬᠥᠮᠥᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ ᠠᠵᠢᠯᠯᠠᠭ᠎ᠠ ᠶᠢ | ᠥᠷᠨᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠪᠠ | ᠬᠤᠲᠠ ᠬᠥᠳᠡᠭᠡ ᠶᠢᠨ ᠨᠢᠭᠡ ᠴᠣᠭᠴᠠᠵᠢᠯᠲᠠ ᠶᠢ ᠲᠦᠷᠭᠡᠳᠬᠡᠵᠦ᠂ ᠬᠥᠳᠡᠭᠡ ᠲᠤᠰᠬᠤᠨ ᠤ ᠪᠠᠶᠢᠷᠢ ᠳᠤ ᠰᠠᠭᠤᠬᠤ | ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠬᠦᠴᠡᠯ ᠢ ᠰᠠᠶᠢᠵᠢᠷᠠᠭᠤᠯᠤᠨ᠂ ︽ᠬᠤᠶᠠᠷ ᠢ ᠬᠥᠩᠭᠡᠷᠡᠭᠦᠯᠬᠦ | ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠵᠤ᠂ ᠰᠢᠶᠠᠨ ᠤ ᠪᠦᠰᠡ ᠶᠢᠨ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠮᠲᠠᠲᠤ ᠪᠠᠭ᠎ᠠ | ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠳᠠᠷᠤᠭᠠᠰᠤ ᠶᠢ ᠬᠥᠩᠭᠡᠷᠡᠭᠦᠯᠦᠨ᠎ᠡ᠃ ᠣᠨᠴᠠᠭᠠᠶ | ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠤ᠂ ᠠᠷᠠᠳ ᠠᠴᠠ ᠡᠷᠭᠢᠯᠡᠭᠰᠡᠨ | ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠬᠡᠷᠡᠭᠵᠢᠭᠦᠯᠵᠦ᠂ ᠰᠢᠨᠵᠢᠯᠡᠭᠡᠨ ᠤ ᠰᠠᠯᠠᠭ᠎ᠠ | ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠳᠤᠮᠳᠠᠳᠤ | ᠤᠯᠤᠰ ᠤᠨ ᠣᠨᠴᠠᠯᠢᠭ ᠪᠦᠬᠦᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠳᠠᠪᠠᠭᠤᠯᠢᠭ | ᠰᠢᠨᠵᠢᠯᠡᠭᠡᠨ ᠤ ᠰᠠᠯᠠᠭ᠎ᠠ ᠶᠢ ᠲᠦᠷᠭᠡᠯᠡᠨ ᠪᠠᠶᠢᠭᠤᠯᠵᠤ᠂ ᠬᠡᠷᠡᠭᠯᠡᠭᠡᠨ ᠤ ᠭᠡᠯᠪᠡᠷᠢ ᠶᠢᠨ ᠵᠢᠩᠬᠢᠨᠢ ᠠᠩᠭᠢ ᠶᠢᠨ ᠶᠡᠭᠡ | ᠳᠡᠭᠡᠳᠦ ᠰᠤᠷᠭᠠᠭᠤᠯᠢ ᠶᠢ ᠬᠦᠴᠦᠷᠬᠡᠭᠵᠢᠭᠦᠯᠦᠨ ᠪᠠᠶᠢᠭᠤᠯᠵᠤ᠂ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ | ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠪᠣᠳᠠᠲᠤ ᠬᠦᠴᠦᠨ ᠢ ᠴᠢᠩᠭᠠᠷᠠᠭᠤᠯᠤᠨ᠎ᠠ᠃ | ᠰᠤᠷᠤᠬᠴᠢ ᠶᠢᠨ ᠰᠡᠳᠬᠢᠴᠡ ᠶᠢᠨ ᠡᠷᠡᠭᠦᠯ ᠮᠡᠨᠲᠦ ᠶᠢᠨ ᠬᠥᠮᠦᠵᠢᠯ ᠢ ᠴᠢᠩᠭᠠᠳᠬᠠᠨ᠎ᠠ᠃ ᠳ᠋ᠢᠵᠢᠲ᠋ᠠᠯ ᠰᠤᠷᠭᠠᠨ | ᠬᠥᠮᠦᠵᠢᠯ ᠢ ᠶᠡᠭᠡ ᠪᠠᠷ ᠬᠥᠭᠵᠢᠭᠦᠯᠦᠨ᠎ᠡ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠪᠢᠳᠡ ᠰᠤᠷᠭᠠᠨ | ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ | ᠲᠦᠷᠭᠡᠯᠡᠨ ᠠᠬᠢᠭᠤᠯᠵᠤ᠂ ᠠᠷᠠᠳ ᠲᠦᠮᠡᠨ ᠤ ᠵᠣᠯ ᠵᠢᠷᠭᠠᠯ ᠤᠨ ᠦᠨᠳᠦᠰᠦ ᠶᠢ ᠪᠠᠲᠤᠳᠬᠠᠨ᠂ ᠤᠯᠤᠰ ᠣᠷᠣᠨ ᠤ | ᠪᠠᠶᠠᠵᠢᠯ ᠬᠦᠴᠦᠷᠬᠡᠭᠵᠢᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ | ᠬᠦᠴᠦᠷᠬᠡᠭᠵᠢᠭᠦᠯᠬᠦ ᠶᠢ ᠲᠦᠷᠭᠡᠯᠡᠨ ᠠᠬᠢᠭᠤᠯᠤᠨ᠎ᠠ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠤ ᠰᠢᠰᠲ᠋ᠧᠮᠲᠦ ᠪᠠᠶᠢᠷᠢᠯᠠᠭᠤᠯᠤᠯᠲᠠ ᠶᠢ ᠴᠢᠩᠭᠠᠳᠬᠠᠵᠤ᠂ | ᠨᠢᠭᠡ ᠪᠦᠯᠦᠭ ᠰᠢᠨ᠎ᠡ ᠶᠢ ᠡᠭᠦᠳᠬᠦ ᠰᠠᠭᠤᠷᠢᠨ ᠭᠠᠵᠠᠷ᠂ ᠳᠠᠪᠠᠭᠤᠯᠢᠭ ᠪᠦᠯᠭᠦᠮ ᠨᠡᠶᠢᠲᠡ ᠪᠣᠯᠣᠨ ᠭᠤᠣᠯᠳᠠᠯᠭ᠎ᠠ ᠲᠠᠢ | ᠴᠢᠭᠯᠡᠯ ᠢ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠳᠠᠮᠵᠢᠵᠤ᠂ ᠤᠤᠭᠠᠯ ᠰᠢᠨ᠎ᠡ ᠶᠢ ᠡᠭᠦᠳᠬᠦ ᠴᠢᠳᠠᠪᠤᠷᠢ ᠶᠢ | ᠴᠢᠩᠭᠠᠷᠠᠭᠤᠯᠤᠨ᠎ᠠ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠠᠵᠤ ᠦᠢᠯᠡᠰ ᠤᠨ | ᠬᠥᠭᠵᠢᠯᠲᠡ ᠶᠢᠨ ᠬᠡᠷᠡᠭᠴᠡᠭᠡ ᠶᠢ ᠬᠠᠷᠠᠭᠠᠯᠠᠵᠤ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠲᠥᠰᠥᠯ ᠢ ᠪᠠᠶᠢᠷᠢᠯᠠᠭᠤᠯᠤᠨ ᠬᠡᠷᠡᠭᠵᠢᠭᠦᠯᠦᠨ᠎ᠡ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ᠂ ᠨᠡᠶᠢᠭᠡᠮ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠷᠠᠭᠤᠯᠵᠤ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠬᠠᠮᠵᠢᠯᠴᠠᠭᠤᠯᠤᠨ ᠰᠢᠢᠳᠪᠦᠷᠢᠯᠡᠬᠦ ᠶᠢ ᠠᠬᠢᠭᠤᠯᠵᠤ᠂ ᠨᠤᠷᠠᠭᠠᠯᠲᠠ ᠶᠢᠨ | ᠴᠢᠨᠠᠷᠲᠠᠢ ᠮᠡᠷᠭᠡᠵᠢᠯ ᠪᠠ ᠬᠤᠰᠢᠭᠤᠷᠠᠯ ᠮᠡᠷᠭᠡᠵᠢᠯ ᠤᠨ ᠰᠤᠳᠤᠯᠭᠠᠨ ᠢ ᠴᠢᠩᠭᠠᠳᠬᠠᠨ᠎ᠠ᠃ ᠤᠯᠤᠰ ᠤᠨ | ᠲᠤᠷᠰᠢᠯᠲᠠ ᠶᠢᠨ ᠲᠠᠰᠤᠭ ᠤᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ | ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ | ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠰᠠᠭᠤᠷᠢ ᠲᠥᠬᠦᠭᠡᠷᠦᠮᠵᠢ ᠶᠢᠨ ᠰᠢᠰᠲ᠋ᠧᠮᠴᠢᠯᠡᠭᠰᠡᠨ ᠪᠠᠶᠢᠷᠢᠯᠠᠭᠤᠯᠤᠯᠲᠠ ᠶᠢ ᠲᠦᠷᠭᠡᠳᠬᠡᠵᠦ᠂ ᠨᠡᠶᠢᠲᠡᠯᠢᠭ ᠴᠢᠨᠠᠷᠲᠠᠢ | ᠮᠡᠷᠭᠡᠵᠢᠯ ᠤᠨ ᠲᠠᠪᠴᠠᠩ᠂ ᠵᠠᠪᠰᠠᠷ ᠤᠨ ᠲᠤᠷᠰᠢᠯᠲᠠ ᠪᠠᠷ ᠰᠢᠯᠭᠠᠨ ᠨᠤᠲᠠᠯᠠᠬᠤ ᠲᠠᠪᠴᠠᠩ ᠤᠨ ᠪᠠᠶᠢᠭᠤᠯᠤᠯᠲᠠ ᠶᠢ | ᠠᠬᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ | ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠴᠢᠬᠤᠯᠠ ᠶᠡᠭᠡ ᠪᠡᠷᠬᠡ | ᠰᠡᠳᠦᠪ ᠢ ᠰᠢᠢᠳᠪᠦᠷᠢᠯᠡᠬᠦ ᠡᠭᠦᠷᠭᠡ ᠶᠢ ᠲᠦᠷᠦᠭᠦᠯᠡᠨ ᠬᠡᠷᠡᠭᠵᠢᠭᠦᠯᠬᠦ ᠶᠢ ᠳᠡᠮᠵᠢᠨ᠎ᠡ᠃ ᠡᠷᠡᠭᠦᠯ ᠮᠡᠨᠳᠦ᠂ | ᠨᠠᠰᠤᠵᠢᠯ ᠤᠨ ᠠᠰᠠᠷᠠᠮᠵᠢ᠂ ᠵᠡᠮᠳᠡᠭᠴᠦᠳ ᠢ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ | ᠮᠡᠷᠭᠡᠵᠢᠯ ᠢ ᠰᠤᠳᠤᠯᠤᠨ ᠨᠡᠭᠡᠭᠡᠵᠦ ᠠᠰᠢᠭᠯᠠᠬᠤ ᠶᠢ ᠴᠢᠩᠭᠠᠳᠬᠠᠨ᠎ᠠ᠃ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ | ᠳᠡᠮᠵᠢᠬᠦ ᠰᠠᠭᠤᠷᠢ ᠳᠦᠷᠢᠮ ᠢ ᠲᠦᠷᠭᠡᠯᠡᠨ ᠪᠤᠢ ᠪᠤᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ᠂ | ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠰᠥᠯ ᠪᠠ ᠵᠠᠷᠤᠳᠠᠯ ᠤᠨ | ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠲᠤᠩᠬᠠᠭ ᠨᠡᠶᠢᠲᠡᠯᠡᠨ | ᠮᠠᠩᠯᠠᠶᠢᠯᠠᠭᠴᠢ ᠡᠯᠰᠡᠬᠦ︾ ᠲᠣᠭᠲᠠᠴᠠ ᠶᠢ ᠪᠦᠷᠢᠨᠰᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠤᠨ ᠬᠡᠷᠡᠭᠯᠡᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠥᠷᠭᠡᠨ ᠢᠶᠠᠷ ᠥᠷᠨᠢᠭᠦᠯᠦᠨ᠎ᠡ᠃ ᠰᠢᠨ᠎ᠡ ᠶᠢ ᠡᠭᠦᠳᠬᠦ ᠰᠣᠶᠣᠯ ᠢ | ᠪᠣᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠯᠢᠳᠡᠭ ᠰᠤᠷᠤᠯᠴᠠᠬᠤ | ᠰᠤᠷᠲᠠᠯ ᠢ ᠬᠠᠳᠠᠭᠠᠯᠠᠨ᠎ᠠ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠥᠷᠭᠡᠳᠬᠡᠵᠦ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠪᠦᠬᠦᠢ ᠰᠢᠨ᠎ᠡ ᠶᠢ ᠡᠭᠦᠳᠬᠦ | ᠨᠡᠭᠡᠭᠡᠯᠲᠡᠲᠤ ᠠᠮᠢ ᠠᠬᠤᠢ ᠶᠢ ᠪᠤᠢ ᠪᠣᠯᠭᠠᠨ᠎ᠠ᠃ | ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠦᠨ ᠰᠠᠶᠢᠲᠤᠷ ᠬᠡᠷᠡᠭᠯᠡᠨ᠎ᠡ᠃ ᠨᠠᠩ ᠢᠳᠡᠪᠬᠢᠲᠡᠢ᠂ ᠨᠠᠩ | ᠨᠡᠭᠡᠭᠡᠯᠲᠡᠲᠡᠢ᠂ ᠨᠠᠩ ᠪᠦᠲᠦᠮᠵᠢᠲᠡᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠨᠳᠥᠷ | ᠲᠦᠪᠰᠢᠨ ᠪᠦᠬᠦᠢ ᠴᠢᠳᠠᠪᠤᠷᠢᠲᠠᠨ ᠤ ᠥᠨᠳᠦᠷᠯᠢᠭ ᠭᠠᠵᠠᠷ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠴᠢᠳᠠᠪᠤᠷᠢᠲᠠᠨ ᠢ ᠴᠤᠭᠯᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ ᠤ | ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠰᠢᠯ ᠪᠠ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠤᠯᠤᠰ ᠤᠨ | ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠯᠡᠨ ᠪᠦᠲᠦᠭᠡᠨ ᠪᠠᠶᠢᠭᠤᠯᠵᠤ᠂ ᠨᠡᠩ ᠣᠯᠠᠨ | ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ | ᠪᠦᠯᠭᠦᠮ ᠢ ᠴᠢᠷᠮᠠᠶᠢᠨ ᠬᠥᠮᠥᠵᠢᠭᠦᠯᠦᠨ ᠪᠤᠢ ᠪᠤᠯᠭᠠᠵᠤ᠂ ᠣᠷᠣᠶᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ | ᠢᠯᠡᠷᠡᠭᠦᠯᠬᠦ ᠪᠠ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠤ ᠴᠢᠳᠠᠪᠤᠷᠢᠲᠠᠨ ᠢ | ᠬᠥᠮᠥᠵᠢᠭᠦᠯᠬᠦ ᠲᠠᠪᠴᠠᠩ ᠢ ᠪᠦᠲᠦᠭᠡᠨ ᠪᠠᠶᠢᠭᠤᠯᠵᠤ᠂ ᠰᠢᠯᠭᠠᠷᠠᠭᠰᠠᠨ ᠢᠨᠵᠧᠨᠧᠷ ᠪᠠ ᠤᠷ᠎ᠠ ᠴᠢᠳᠠᠪᠤᠷᠢ ᠰᠠᠶᠢᠲᠠᠢ | ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ ᠴᠢᠳᠠᠪᠤᠷᠢᠲᠠᠨ ᠤ ᠣᠯᠠᠨ ᠤᠯᠤᠰ ᠤᠨ ᠰᠣᠯᠢᠯᠴᠠᠭ᠎ᠠ ᠶᠢ ᠢᠳᠡᠪᠬᠢᠲᠡᠢ | ᠠᠬᠢᠭᠤᠯᠤᠨ᠎ᠠ᠃ ᠰᠢᠨ᠎ᠡ ᠶᠢ ᠡᠭᠦᠳᠬᠦ ᠦᠷᠳᠡᠭ᠂ ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ ᠪᠤᠯᠭᠠᠬᠰᠠᠨ | ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠦᠷᠭᠡᠯᠡᠨ ᠪᠠᠶᠢᠭᠤᠯᠵᠤ᠂ ᠠᠵᠢᠯ ᠠᠮᠢᠳᠤᠷᠠᠯ ᠤᠨ ᠪᠠᠲᠤᠯᠠᠭ᠎ᠠ ᠪᠠ | ᠬᠥᠬᠢᠭᠦᠯᠦᠨ ᠱᠠᠩᠨᠠᠬᠤ ᠳᠦᠷᠢᠮ ᠢ ᠰᠢᠯᠢᠳᠡᠭᠵᠢᠭᠦᠯᠦᠨ᠎ᠡ᠃ ᠪᠢᠳᠡ ᠴᠢᠳᠠᠪᠤᠷᠢᠲᠠᠨ ᠤ ᠬᠥᠭᠵᠢᠯᠲᠡ ᠶᠢᠨ ᠣᠷᠴᠢᠨ | ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠨ ᠴᠢᠷᠮᠠᠶᠢᠵᠤ᠂ ᠬᠥᠮᠥᠨ ᠪᠣᠯᠭᠠᠨ ᠠᠪᠢᠶᠠᠰ | ᠴᠢᠳᠠᠪᠤᠷᠢ ᠪᠠᠨ ᠭᠦᠢᠴᠡᠳ ᠪᠠᠳᠠᠷᠠᠭᠤᠯᠵᠤ ᠡᠷᠳᠡᠮ ᠴᠢᠳᠠᠪᠤᠷᠢ ᠪᠠᠨ ᠭᠦᠢᠴᠡᠳ ᠢᠯᠡᠷᠡᠭᠦᠯᠵᠦ ᠴᠢᠳᠠᠬᠤ ᠰᠠᠶᠢᠨ | ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ᠃ | ︵ᠭᠤᠷᠪᠠ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠠᠵᠤ ᠠᠬᠤᠢ ᠶᠢᠨ | ᠰᠠᠶᠢᠨ ᠣᠷᠴᠢᠯ ᠢ ᠪᠡᠶᠡᠯᠡᠭᠦᠯᠬᠦ ᠶᠢ ᠠᠬᠢᠭᠤᠯᠤᠨ᠎ᠠ᠃ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠤᠨ᠂ ᠬᠡᠷᠡᠭᠯᠡᠭᠡ ᠪᠠ ᠪᠡᠯᠡ ᠣᠷᠣᠭᠤᠯᠤᠯᠲᠠ ᠶᠢ ᠨᠠᠩ ᠰᠠᠶᠢᠨ | ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠳᠠᠶᠢᠴᠢᠯᠠᠬᠤ ᠦᠢᠯᠡᠳᠦᠯ ᠢ | ᠴᠢᠩᠭᠠᠷᠠᠭᠤᠯᠤᠨ᠎ᠠ᠃ | ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠣᠷᠣᠯᠭ᠎ᠠ ᠶᠢ ᠨᠡᠮᠡᠭᠳᠡᠭᠦᠯᠬᠦ᠂ | ᠬᠠᠩᠭᠠᠯᠭ᠎ᠠ ᠶᠢ ᠰᠢᠯᠢᠳᠡᠭᠵᠢᠭᠦᠯᠬᠦ᠂ ᠬᠢᠵᠠᠭᠠᠷᠯᠠᠯ ᠤᠨ ᠴᠢᠨᠠᠷᠲᠠᠢ ᠠᠷᠭ᠎ᠠ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠪᠠᠷ | ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠡᠷᠡᠭᠴᠡᠭᠡ ᠶᠢᠨ ᠳᠠᠯᠳᠠ ᠴᠢᠳᠠᠪᠤᠷᠢ ᠶᠢ ᠬᠥᠭᠵᠢᠭᠡᠨ᠎ᠡ᠃ | ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠳ᠋ᠢᠵᠢᠲ᠋ᠠᠯ ᠬᠡᠷᠡᠭᠯᠡᠭᠡ᠂ ᠨᠣᠭᠤᠭᠠᠨ | ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠶᠤᠯᠢᠭ | ᠭᠡᠷ ᠦᠷᠦᠭᠡ᠂ ᠰᠣᠶᠣᠯ ᠴᠡᠩᠭᠡᠯ ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠤᠯᠤᠰ ᠤᠨ ᠪᠠᠷᠠᠭ᠎ᠠ ︽ | ᠭᠠᠩᠭᠠᠩ ᠲᠠᠸᠠᠷ︾ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠣᠶᠢᠵᠢᠭᠤᠯᠤᠨ᠎ᠠ᠃ | ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠵᠣᠷᠢᠭᠵᠢᠭᠤᠯᠬᠤ ᠪᠠ ᠠᠬᠢᠭᠤᠯᠵᠤ᠂ ᠣᠶᠤᠨᠴᠢ ᠰᠦᠯᠵᠢᠶᠡᠨ ᠬᠤᠯᠪᠤᠯᠳᠠᠯᠲᠤ ᠰᠢᠨ᠎ᠡ | ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ᠂ ᠡᠯᠧᠺᠲᠷᠣᠨ ᠦᠢᠯᠡᠳᠬᠦᠨ ᠵᠡᠷᠭᠡ ᠪᠥᠭᠡᠮ ᠬᠡᠷᠡᠭᠯᠡᠭᠡ ᠶᠢ | ᠬᠥᠭᠵᠢᠭᠡᠨ᠎ᠡ᠃ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠪᠣᠶᠢᠵᠢᠭᠤᠯᠬᠤ᠂ ᠭᠡᠷ ᠠᠬᠤᠢ ᠵᠡᠷᠭᠡ | ᠦᠢᠯᠡᠴᠢᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠨᠡᠶᠢᠭᠡᠮ ᠤᠨ | ᠬᠦᠴᠦᠨ ᠤ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠬᠡᠷᠡᠭᠯᠡᠭᠡᠨ ᠤ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ︽ᠬᠡᠷᠡᠭᠯᠡᠭᠡ ᠶᠢ ᠠᠬᠢᠭᠤᠯᠬᠤ ᠣᠨ︾ ᠤ ᠠᠵᠢᠯᠯᠠᠭ᠎ᠠ ᠶᠢ ᠥᠷᠨᠢᠭᠦᠯᠵᠦ᠂ ︽ | ᠰᠠᠨᠠᠭ᠎ᠠ ᠠᠮᠤᠷ ᠬᠡᠷᠡᠭᠯᠡᠭᠡᠨ ᠤ ᠠᠵᠢᠯᠯᠠᠭ᠎ᠠ︾ ᠶᠢ ᠬᠡᠷᠡᠭᠵᠢᠭᠦᠯᠦᠨ᠂ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠶᠢ ᠴᠢᠩᠭᠠᠳᠬᠠᠵᠤ᠂ ᠴᠠᠯᠢᠩ ᠲᠠᠢ ᠪᠠᠷ ᠠᠮᠠᠷᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠪᠠᠷᠢᠮᠵᠢᠶ᠎ᠠ ᠶᠢ | ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ | ᠵᠣᠬᠢᠴᠠᠭᠰᠠᠨ ᠪᠠᠷᠢᠮᠵᠢᠶ᠎ᠠ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠲᠠᠸᠠᠷ ᠪᠠ ᠦᠢᠯᠡᠴᠢᠯᠡᠭᠡ ᠶᠢᠨ ᠶᠠᠰᠤ | ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢ ᠠᠬᠢᠭᠤᠯᠵᠤ᠂ ᠠᠷᠠᠳ ᠣᠯᠠᠨ ᠤ ᠠᠮᠢᠳᠤᠷᠠᠯ ᠢᠶᠠᠨ | ᠰᠠᠶᠢᠵᠢᠷᠠᠭᠤᠯᠬᠤ ᠬᠡᠷᠡᠭᠴᠡᠭᠡ ᠶᠢ ᠨᠠᠩ ᠰᠠᠶᠢᠨ ᠬᠠᠩᠭᠠᠬᠤ ᠬᠡᠷᠡᠭᠲᠡᠢ᠃ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠎ᠡ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠳᠠᠶᠢᠴᠢᠯᠠᠨ ᠲᠣᠮᠣᠷᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ᠂ ᠡᠨᠧᠷᠭᠢ ᠠᠷᠪᠢᠯᠠᠨ | ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠤᠷᠠᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠠᠷᠠᠳ ᠤᠨ ᠠᠮᠢᠳᠤᠷᠠᠯ ᠵᠡᠷᠭᠡ ᠠᠵᠤ ᠠᠬᠤᠢ ᠨᠡᠶᠢᠭᠡᠮ ᠤᠨ | ᠪᠠᠭᠤᠷᠠᠢ ᠬᠦᠷᠢᠶᠡᠨ ᠤ ᠳᠤᠲᠠᠭᠤᠳᠠᠯ ᠢ ᠨᠥᠬᠦᠪᠦᠷᠢᠯᠡᠬᠦ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠤᠰᠤᠳᠤᠯ ᠢ | ᠠᠷᠢᠯᠭᠠᠬᠤ ᠭᠠᠮᠰᠢᠭ ᠢ ᠡᠰᠡᠷᠭᠦᠴᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠡᠯ᠎ᠡ ᠲᠥᠷᠥᠯ ᠤᠨ ᠦᠢᠯᠡᠳᠪᠦᠷᠢᠯᠡᠯ ᠤᠨ ᠲᠥᠬᠦᠭᠡᠷᠦᠮᠵᠢ᠂ ᠦᠢᠯᠡᠴᠢᠯᠡᠭᠡᠨ ᠤ ᠲᠥᠬᠦᠭᠡᠷᠦᠮᠵᠢ ᠶᠢ ᠰᠢᠨᠡᠳᠬᠡᠬᠦ ᠪᠠ | ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠲᠦᠷᠭᠡᠯᠡᠨ ᠬᠡᠷᠡᠭᠵᠢᠭᠦᠯᠦᠨ᠎ᠡ᠃ ᠡᠨᠡ ᠵᠢᠯ | ᠲᠥᠪ ᠤᠨ ᠲᠥᠰᠥᠪ ᠤᠨ ᠳᠣᠲᠣᠷᠠᠬᠢ ᠪᠡᠯᠡ ᠤᠷᠤᠭᠤᠯᠤᠯᠳᠡ ᠶᠢ 7000 ᠳ᠋ᠦᠡᠭᠰᠢᠭᠤᠷ ᠲᠥᠭᠦᠷᠢᠭ | ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ ᠬᠢᠬᠦ ᠬᠦᠷᠢᠶ᠎ᠡ ᠪᠣᠯᠣᠨ ᠬᠥᠷᠥᠩᠭᠡ ᠮᠥᠩᠭᠦ ᠪᠣᠯᠭᠠᠨ ᠬᠡᠷᠡᠭᠯᠡᠬᠦ | ᠬᠡᠪᠴᠢᠶ᠎ᠡ ᠶᠢ ᠵᠦᠢ ᠵᠣᠬᠢᠰᠲᠠᠢ ᠥᠷᠭᠡᠳᠬᠡᠵᠦ᠂ ᠲᠤᠭ᠎ᠠ ᠬᠡᠮᠵᠢᠶᠡᠨ ᠤ ᠬᠤᠪᠢᠶᠠᠷᠢᠯᠠᠯᠲᠠ ᠶᠢ ᠲᠥᠰᠥᠯ ᠤᠨ | ᠪᠡᠯᠡᠳᠬᠡᠯ ᠢᠶᠠᠷ ᠭᠦᠢᠴᠡᠳ᠂ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠪᠠᠷ ᠨᠡᠯᠢᠶᠡᠳ ᠥᠨᠳᠥᠷ ᠭᠠᠵᠠᠷ ᠣᠷᠣᠨ | ᠲᠡᠶᠢᠰᠢ ᠬᠡᠯᠪᠡᠶᠢᠯᠭᠡᠨ᠎ᠡ᠃ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ | ᠦᠷ᠎ᠡ ᠠᠰᠢᠭ ᠳᠣᠣᠷ᠎ᠠ ᠪᠠ ᠦᠷ᠎ᠡ ᠠᠰᠢᠭ ᠦᠭᠡᠢ ᠪᠡᠯᠡ ᠣᠷᠣᠭᠤᠯᠤᠯᠲᠠ ᠶᠢ ᠰᠡᠷᠭᠡᠶᠢᠯᠡᠨ᠎ᠡ᠃ ᠪᠡᠯᠡ | ᠣᠷᠣᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠷᠠᠳ ᠤᠨ | ᠪᠡᠯᠡ ᠣᠷᠣᠭᠤᠯᠤᠯᠲᠠ ᠶᠢ ᠬᠦᠴᠦᠯᠡᠨ ᠲᠣᠭᠲᠠᠪᠤᠷᠢᠵᠢᠭᠤᠯᠤᠨ ᠥᠷᠭᠡᠳᠬᠡᠵᠦ᠂ ᠳᠡᠮᠵᠢᠯᠭᠡ ᠶᠢᠨ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠪᠣᠯᠣᠨ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠠᠷᠠᠳ ᠤᠨ ᠬᠥᠷᠥᠩᠭᠡ ᠶᠢᠨ | ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠡᠯ᠎ᠡ | ᠵᠦᠢᠯ ᠤᠨ ᠬᠠᠯᠬᠠᠪᠴᠢ ᠶᠢ ᠤᠯᠠᠮ ᠨᠢᠭᠡ ᠠᠯᠬᠤᠮ ᠡᠪᠳᠡᠵᠦ᠂ ᠠᠷᠠᠳ ᠤᠨ ᠪᠡᠯᠡ ᠣᠷᠣᠭᠤᠯᠤᠯᠲᠠ ᠶᠢ ᠨᠡᠩ ᠣᠯᠠᠨ | ᠬᠦᠷᠢᠶᠡᠨ ᠳᠤ ᠣᠷᠣᠵᠤ ᠢᠷᠡᠵᠦ ᠳᠡᠶᠢᠯᠭᠦ᠂ ᠬᠥᠭᠵᠢᠵᠦ ᠳᠡᠶᠢᠯᠭᠦ᠂ ᠦᠢᠯᠡᠰ ᠪᠦᠲᠦᠭᠡᠵᠦ ᠳᠡᠶᠢᠯᠭᠦ ᠪᠣᠯᠭᠠᠨ᠎ᠠ᠃ | ︵ᠳᠥᠷᠪᠡ︶ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠬᠥᠭᠵᠢᠯᠲᠡ ᠶᠢᠨ | ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠳᠬᠠᠨ᠎ᠠ᠃ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ | ᠭᠤᠭᠴᠤᠭ᠎ᠠ ᠶᠢᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠡᠬᠢ ᠪᠠᠶᠠᠯᠢᠭ ᠤᠨ | ᠲᠣᠬᠢᠷᠠᠭᠤᠯᠤᠯᠲᠠ ᠳᠤ ᠦᠵᠡᠭᠦᠯᠭᠦ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ | ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ | ᠬᠠᠤᠯᠢ ᠪᠠᠷ ᠵᠠᠰᠠᠭᠰᠠᠨ᠂ ᠣᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠤᠯᠭᠠᠵᠤ᠂ | ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ | ᠪᠠᠶᠢᠭᠤᠯᠬᠤ ᠶᠢ ᠠᠬᠢᠭᠤᠯᠤᠨ᠎ᠠ᠃ | ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ | ᠪᠡᠯᠡ ᠶᠢᠨ ᠠᠵᠤ ᠠᠬᠤᠶᠢᠯᠠᠯ ᠪᠣᠯ ᠴᠥᠮ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠴᠦᠨ | ᠮᠥᠨ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠤᠯᠴᠢ ᠪᠠᠷ | ᠥᠷᠢᠰᠦᠯᠳᠦᠨ᠂ ᠮᠥᠴᠡᠭᠡᠷᠬᠡᠨ ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠵᠦ ᠥᠭᠬᠦ ᠬᠡᠷᠡᠭᠲᠡᠢ᠃ | ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠲᠡᠭᠦᠯᠳᠡᠷᠵᠢᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠨᠡᠩ ᠤᠯᠠᠨ ᠪᠠᠶᠢᠭᠤᠯᠤᠨ᠎ᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯ ᠠᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ | ᠭᠤᠣᠯᠯᠠᠬᠤ ᠴᠢᠳᠠᠮᠵᠢ ᠶᠢ ᠴᠢᠩᠭᠠᠷᠠᠭᠤᠯᠤᠨ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ | ᠲᠣᠬᠢᠷᠠᠭᠤᠯᠬᠤ ᠶᠢ ᠵᠢᠭᠠᠨ ᠵᠢᠯᠤᠭᠤᠳᠬᠤ ᠳᠦᠷᠢᠮ ᠢ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠰᠠᠨᠠᠯ ᠵᠢᠴᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠯᠧᠮᠧᠨ᠋ᠲ ᠢ ᠣᠯᠬᠤ᠂ | ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ | ᠲᠣᠪᠣᠶᠢᠮ᠎ᠠ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠵᠢᠭᠡᠯᠡᠯᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠵᠢᠭᠡᠯᠡᠯᠭᠡ ᠲᠠᠯᠪᠢᠵᠤ ᠪᠡᠯᠡ | ᠲᠣᠬᠢᠷᠠᠭᠤᠯᠬᠤ ᠬᠡᠪᠴᠢᠶ᠎ᠡ ᠶᠢ ᠥᠷᠭᠡᠳᠬᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠲᠥᠷᠥᠯ | ᠬᠤᠪᠢᠶᠠᠨ ᠬᠠᠪᠰᠤᠷᠤᠨ ᠲᠡᠳᠬᠦᠵᠦ ᠳᠡᠮᠵᠢᠬᠦ ᠶᠢ ᠴᠢᠩᠭᠠᠳᠬᠠᠨ᠎ᠠ᠃ ᠡᠳ᠋ ᠪᠠᠷᠠᠭ᠎ᠠ ᠶᠢᠨ ᠭᠦᠢᠯᠭᠡᠭᠡᠨ ᠤ ᠥᠪᠡᠷ ᠤᠨ | ᠥᠷᠲᠡᠭ ᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ | ᠥᠷᠢᠲᠦᠬᠦ ᠶᠢ ᠰᠡᠷᠭᠡᠶᠢᠯᠡᠨ ᠠᠷᠢᠯᠭᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ | ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ | ᠨᠣᠭᠳᠠᠭᠤᠯᠬᠤ ᠶᠠᠪᠤᠳᠠᠯ ᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠰᠢᠯᠢᠳᠡᠭ ᠠᠵᠤ ᠠᠬᠤᠶᠢᠯᠠᠯᠲᠠᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯᠲᠠᠨ ᠤ ᠰᠢᠨ᠎ᠡ ᠶᠢ ᠡᠭᠦᠳᠬᠦ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠬᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠭᠠᠪᠰᠢᠭᠠᠶᠢᠯᠠᠵᠤ ᠵᠣᠷᠢᠭᠲᠠᠢ ᠪᠠᠷ ᠪᠡᠯᠡ ᠤᠷᠤᠭᠤᠯᠬᠤ᠂ | ᠠᠵᠤ ᠠᠬᠤᠶᠢᠯᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠡᠷᠭᠢᠯᠡᠭᠦ ᠶᠢ ᠲᠡᠮᠵᠢᠨ᠎ᠠ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ | ᠵᠢᠯᠣᠭᠤᠳᠤᠮᠵᠢ ᠶᠢ ᠲᠣᠭᠲᠠᠭᠠᠨ᠎ᠠ᠃ ᠥᠮᠴᠢᠯᠡᠬᠦ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ᠂ ᠭᠤᠤᠯᠴᠢ ᠥᠷᠢᠰᠦᠯᠳᠦᠭᠡᠨ᠂ ᠨᠡᠶᠢᠭᠡᠮ ᠤᠨ ᠢᠲᠡᠭᠡᠮᠵᠢ ᠵᠡᠷᠭᠡ ᠲᠠᠯ᠎ᠠ ᠪᠠᠷ ᠬᠢ ᠳᠦᠷᠢᠮ | ᠳᠦᠷᠢᠮᠯᠡᠯ ᠤᠨ ᠨᠢᠭᠡᠳᠦᠯᠲᠡᠢ ᠪᠠᠶᠢᠬᠤ ᠶᠢ ᠬᠦᠴᠦᠯᠡᠨ ᠠᠬᠢᠭᠤᠯᠤᠨ᠎ᠠ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠦᠨ᠎ᠡ᠃ ᠭᠤᠤᠯᠴᠢ | ᠥᠷᠢᠰᠦᠯᠳᠦᠭᠡᠨ ᠢ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠨᠡᠶᠢᠲᠡᠯᠡᠵᠦ᠂ | ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ | ᠬᠢᠨᠠᠨ ᠬᠠᠮᠢᠶᠠᠷᠬᠤ ᠳᠦᠷᠢᠮᠯᠡᠯ ᠢ ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠬᠠᠮᠠᠭᠠᠯᠠᠯᠲᠠ᠂ ᠵᠠᠬ᠎ᠠ | ᠳᠡᠯᠭᠡᠭᠦᠷ ᠤᠨ ᠬᠡᠰᠡᠭᠯᠡᠯ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠳᠤᠮᠳᠠᠬᠢ ᠵᠦᠢ ᠵᠣᠬᠢᠰ ᠦᠭᠡᠢ | ᠥᠷᠢᠰᠦᠯᠳᠦᠭᠡᠨ ᠵᠡᠷᠭᠡ ᠲᠣᠪᠣᠶᠢᠮ᠎ᠠ ᠠᠰᠠᠭᠤᠳᠠᠯ ᠢ ᠲᠤᠰᠬᠠᠢ ᠵᠦᠢᠯ ᠢᠶᠠᠷ ᠵᠠᠰᠠᠵᠤ᠂ ᠳᠠᠭᠠᠭᠠᠴᠢᠯᠠᠯᠲᠠ ᠵᠠᠷᠯᠠᠬᠤ ᠪᠠ | ᠳᠠᠭᠠᠭᠠᠴᠢᠯᠠᠯᠲᠠ ᠳᠤ ᠣᠷᠤᠯᠴᠠᠬᠤ ᠵᠠᠬ᠎ᠠ ᠳᠡᠯᠭᠡᠭᠦᠷ ᠤᠨ ᠵᠢᠷᠤᠮᠵᠢᠯ ᠪᠠ ᠬᠠᠮᠢᠶᠠᠷᠤᠯᠲᠠ ᠶᠢ ᠴᠢᠩᠭᠠᠳᠬᠠᠨ᠎ᠠ᠃ | ᠬᠠᠤᠯᠢ ᠶᠣᠰᠣᠭᠠᠷ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠴᠠᠳᠦ ᠴᠢᠨᠠᠷ ᠪᠠ | ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠡᠷᠡᠰ ᠬᠠᠮᠠᠭᠠᠯᠠᠨ᠎ᠠ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠡᠷᠭᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ | ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠡᠳ᠋ ᠤᠨ | ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ᠂ ᠮᠥᠩᠭᠦᠨ ᠭᠦᠢᠯᠭᠡᠭᠡᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ᠃ | ᠴᠠᠭᠢᠯᠭᠠᠨ ᠬᠦᠴᠦ᠂ ᠲᠣᠰᠣ ᠬᠡᠢ᠂ ᠲᠡᠮᠦᠷ ᠵᠠᠮ ᠪᠣᠯᠣᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠵᠡᠷᠭᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠶᠠᠨᠳᠠᠭᠠᠨ ᠤ ᠮᠤᠨᠤᠫᠤᠯᠢᠴᠢᠯᠠᠯ ᠤᠨ ᠭᠤᠭᠴᠣᠭᠠᠨ ᠤ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ᠃ ᠤᠷᠤᠯᠭ᠎ᠠ ᠶᠢᠨ ᠬᠤᠪᠢᠶᠠᠷᠢᠯᠠᠯᠲᠠ᠂ | ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠲᠡᠭᠦ ᠶᠢ ᠠᠬᠢᠭᠤᠯᠤᠨ᠎ᠠ᠃ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ | ᠠᠷᠠᠯᠵᠢᠶᠠᠨ ᠤ ᠳᠦᠷᠢᠮᠯᠡᠯ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ | ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ ᠴᠢᠩᠭᠠᠷᠠᠭᠤᠯᠵᠤ᠂ | ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠵᠦ᠂ ᠤᠯᠠᠨ ᠤᠯᠤᠰ ᠤᠨ ᠠᠵᠤ | ᠠᠬᠤᠢ ᠶᠢᠨ ᠬᠠᠮᠲᠤᠷᠠᠯᠴᠠᠭ᠎ᠠ ᠪᠠ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠣᠶᠢᠵᠢᠭᠤᠯᠤᠨ᠎ᠠ᠃ | ᠭᠠᠳᠠᠭᠠᠳᠤ ᠠᠷᠠᠯᠵᠢᠶᠠᠨ ᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠲᠣᠭᠲᠠᠪᠤᠷᠢᠵᠢᠭᠤᠯᠬᠤ ᠶᠢ ᠠᠬᠢᠭᠤᠯᠤᠨ᠎ᠠ | ᠃ ᠭᠠᠳᠠᠭᠠᠳᠤ ᠣᠷᠤᠭᠤᠯᠤᠯᠲᠠ ᠭᠠᠳᠠᠭᠠᠳᠤ ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ ᠪᠠ ᠭᠠᠳᠠᠭᠠᠳᠤ | ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠴᠢᠩᠭᠠᠳᠬᠠᠵᠤ᠂ ᠬᠢᠯᠢ ᠠᠯᠤᠰᠯᠠᠨ ᠲᠠᠰᠤᠯᠦᠨ | ᠪᠤᠳᠤᠬᠤ᠂ ᠭᠤᠪᠢᠭᠤᠯᠭ᠎ᠠ ᠶᠢᠨ ᠨᠤᠷᠮ᠎ᠠ ᠶᠢᠨ ᠠᠶᠤᠯ ᠲᠦᠭᠰᠢᠭᠦᠷᠢ ᠶᠢ ᠬᠠᠮᠢᠶᠠᠷᠬᠤ ᠵᠡᠷᠭᠡ ᠦᠢᠯᠡᠴᠢᠯᠡᠭᠡ ᠶᠢ | ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠨᠡᠭᠡᠭᠡᠬᠦ ᠶᠢ ᠲᠡᠮᠵᠢᠨ᠎ᠠ᠃ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠭᠠᠳᠠᠭᠠᠳᠤ ᠳᠠᠬᠢ ᠬᠥᠮᠥᠷᠭᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠪᠤᠯᠪᠠᠰᠤᠷᠠᠭᠤᠯᠬᠤ ᠠᠷᠠᠯᠵᠢᠶ᠎ᠠ ᠶᠢᠨ ᠵᠡᠷᠭᠡ ᠲᠡᠰ ᠢ ᠳᠡᠪᠰᠢᠭᠦᠯᠬᠦ ᠶᠢ ᠳᠡᠮᠵᠢᠵᠦ᠂ ᠵᠠᠪᠰᠠᠷ ᠤᠨ | ᠪᠦᠲᠦᠭᠡᠭᠳᠡᠬᠦᠨ ᠤ ᠠᠷᠠᠯᠵᠢᠶ᠎ᠠ᠂ ᠨᠣᠭᠤᠭᠠᠨ ᠠᠷᠠᠯᠵᠢᠶ᠎ᠠ ᠵᠡᠷᠭᠡ ᠰᠢᠨ᠎ᠡ ᠨᠡᠮᠡᠭᠳᠡᠯ ᠤᠨ ᠴᠡᠭ ᠢ ᠥᠷᠭᠡᠳᠬᠡᠨ᠎ᠡ᠃ | ᠴᠢᠨᠠᠷ ᠰᠠᠶᠢᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠪᠠᠷ ᠥᠷᠭᠡᠳᠬᠡᠨ᠎ᠡ᠃ ᠬᠢᠯᠢ | ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠪᠦᠭᠦ | ᠲᠠᠯ᠎ᠠ ᠪᠠᠷ ᠬᠡᠷᠡᠭᠵᠢᠭᠦᠯᠦᠨ᠎ᠡ᠃ ᠦᠢᠯᠡᠴᠢᠯᠡᠭᠡᠨ ᠤ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ ᠶᠢᠨ ᠰᠢᠨ᠎ᠡ ᠶᠢ ᠡᠭᠦᠳᠬᠦ | ᠬᠥᠭᠵᠢᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ᠎ᠡ᠃ ᠳᠣᠲᠣᠭᠠᠳᠤ ᠭᠠᠳᠠᠭᠠᠳᠤ | ᠠᠷᠠᠯᠵᠢᠶᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠲᠦᠷᠭᠡᠳᠬᠡᠨ᠎ᠡ᠃ ᠭᠠᠳᠠᠭᠠᠳᠤ ᠣᠷᠣᠭᠤᠯᠤᠯᠲᠠ ᠶᠢᠨ | ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ | ᠳ᠋ᠢᠵᠢᠲ᠋ᠠᠯ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠶᠡᠭᠡ ᠦᠵᠡᠰᠭᠦᠯᠡᠩ ᠴᠤᠭᠯᠠᠭᠠᠨ ᠢ ᠰᠠᠶᠢᠲᠤᠷ ᠡᠷᠭᠢᠯᠡᠨ᠎ᠡ᠃ | ᠤᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠣᠶᠤᠨᠴᠢ | ᠪᠣᠭᠤᠮᠲᠠ ᠶᠢ ᠪᠤᠢ ᠪᠤᠯᠭᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠥᠪᠡᠷ ᠤᠨ | ᠦᠷᠲᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃ | ᠭᠠᠳᠠᠭᠠᠳᠤ ᠪᠡᠯᠡ ᠶᠢ ᠲᠠᠲᠠᠬᠤ ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠦᠷᠭᠦᠯᠵᠢᠯᠡᠨ ᠴᠥᠭᠡᠳᠬᠡᠵᠦ᠂ | ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ | ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠴᠠᠭᠢᠯᠭᠠᠨ ᠬᠤᠯᠪᠤᠭ᠎ᠠ᠂ | ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ | ᠪᠣᠯᠭᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ | ᠭᠠᠷᠴᠠᠭ ᠢ ᠥᠷᠭᠡᠳᠬᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠳᠣᠲᠣᠷ᠎ᠠ ᠲᠠᠭᠢᠨ ᠪᠡᠯᠡ | ᠣᠷᠣᠭᠤᠯᠬᠤ ᠶᠢ ᠵᠣᠷᠢᠭᠵᠢᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ | ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠳᠤ ᠣᠷᠤᠯᠴᠠᠬᠤ᠂ ᠪᠠᠷᠢᠮᠵᠢᠶ᠎ᠠ ᠲᠣᠭᠲᠠᠭᠠᠬᠤ ᠳᠤ ᠬᠠᠤᠯᠢ ᠶᠣᠰᠣᠭᠠᠷ ᠡᠷᠬᠡ ᠲᠡᠭᠰᠢ ᠪᠠᠷ | ᠣᠷᠤᠯᠴᠠᠬᠤ ᠶᠢ ᠪᠠᠲᠤᠯᠠᠵᠤ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠵᠤ᠂ ︽ᠳᠤᠮᠳᠠᠳᠤ ᠤᠯᠤᠰ ᠲᠤ ᠪᠡᠯᠡ ᠤᠷᠤᠭᠤᠯᠬᠤ︾ ᠨᠠᠷᠠᠲᠤ ᠲᠡᠮᠳᠡᠭ ᠢ ᠪᠤᠶ | ᠪᠣᠯᠭᠠᠨ᠎ᠠ᠃ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠳᠤᠮᠳᠠᠳᠤ ᠤᠯᠤᠰ ᠲᠤ ᠢᠷᠡᠵᠦ ᠠᠵᠢᠯᠯᠠᠬᠤ᠂ | ᠰᠤᠷᠤᠯᠴᠠᠬᠤ᠂ ᠵᠢᠭᠤᠯᠴᠢᠯᠠᠬᠤ ᠳᠤ ᠲᠦᠭᠦᠮ ᠦᠵᠡᠭᠦᠯᠭᠦ ᠬᠡᠮᠵᠢᠶ᠎ᠡ ᠶᠢ ᠲᠠᠭᠡᠭᠰᠢᠯᠡᠭᠦᠯᠵᠤ᠂ ᠲᠣᠭᠠᠴᠠᠭ᠎ᠠ ᠬᠢᠬᠦ | ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠵᠡᠷᠭᠡ ᠳᠤ ᠨᠠᠩ ᠣᠯᠠᠨ ᠡᠵᠡᠨ ᠮᠡᠳᠡᠬᠦ ᠡᠷᠬᠡ ᠣᠯᠭᠤᠵᠤ᠂ ᠨᠡᠭᠡᠭᠡᠨ | ᠬᠥᠭᠵᠢᠭᠦᠯᠬᠦ ᠣᠷᠣᠨ ᠤ ᠥᠭᠡᠷᠡᠴᠢᠯᠡᠯᠲᠡ ᠬᠢᠬᠦ ᠪᠠ ᠰᠢᠨ᠎ᠡ ᠶᠢ ᠡᠭᠦᠳᠬᠦ ᠶᠢ ᠠᠬᠢᠭᠤᠯᠵᠤ᠂ ᠭᠠᠳᠠᠭᠠᠳᠤ | ᠨᠡᠭᠡᠭᠡᠯᠲᠡ ᠶᠢᠨ ᠰᠢᠨ᠎ᠡ ᠥᠨᠳᠦᠷᠯᠢᠭ ᠭᠠᠵᠠᠷ ᠢ ᠪᠤᠢ ᠪᠣᠯᠭᠠᠨ᠎ᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ | ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠨ᠎ᠠ᠃ ᠴᠢᠬᠤᠯᠠ ᠶᠡᠭᠡ ᠲᠥᠰᠥᠯ ᠤᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠨᠢᠭᠡ ᠪᠦᠯᠦᠭ ︽ | ᠵᠢᠵᠢᠭ ᠠᠲᠠᠯ᠎ᠠ ᠭᠤᠶᠤ︾ ᠠᠷᠠᠳ ᠤᠨ ᠠᠮᠢᠳᠤᠷᠠᠯ ᠤᠨ ᠲᠥᠰᠥᠯ ᠢ ᠬᠡᠷᠡᠭᠵᠢᠭᠦᠯᠵᠦ᠂ ᠳ᠋ᠢᠵᠢᠲ᠋ᠠᠯ᠂ ᠨᠣᠭᠤᠭᠠᠨ᠂ | ᠰᠢᠨ᠎ᠡ ᠶᠢ ᠡᠭᠦᠳᠬᠦ᠂ ᠡᠷᠡᠭᠦᠯ ᠮᠡᠨᠳᠦ᠂ ᠰᠣᠶᠣᠯ ᠵᠢᠭᠤᠯᠴᠢᠯᠠᠯ᠂ ᠶᠠᠳᠠᠭᠤ ᠶᠢ ᠴᠥᠭᠡᠳᠬᠡᠬᠦ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ | ᠰᠢᠨ᠎ᠡ ᠵᠠᠮ ᠢ ᠲᠦᠷᠭᠡᠯᠡᠨ ᠪᠦᠲᠦᠭᠡᠨ ᠪᠠᠶᠢᠭᠤᠯᠤᠨ᠎ᠠ᠃ | ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ᠃ ᠨᠢᠭᠡᠨᠲᠡ ᠬᠦᠴᠦᠨ ᠲᠠᠢ ᠪᠣᠯᠤᠭᠰᠠᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ ᠪᠠᠷᠢᠮᠵᠢᠶᠠᠲᠤ | ᠴᠢᠯᠦᠭᠡᠲᠦ ᠠᠷᠠᠯᠵᠢᠶᠠᠨ ᠤ ᠬᠡᠯᠡᠯᠴᠡᠭᠡᠷ ᠪᠠ ᠪᠡᠯᠡ ᠣᠷᠣᠭᠤᠯᠤᠯᠲᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ᠃ | ᠳᠤᠮᠳᠠᠳᠤ ᠤᠯᠤᠰ – ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ | ᠠᠷᠠᠯᠵᠢᠶᠠᠨ ᠤ ᠣᠷᠣᠨ ᠤ 3.0 ᠬᠡᠪ ᠤᠨ ᠬᠡᠯᠡᠯᠴᠡᠭᠡ ᠶᠢ ᠠᠬᠢᠭᠤᠯᠵᠤ᠂ ︽ᠳ᠋ᠢᠵᠢᠲ᠋ᠠᠯ ᠠᠵᠤ ᠠᠬᠤᠢ ᠶᠢᠨ | ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾᠂ ︽ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠲᠠᠯᠠᠢ | ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠲᠤ ᠣᠷᠣᠬᠤ ᠶᠢ ᠠᠬᠢᠭᠤᠯᠤᠨ᠎ᠠ᠃ ᠳᠡᠯᠡᠬᠡᠢ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠪᠦᠭᠦ ᠲᠠᠯ᠎ᠠ ᠪᠠᠷ ᠭᠦᠨᠵᠡᠭᠡᠢ ᠣᠷᠣᠯᠴᠠᠵᠤ᠂ | ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠬᠠᠮᠲᠤᠷᠠᠨ ᠠᠵᠢᠯᠯᠠᠵᠤ | ᠬᠠᠮᠲᠤ ᠪᠠᠷ ᠠᠰᠢᠭ ᠭᠥᠷᠳᠡᠭᠰᠡᠨ ᠨᠡᠩ ᠤᠯᠠᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ | ᠬᠦᠷᠲᠡᠭᠡᠨ᠎ᠡ᠃ | ︵ᠵᠢᠷᠭᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠨ ᠨᠢᠭᠡᠳᠦᠯᠲᠡᠢ ᠲᠥᠯᠥᠪᠯᠡᠵᠦ᠂ | ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠴᠢᠨᠠᠷ ᠰᠠᠶᠢᠲᠠᠢ | ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠬᠤ ᠶᠢ ᠪᠠᠷᠢᠮᠲᠠᠯᠠᠵᠤ᠂ ᠥᠨᠳᠥᠷ | ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠭᠡᠷ ᠪᠠᠶᠢᠰᠢᠩ ᠭᠠᠵᠠᠷ | ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢ ᠥᠩᠭᠡᠨ ᠲᠠᠯ᠎ᠠ ᠪᠠ ᠦᠨᠳᠦᠰᠦ ᠰᠤᠷᠪᠤᠯᠵᠢ ᠠᠴᠠ ᠨᠢ ᠵᠠᠰᠠᠵᠤ | ᠪᠠᠶᠢᠭᠠᠳ ᠠᠷᠢᠯᠭᠠᠵᠤ᠂ ᠠᠵᠤ ᠠᠬᠤᠢ ᠮᠥᠩᠭᠦᠨ ᠭᠦᠢᠯᠭᠡᠭᠡᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ | ᠬᠠᠮᠠᠭᠠᠯᠠᠨ᠎ᠠ᠃ | ᠲᠦᠭᠰᠢᠭᠦᠷᠢ ᠶᠢᠨ ᠳᠠᠯᠳᠠ ᠭᠡᠮ ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠨ᠎ᠡ᠃ | ᠬᠦᠨᠳᠦ ᠶᠡᠭᠡ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠢ | ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠠᠳᠠᠯᠢ ᠪᠤᠰᠤ ᠥᠮᠴᠢᠯᠡᠯ ᠤᠨ ᠭᠡᠷ ᠪᠠᠶᠢᠰᠢᠩ | ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ ᠳᠤ | ᠠᠳᠠᠯᠢ ᠲᠡᠭᠰᠢ ᠪᠠᠷ ᠳᠡᠮᠵᠢᠯᠭᠡ ᠦᠵᠡᠭᠦᠯᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ | ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠣᠷᠣᠨ ᠨᠤᠲᠤᠭ ᠤᠨ ᠥᠷᠢ | ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠵᠦ᠂ | ᠥᠷᠢ ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠤ᠂ ᠬᠠᠳᠠᠭᠠᠯᠠᠯᠲᠠ ᠥᠷᠢ ᠥᠭᠴᠡᠭᠡᠨ ᠤ ᠲᠦᠭᠰᠢᠭᠦᠷᠢ ᠶᠢ ᠲᠣᠬᠢᠲᠠᠢ ᠠᠷᠢᠯᠭᠠᠵᠤ᠂ ᠰᠢᠨ᠎ᠡ ᠪᠠᠷ | ᠨᠡᠮᠡᠭᠳᠡᠬᠦ ᠥᠷᠢ ᠥᠭᠴᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠵᠠᠷᠢᠮ ᠭᠠᠵᠠᠷ ᠣᠷᠣᠨ ᠤ ᠳᠤᠮᠳᠠ | ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠶᠢ ᠯᠠᠪᠳᠠᠭᠤᠨ ᠢᠶᠠᠷ | ᠠᠬᠢᠭᠤᠯᠤᠨ᠎ᠠ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠦᠷᠢᠨᠰᠢᠭᠦᠯᠦᠨ᠎ᠡ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠬᠠᠨᠳᠤᠰᠢ ᠪᠣᠯᠣᠨ ᠭᠡᠷ | ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ | ᠬᠤᠪᠢᠷᠠᠯᠲᠠ ᠳᠤ ᠵᠣᠬᠢᠴᠠᠭᠤᠯᠤᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ | ᠵᠠᠭᠪᠤᠷ ᠢ ᠲᠦᠷᠭᠡᠯᠡᠨ ᠪᠠᠶᠢᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ᠂ ᠲᠠᠸᠠᠷ ᠤᠨ ᠭᠡᠷ ᠪᠠᠶᠢᠰᠢᠩ ᠤᠨ ᠬᠤᠯᠪᠣᠭᠳᠠᠯ ᠪᠦᠬᠦᠢ ᠰᠠᠭᠤᠷᠢ | ᠴᠢᠨᠠᠷᠲᠠᠢ ᠳᠦᠷᠢᠮ ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠴᠢᠨᠠᠷᠲᠠᠢ ᠣᠷᠣᠨ | ᠰᠠᠭᠤᠴᠠ ᠶᠢᠨ ᠬᠡᠷᠡᠭᠴᠡᠭᠡ ᠪᠠ ᠤᠯᠠᠨ ᠶᠠᠩᠵᠤᠴᠢᠯᠠᠭᠰᠠᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠬᠠᠩᠭᠠᠨ᠎ᠠ᠃ ᠴᠢᠨᠠᠷ ᠰᠠᠶᠢᠲᠠᠢ ᠬᠥᠭᠵᠢᠯᠲᠡ ᠯᠦᠭᠡ ᠵᠣᠬᠢᠴᠠᠯᠳᠤᠭᠰᠠᠨ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠦᠭᠦ ᠰᠢᠰᠲ᠋ᠧᠮ ᠤᠨ ᠣᠷᠣᠨ ᠨᠤᠲᠤᠭ ᠤᠨ | ᠥᠷᠢ ᠥᠭᠴᠡᠭᠡ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠦᠨ᠂ ᠣᠷᠣᠨ ᠨᠤᠲᠤᠭ ᠤᠨ | ᠪᠡᠯᠡ ᠲᠣᠬᠢᠷᠠᠭᠤᠯᠬᠤ ᠲᠠᠪᠴᠠᠩ ᠤᠨ ᠭᠡᠯᠪᠡᠷᠢ ᠪᠠᠨ ᠬᠤᠪᠢᠷᠠᠭᠤᠯᠬᠤ ᠶᠢ ᠲᠦᠷᠦᠯ ᠬᠤᠪᠢᠶᠠᠨ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠠᠮᠤ ᠪᠤᠳᠠᠭᠠᠨ ᠤ ᠦᠢᠯᠡᠳᠪᠦᠷᠢᠯᠡᠬᠦ ᠬᠤᠳᠠᠯᠳᠤᠨ ᠠᠪᠴᠤ ᠨᠥᠭᠡᠴᠡᠯᠡᠬᠦ ᠪᠤᠯᠪᠠᠰᠤᠷᠠᠭᠤᠯᠬᠤ | ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ | ᠪᠠᠬᠢᠵᠢᠭᠦᠯᠦᠨ᠎ᠡ᠃ ᠤᠯᠤᠰ ᠤᠨ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠨᠧᠷᠭᠢ ᠶᠢᠨ | ᠰᠤᠷᠪᠤᠯᠵᠢ ᠡᠬᠢ ᠪᠠᠶᠠᠯᠢᠭ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠲᠣᠰᠣ ᠬᠡᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ ᠠᠰᠢᠭᠯᠠᠬᠤ | ᠡᠷᠴᠢᠮ ᠢ ᠴᠢᠩᠭᠠᠷᠠᠭᠤᠯᠤᠨ᠎ᠠ᠃ ᠲᠣᠮᠣ ᠤᠯᠤᠰ ᠤᠨ ᠨᠥᠭᠡᠴᠡᠯᠡᠯᠳᠡ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ | ᠭᠤᠣᠯᠳᠠᠯᠭ᠎ᠠ ᠲᠠᠢ ᠨᠥᠭᠡᠴᠡᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠣᠷ | ᠰᠦᠯᠵᠢᠶ᠎ᠡ᠂ ᠳ᠋ᠠᠶᠢᠲ᠋ᠠ ᠵᠡᠷᠭᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ | ᠪᠦᠲᠦᠮᠵᠢᠲᠡᠶ ᠬᠠᠮᠠᠭᠠᠯᠠᠵᠤ᠂ ᠤᠯᠤᠰ ᠠᠷᠠᠳ ᠤᠨ ᠠᠵᠤ ᠠᠬᠤᠢ ᠶᠢᠨ ᠰᠠᠭᠠᠳ ᠦᠭᠡᠢ ᠣᠷᠴᠢᠯ ᠢ ᠲᠤᠯᠭᠠᠭᠤᠷᠢᠯᠠᠨ᠎ᠠ | ᠃ | ︵ᠳᠣᠯᠤᠭ᠎ᠠ︶ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠴᠥᠬᠦᠷᠡᠰᠢ ᠦᠭᠡᠢ ᠰᠠᠶᠢᠲᠤᠷ | ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ | ᠠᠬᠢᠭᠤᠯᠤᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠪᠠᠨ ᠪᠠᠲᠤᠵᠢᠭᠤᠯᠵᠤ᠂ | ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ | ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ | ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠪᠠᠷ ᠶᠠᠪᠤᠭᠳᠠᠭᠤᠯᠵᠤ᠂ ᠤᠳᠠᠭᠠᠨ | ᠳᠠᠭᠠᠭᠠᠮᠠᠭᠠᠢ ᠪᠠᠷ ᠬᠦᠴᠦᠯᠡᠨ ᠴᠢᠷᠮᠠᠶᠢᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠶᠠᠪᠤᠳᠠᠯ ᠤᠨ ᠲᠠᠰᠤᠷᠠᠯᠲᠠ ᠦᠭᠡᠢ ᠮᠥᠨ ᠴᠢᠨᠠᠷ ᠤᠨ ᠠᠬᠢᠯᠲᠠ ᠲᠠᠢ ᠪᠤᠯᠬᠤ᠂ ᠱᠠᠲᠤ ᠦᠶᠡᠴᠢ ᠴᠢᠨᠠᠷᠲᠠᠢ ᠦᠷ᠎ᠡ | ᠪᠦᠲᠦᠭᠡᠯ ᠣᠯᠬᠤ ᠶᠢ ᠠᠬᠢᠭᠤᠯᠤᠨ᠎ᠠ᠃ | ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ | ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ | ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠢ ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠠᠯᠠᠪᠠᠢ | ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠶᠢ ᠠᠬᠢᠭᠤᠯᠤᠨ᠎ᠠ᠃ ᠪᠤᠭᠤᠳᠠᠢ ᠬᠤᠳᠠᠯᠳᠤᠨ | ᠠᠪᠬᠤ ᠨᠠᠭᠠᠲᠤ ᠵᠠᠬ᠎ᠠ ᠶᠢᠨ ᠦᠨ᠎ᠡ ᠶᠢ ᠵᠣᠬᠢᠰᠲᠠᠢ ᠳᠡᠭᠡᠭᠰᠢᠯᠡᠭᠦᠯᠵᠦ᠂ ᠪᠦᠭᠦ ᠤᠯᠤᠰ ᠲᠤ ᠭᠤᠷᠪᠠᠨ ᠶᠡᠭᠡ ᠭᠤᠣᠯ | ᠠᠮᠤ ᠪᠤᠳᠠᠭᠠᠨ ᠤ ᠦᠢᠯᠡᠳᠪᠦᠷᠢᠯᠡᠯ ᠤᠨ ᠥᠪᠡᠷ ᠤᠨ ᠦᠷᠲᠡᠭ ᠪᠠ ᠣᠷᠣᠯᠭ᠎ᠠ ᠶᠢᠨ ᠳᠠᠭᠠᠳᠬᠠᠯ ᠤᠨ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠲᠠᠷᠢᠳᠠᠭ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ | ᠲᠣᠭᠲᠠᠴᠠ ᠶᠢ ᠪᠦᠷᠢᠨᠰᠢᠭᠦᠯᠦᠨ᠎ᠡ᠃ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ᠃ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠥᠷᠭᠡᠳᠬᠡᠵᠦ᠂ ᠮᠠᠯ ᠠᠵᠤ ᠠᠬᠤᠢ᠂ | ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠪᠠᠶᠢᠯᠭᠠᠵᠤ᠂ ᠤᠳᠤ ᠦᠶ᠎ᠡ ᠶᠢᠨ | ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠎ᠡ᠃ ᠤᠰᠤ ᠠᠷᠪᠢᠯᠠᠬᠤ ᠲᠠᠷᠢᠶᠠᠯᠠᠩ᠂ ᠭᠠᠩ ᠬᠠᠭᠰᠠᠷᠠᠭᠠᠨ ᠳᠤ | ᠵᠣᠬᠢᠴᠠᠬᠤ ᠲᠠᠷᠢᠶᠠᠯᠠᠩ ᠤᠨ ᠬᠥᠭᠵᠢᠯᠲᠡ ᠶᠢ ᠲᠠᠮᠵᠢᠨ᠎ᠠ᠃ ᠡᠪᠡᠳᠴᠢᠨ ᠬᠤᠷᠣᠬᠠᠢ ᠶᠢᠨ ᠬᠥᠨᠥᠭᠡᠯ ᠪᠠ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠎ᠠ᠃ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ | ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠲᠡᠭᠦᠯᠳᠡᠷᠵᠢᠭᠦᠯᠵᠦ᠂ | ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠳᠤ | ᠨᠥᠬᠦᠪᠦᠷᠢ ᠣᠯᠭᠤᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠴᠥᠮ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠮᠠᠨ ᠤ ᠡᠶᠢᠮᠦ ᠨᠢᠭᠡᠨ | ᠬᠥᠮᠥᠨ ᠠᠮᠠ ᠣᠯᠠᠨᠲᠠᠢ ᠲᠣᠮᠣ ᠤᠯᠤᠰ ᠡᠷᠬᠡᠪᠰᠢ ᠲᠣᠮᠣ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ | ᠦᠵᠡᠯᠲᠡ ᠶᠢ ᠰᠠᠶᠢᠲᠤᠷ ᠦᠢᠯᠡᠳᠦᠯᠭᠡᠵᠢᠭᠦᠯᠵᠦ᠂ ᠬᠤᠭᠤᠯᠠ ᠬᠦᠨᠡᠰᠦ ᠪᠠᠨ ᠢᠮᠠᠭᠲᠠ ᠪᠡᠶ᠎ᠡ ᠳᠡᠭᠡᠨ ᠲᠦᠰᠢᠭᠯᠡᠨ | ᠰᠢᠢᠳᠪᠦᠷᠢᠯᠡᠬᠦ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠥᠴᠥᠬᠡᠨ ᠴᠦ | ᠰᠤᠯᠠᠷᠠᠭᠤᠯᠤᠯ ᠦᠭᠡᠢ ᠪᠠᠬᠢᠵᠢᠭᠦᠯᠦᠨ ᠥᠷᠭᠡᠳᠬᠡᠨ᠎ᠡ᠃ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠯᠲᠡ | ᠪᠠ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ | ᠪᠠᠶᠢᠬᠤ ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠨᠴᠠᠯᠢᠭᠲᠤ ᠳᠠᠪᠠᠭᠤᠯᠢᠭ | ᠠᠵᠤ ᠦᠢᠯᠡᠰ ᠬᠥᠭᠵᠢᠭᠦᠯᠬᠦ ᠶᠢ ᠳᠡᠮᠵᠢᠵᠦ᠂ ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠣᠯᠭᠤᠯᠲᠠ ᠶᠢᠨ | ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠠᠬᠢᠭᠤᠯᠵᠤ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ | ᠬᠠᠪᠰᠤᠷᠤᠨ ᠲᠡᠳᠬᠦᠬᠦ ᠠᠵᠢᠯ ᠢ ᠴᠢᠩᠭᠠᠳᠬᠠᠨ᠎ᠠ᠃ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ | ᠬᠠᠮᠵᠢᠯᠴᠠᠬᠤ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠬᠥᠭᠵᠢᠯᠲᠡ | ᠪᠠᠷᠤᠭᠲᠠᠢ ᠭᠠᠵᠠᠷ ᠣᠷᠣᠨ ᠢ ᠪᠠᠶᠢᠩᠭᠤ ᠶᠢᠨ ᠴᠢᠨᠠᠷᠲᠠᠢ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠨᠡᠩ ᠰᠠᠶᠢᠨ ᠪᠠᠬᠢᠵᠢᠭᠦᠯᠵᠦ᠂ ᠦᠷ᠎ᠡ | ᠪᠦᠲᠦᠮᠵᠢ ᠶᠢ ᠨᠢ ᠨᠡᠩ ᠦᠷᠭᠦᠯᠵᠢᠯᠡᠬᠦᠶᠢᠴᠡ ᠪᠣᠯᠭᠠᠨ᠎ᠠ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠬᠥᠳᠡᠭᠡ | ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠶᠠᠳᠤᠭᠠᠷ | ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠠᠭᠢᠭᠠᠳ 30 | ᠵᠢᠯ ᠤᠷᠲᠤᠳᠬᠠᠬᠤ ᠪᠦᠬᠦᠯᠢ ᠮᠤᠵᠢ ᠶᠢᠨ ᠲᠤᠷᠰᠢᠯᠲᠠ ᠶᠢ ᠡᠬᠢᠯᠡᠭᠦᠯᠦᠨ᠎ᠡ᠃ ᠬᠠᠮᠲᠤ ᠶᠢᠨ ᠥᠮᠴᠢᠯᠡᠯ ᠤᠨ ᠡᠷᠬᠡ᠂ | ᠬᠠᠮᠲᠤ ᠶᠢᠨ ᠣᠢ ᠰᠢᠭᠤᠢ ᠶᠢᠨ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ | ᠬᠤᠷᠰᠢᠶ᠎ᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠰᠢᠨ᠎ᠡ ᠭᠡᠯᠪᠡᠷᠢ ᠶᠢᠨ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠬᠤ ᠶᠢ ᠪᠣᠳᠣᠯᠬᠢᠯᠠᠨ᠂ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ | ᠪᠤᠵᠠᠭᠠᠶᠢᠷᠠᠭᠤᠯᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠠ | ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠲᠤᠰᠬᠤᠨ ᠤ ᠴᠢᠳᠠᠪᠤᠷᠢᠲᠠᠨ ᠢ ᠬᠥᠮᠥᠵᠢᠭᠦᠯᠵᠦ | ᠰᠠᠶᠢᠲᠤᠷ ᠬᠡᠷᠡᠭᠯᠡᠨ᠎ᠡ᠃ ᠬᠥᠳᠡᠭᠡ ᠲᠤᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠬᠥᠳᠡᠭᠡ ᠲᠤᠰᠬᠤᠨ ᠤ | ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠠᠨ ᠠᠬᠢᠭᠤᠯᠤᠨ᠎ᠠ᠃ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠤᠰᠤ ᠴᠠᠭᠢᠯᠭᠠᠨ ᠵᠠᠮ ᠬᠡᠢ ᠮᠡᠳᠡᠭᠡ ᠬᠤᠯᠪᠤᠭ᠎ᠠ | ᠵᠡᠷᠭᠡ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠶᠡᠭᠡ ᠪᠠᠷ ᠰᠠᠶᠢᠵᠢᠷᠠᠭᠤᠯᠤᠨ᠂ | ᠴᠠᠭᠢᠯᠭᠠᠨ ᠴᠡᠨᠡᠭᠯᠡᠬᠦ ᠱᠣᠩ᠂ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ᠂ ᠢᠯᠡᠭᠡᠯᠲᠡ ᠬᠦᠷᠭᠡᠯᠲᠡ ᠶᠢᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ | ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ | ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ ᠦᠢᠯᠡᠰ ᠡᠷᠭᠢᠯᠡᠭᠦ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠭᠤᠶᠤ ᠰᠠᠶᠢᠬᠠᠨ ᠬᠥᠳᠡᠭᠡ ᠲᠣᠰᠬᠤᠨ ᠢ | ᠪᠦᠲᠦᠭᠡᠨ ᠪᠠᠶᠢᠭᠤᠯᠤᠨ᠎ᠠ᠃ | ︵ᠨᠠᠢᠮᠠ︶ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠵᠤ᠂ ᠠᠵᠤ ᠠᠬᠤᠢ ᠶᠢᠨ ᠪᠠᠶᠢᠷᠢᠯᠠᠭᠤᠯᠤᠯᠲᠠ ᠶᠢ ᠶᠡᠭᠡ ᠪᠠᠷ ᠰᠢᠯᠢᠳᠡᠭᠵᠢᠭᠦᠯᠦᠨ᠎ᠡ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ | ᠴᠢᠨᠠᠷ ᠰᠠᠶᠢᠲᠠᠢ ᠬᠥᠭᠵᠢᠬᠦ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠤᠨ᠎ᠠ᠃ | ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠤᠨ᠎ᠠ᠃ ᠮᠠᠨ ᠤ ᠤᠯᠤᠰ ᠤᠨ ᠬᠤᠲᠠ ᠪᠠᠯᠭᠠᠰᠤᠵᠢᠯᠲᠠ ᠳᠤ ᠪᠠᠰᠠ ᠮᠠᠰᠢ ᠶᠡᠭᠡ ᠬᠥᠭᠵᠢᠯᠲᠡ | ᠳᠡᠭᠡᠭᠰᠢᠯᠡᠯᠲᠡ ᠶᠢᠨ ᠣᠷᠣᠨ ᠵᠠᠢ ᠪᠠᠶᠢᠨ᠎ᠠ᠃ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ | ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠡᠯᠧᠮᠧᠨ᠋ᠲ ᠤᠨ ᠬᠤᠣᠰ | ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ | ᠪᠠᠶᠢᠷᠢᠰᠢᠯ ᠢ ᠪᠤᠢ ᠪᠤᠯᠭᠠᠬᠤ ᠬᠡᠷᠡᠭᠲᠡᠢ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ | ᠪᠤᠯᠭᠠᠬᠤ ᠶᠢ ᠲᠦᠷᠭᠡᠳᠬᠡᠬᠦ ᠶᠠᠪᠤᠳᠠᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠷᠦᠭᠡ ᠠᠮᠠ ᠶᠢᠨ ᠲᠠᠩᠰᠠ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠬᠥᠮᠥᠨ ᠭᠠᠵᠠᠷ ᠵᠣᠭᠤᠰ︾ ᠢ ᠬᠤᠯᠪᠣᠭᠳᠠᠭᠤᠯᠬᠤ | ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠷᠦᠭᠡ ᠠᠮᠠ ᠪᠠᠨ ᠤᠷᠤᠭᠤᠯᠬᠤ ᠬᠦᠰᠡᠯ ᠲᠠᠢ ᠬᠤᠲᠠ ᠳᠤ | ᠣᠷᠣᠭᠰᠠᠨ ᠬᠥᠯᠥᠰᠦᠨ ᠠᠵᠢᠯᠴᠢᠨ ᠢ ᠬᠤᠲᠠ ᠪᠠᠯᠭᠠᠰᠤᠨ ᠳᠤ ᠡᠷᠦᠭᠡ ᠠᠮᠠ ᠶᠢ ᠨᠢ ᠣᠷᠣᠭᠤᠯᠵᠤ᠂ ᠡᠷᠦᠭᠡ ᠠᠮᠠ | ᠣᠷᠣᠭᠠᠳᠤᠢ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠡᠷᠬᠡ ᠲᠡᠭᠰᠢ ᠪᠠᠷ ᠭᠦᠷᠲᠡᠭᠦ ᠶᠢ ᠠᠬᠢᠭᠤᠯᠤᠨ᠎ᠠ᠃ ᠰᠢᠶᠠᠨ ᠤ ᠪᠦᠰᠡ ᠶᠢᠨ ᠠᠵᠤ ᠠᠬᠤᠢ ᠶᠢ | ᠪᠣᠶᠢᠵᠢᠭᠤᠯᠤᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠳᠤᠲᠠᠭᠤᠳᠠᠯ ᠢ ᠨᠥᠬᠦᠪᠦᠷᠢᠯᠡᠵᠦ᠂ ᠰᠢᠶᠠᠨ ᠤ ᠬᠤᠲᠠ ᠶᠢ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠴᠢᠬᠤᠯᠠ ᠠᠴᠢᠶᠠᠯᠠᠪᠤᠷᠢ ᠪᠣᠯᠭᠠᠨ᠎ᠠ᠃ ᠬᠤᠳᠠ ᠶᠢᠨ ᠪᠥᠭᠡᠭᠡᠨᠡᠷᠡᠯ᠂ ᠶᠡᠭᠡ ᠬᠤᠳᠠ ᠶᠢᠨ ᠴᠠᠭᠠᠷᠢᠭ ᠢᠶᠠᠷ ᠲᠦᠰᠢᠭ | ᠪᠤᠯᠭᠠᠬᠤ ᠶᠢ ᠴᠢᠬᠤᠯᠠᠴᠢᠯᠠᠵᠤ᠂ ᠲᠣᠮᠣ ᠳᠤᠮᠳᠠ ᠵᠢᠵᠢᠭ ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ | ᠴᠧᠩᠳᠦ᠋ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ᠂ ︽ | ᠡᠩ ᠤᠨ ᠦᠶ᠎ᠡ ᠪᠠ ᠪᠠᠴᠢᠮ ᠦᠶ᠎ᠡ ᠳᠤ ᠴᠥᠮ ᠬᠡᠷᠡᠭᠯᠡᠵᠦ ᠪᠤᠯᠬᠤ︾ ᠣᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠳᠣᠲᠣᠷᠠᠬᠢ ᠲᠣᠰᠬᠤᠨ ᠤ ᠥᠭᠡᠷᠡᠴᠢᠯᠡᠯᠲᠡ ᠶᠢ | ᠠᠬᠢᠭᠤᠯᠤᠨ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠲᠦᠷᠭᠡᠯᠡᠨ ᠲᠡᠭᠦᠯᠳᠡᠷᠵᠢᠭᠦᠯᠵᠦ᠂ ᠬᠠᠭᠤᠴᠢᠨ | ᠰᠠᠭᠤᠭᠠᠯᠢ ᠲᠣᠭᠤᠷᠢᠭ ᠲᠤ ᠴᠠᠭᠢᠯᠭᠠᠨ ᠱᠠᠲᠤ ᠨᠡᠮᠡᠵᠦ ᠤᠭᠰᠠᠷᠠᠬᠤ᠂ ᠲᠡᠷᠭᠡ ᠵᠣᠭᠰᠤᠭᠠᠬᠤ ᠵᠡᠷᠭᠡ ᠬᠦᠴᠢᠷ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠠᠭᠠᠳ ᠦᠭᠡᠢ ᠣᠷᠴᠢᠨ ᠲᠣᠭᠤᠷᠢᠨ᠂ ᠨᠠᠰᠤᠵᠢᠯᠳᠡ ᠳᠤ | ᠲᠣᠬᠢᠷᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ᠂ ᠣᠶᠤᠨᠴᠢ᠂ ᠤᠶᠠᠨ ᠬᠠᠳᠠᠨ ᠴᠢᠨᠠᠷᠲᠠᠢ ᠬᠤᠲᠠ ᠶᠢ ᠴᠣᠭᠴᠠᠯᠠᠨ ᠪᠠᠶᠢᠭᠤᠯᠤᠨ᠎ᠠ᠃ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠨᠢ ᠲᠠᠯ᠎ᠠ ᠪᠦᠭᠦᠨ ᠳᠤ ᠬᠥᠮᠥᠨ ᠢᠶᠠᠷ ᠦᠨᠳᠦᠰᠦ ᠪᠤᠯᠭᠠᠬᠤ ᠶᠢ ᠢᠯᠡᠷᠡᠭᠦᠯᠵᠦ | ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ | ᠤᠯᠠᠨ ᠳᠤ ᠨᠡᠩ ᠥᠨᠳᠥᠷ ᠴᠢᠨᠠᠷ ᠴᠢᠨᠰᠠᠭ᠎ᠠ ᠪᠦᠬᠦᠢ ᠠᠮᠢᠳᠤᠷᠠᠯ ᠢ ᠡᠳ᠋ᠯᠡᠭᠦᠯᠭᠦ ᠬᠡᠷᠡᠭᠲᠡᠢ᠃ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠭᠠᠵᠠᠷ | ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶᠡᠴᠢ ᠴᠣᠭᠴᠠ ᠶᠢᠨ ᠴᠢᠳᠠᠮᠵᠢ ᠶᠢᠨ | ᠪᠠᠶᠢᠷᠢ ᠲᠣᠭᠲᠠᠭᠠᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ | ᠠᠭᠤᠰᠤᠨ ᠣᠷᠣᠬᠤ ᠪᠠ ᠦᠢᠯᠡᠴᠢᠯᠡᠨ᠎ᠡ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ | ᠭᠠᠵᠠᠷ ᠣᠷᠣᠨ ᠢ ᠲᠦᠷᠭᠡᠯᠡᠨ ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ ᠤ ᠣᠳᠣᠬᠢᠴᠢᠯᠠᠯᠲᠠ ᠶᠢ | ᠲᠦᠷᠭᠡᠯᠡᠨ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠵᠡᠭᠦᠨ ᠬᠤᠶᠢᠲᠤ ᠣᠷᠣᠨ | ᠪᠣᠯᠣᠨ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ | ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ | ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠠᠵᠤ ᠠᠬᠤᠢ ᠶᠢᠨ | ᠬᠥᠭᠵᠢᠯᠲᠡ ᠶᠢᠨ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠤ | ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠡᠮᠵᠢᠨ᠎ᠠ᠃ ᠪᠡᠯᠭᠡ ᠲᠡᠮᠳᠡᠭ ᠤᠨ ᠴᠢᠨᠠᠷᠲᠠᠢ | ᠲᠥᠰᠥᠯ ᠢ ᠰᠢᠶᠦ᠋ᠩ ᠠᠨ ᠰᠢᠨ᠎ᠡ ᠲᠣᠭᠤᠷᠢᠭ ᠲᠤ ᠪᠣᠳᠠᠲᠠᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ | ᠰᠠᠶᠢᠲᠤᠷ ᠠᠳᠬᠤᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ | ᠦᠷᠭᠦᠯᠵᠢᠯᠡᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ᠂ ᠦᠨᠳᠦᠰᠦᠲᠡᠨ ᠤ ᠭᠠᠵᠠᠷ | ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠨᠢᠭᠡᠳᠦᠯᠲᠡᠢ | ᠲᠥᠯᠥᠪᠯᠡᠨ ᠠᠬᠢᠭᠤᠯᠤᠨ᠎ᠠ᠃ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠥᠷᠥᠴᠡ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠪᠡᠶᠡᠴᠢ ᠴᠣᠭᠴᠠ ᠶᠢᠨ ᠴᠢᠳᠠᠮᠵᠢᠲᠤ ᠣᠷᠣᠨ ᠢ ᠰᠢᠯᠢᠳᠡᠭᠵᠢᠭᠦᠯᠬᠦ ᠬᠡᠷᠡᠭᠵᠢᠭᠦᠯᠦᠯᠲᠡ ᠶᠢᠨ | ᠲᠥᠯᠦᠪᠵᠢᠭᠦᠯᠭᠡ ᠶᠢ ᠲᠣᠭᠲᠠᠭᠠᠵᠤ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠳᠠᠯᠠᠢ ᠲᠠᠩᠭᠢᠰ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠤᠨ᠎ᠠ᠃ | ︵ᠶᠢᠰᠦ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠣᠭᠤᠭᠠᠨ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠠᠬᠢᠭᠤᠯᠤᠨ᠎ᠠ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ | ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ᠂ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ | ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠢ ᠪᠦᠲᠦᠭᠡᠨ ᠪᠠᠶᠢᠭᠤᠯᠤᠨ᠎ᠠ᠃ | ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠠᠭᠠᠷ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠠᠬᠤᠢ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ | ᠲᠥᠯᠥᠪᠯᠡᠵᠦ᠂ ᠬᠥᠷᠥᠰᠥ ᠰᠢᠷᠣᠢ ᠶᠢᠨ ᠪᠣᠬᠢᠷᠳᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠰᠢᠨ᠎ᠡ ᠪᠣᠬᠢᠷᠲᠤᠭᠤᠯᠬᠤ ᠪᠣᠳᠠᠰ᠂ ᠰᠦᠯᠢᠶᠥᠦ ᠶᠢᠨ | ᠪᠣᠬᠢᠷᠳᠤᠯ ᠢ ᠵᠠᠰᠠᠬᠤ ᠠᠵᠢᠯ ᠢ ᠴᠢᠩᠭᠠᠳᠬᠠᠨ᠎ᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ | ᠲᠣᠭᠤᠷᠢᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠎ᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠭᠤᠷᠪᠠᠨ ᠶᠡᠭᠡ | ᠳᠠᠶᠢᠨ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠢᠬᠤᠯᠠ ᠭᠤᠣᠯ | ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠬᠠᠮᠠᠭᠠᠯᠠᠨ ᠵᠠᠰᠠᠬᠤ ᠶᠢ ᠴᠢᠩᠭᠠᠳᠬᠠᠨ᠎ᠠ᠃ ᠬᠥᠬᠡᠮᠥ᠋ᠷᠡᠨ ᠳᠤ | ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠦᠷᠭᠦᠯᠵᠢᠯᠡᠨ ᠠᠬᠢᠭᠤᠯᠤᠨ᠎ᠠ᠃ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠠᠮᠢ ᠠᠬᠤᠢ ᠶᠢᠨ | ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠪᠦᠷᠢᠨᠰᠢᠭᠦᠯᠦᠨ᠂ ᠡᠯ᠎ᠡ ᠲᠠᠯ᠎ᠠ ᠶᠢᠨ ᠬᠢᠨ ᠤ ᠠᠮᠢ ᠠᠬᠤᠢ ᠶᠢᠨ | ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ | ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠠᠵᠤ | ᠦᠢᠯᠡᠰ ᠤᠨ ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠭᠡᠯᠪᠡᠷᠢ ᠶᠢᠨ ᠨᠣᠭᠤᠭᠠᠨ ᠬᠤᠪᠢᠷᠠᠭᠤᠯᠤᠯᠲᠠ ᠶᠢ | ᠠᠬᠢᠭᠤᠯᠤᠨ᠎ᠠ᠃ ᠪᠦᠭᠦ ᠲᠠᠯ᠎ᠠ ᠪᠠᠷ ᠭᠠᠮᠨᠠᠨ ᠠᠷᠪᠢᠯᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠎ᠡ᠃ | ᠨᠣᠭᠤᠭᠠᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠪᠡᠯᠡ ᠣᠷᠤᠭᠤᠯᠤᠯᠲᠠ᠂ | ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠪᠣᠯᠣᠨ ᠬᠤᠯᠪᠣᠭᠳᠠᠯ ᠪᠦᠬᠦᠢ ᠵᠠᠬ᠎ᠠ ᠳᠡᠯᠭᠡᠭᠦᠷᠴᠢᠯᠡᠭᠰᠡᠨ | ᠲᠣᠭᠲᠠᠴᠠ ᠶᠢ ᠲᠡᠭᠦᠯᠳᠡᠷᠵᠢᠭᠦᠯᠵᠦ᠂ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ | ᠬᠥᠭᠵᠢᠯᠲᠡ ᠶᠢ ᠳᠡᠮᠵᠢᠵᠦ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠵᠤ᠂ ᠨᠣᠭᠤᠭᠠᠨ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠯᠡᠨ ᠪᠤᠢ ᠪᠣᠯᠭᠠᠨ᠎ᠠ᠃ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠤᠨ ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠵᠤ᠂ ᠨᠣᠭᠤᠭᠠᠨ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠥᠨᠳᠦᠷᠯᠢᠭ ᠭᠠᠵᠠᠷ ᠢ ᠪᠤᠢ ᠪᠣᠯᠭᠠᠨ᠎ᠠ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ | ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠶᠢ | ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠤᠨ᠎ᠠ᠃ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠠᠷᠪᠠᠨ ᠶᠡᠭᠡ ᠠᠵᠢᠯᠯᠠᠭ᠎ᠠ︾ ᠶᠢ ᠯᠠᠪᠳᠠᠭᠤᠨ | ᠪᠠᠲᠤᠲᠠᠢ ᠥᠷᠨᠢᠭᠦᠯᠦᠨ᠎ᠡ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠦᠷᠢᠳᠬᠡᠬᠦ | ᠬᠢᠨᠠᠨ ᠪᠤᠳᠤᠬᠤ ᠬᠠᠷᠭᠤᠭᠤᠯᠤᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠨᠡᠭᠦᠷᠡᠰᠦᠲᠥ᠋ᠷᠥᠭᠴᠢ ᠶᠢᠨ ᠤᠯᠠ | ᠮᠥᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ | ᠳᠡᠯᠭᠡᠭᠦᠷ ᠤᠨ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠡᠨᠧᠷᠭᠢ ᠶᠢᠨ ᠰᠤᠷᠪᠤᠯᠵᠢ ᠶᠢᠨ | ᠬᠤᠪᠢᠰᠬᠠᠯ ᠢ ᠭᠦᠨᠵᠡᠭᠡᠢ ᠠᠬᠢᠭᠤᠯᠵᠤ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠬᠢᠵᠠᠭᠠᠷᠯᠠᠵᠤ᠂ | ᠰᠢᠨ᠎ᠡ ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠠᠯᠬᠢᠨ ᠬᠦᠴᠦᠨ | ᠪᠠ ᠭᠡᠷᠡᠯ ᠢᠶᠠᠷ ᠴᠠᠭᠢᠯᠭᠠᠨ ᠭᠠᠷᠭᠠᠬᠤ ᠲᠣᠮᠣ ᠭᠡᠯᠪᠡᠷᠢ ᠶᠢᠨ ᠰᠠᠭᠤᠷᠢᠨ ᠭᠠᠵᠠᠷ ᠪᠣᠯᠣᠨ ᠭᠠᠳᠠᠭᠰᠢ ᠬᠦᠷᠭᠡᠬᠦ ᠵᠠᠮ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠬᠠᠮᠠᠯ ᠮᠠᠶ᠋ᠢᠭ ᠤᠨ ᠡᠨᠧᠷᠭᠢ ᠶᠢᠨ ᠰᠤᠷᠪᠤᠯᠵᠢ ᠶᠢᠨ ᠨᠡᠭᠡᠭᠡᠨ | ᠬᠥᠭᠵᠢᠭᠦᠯᠦᠯᠲᠡ ᠠᠰᠢᠭᠯᠠᠯᠲᠠ ᠶᠢ ᠠᠬᠢᠭᠤᠯᠵᠤ᠂ ᠴᠠᠭᠢᠯᠭᠠᠨ ᠲᠣᠣᠷ ᠤᠨ ᠡᠨᠧᠷᠭᠢ ᠶᠢ ᠴᠡᠪᠡᠷᠰᠢᠭᠦᠯᠬᠦ ᠶᠢ ᠭᠥᠯᠢᠶᠡᠨ | ᠠᠪᠬᠤ᠂ ᠲᠣᠬᠢᠷᠠᠭᠤᠯᠬᠤ ᠪᠠ ᠡᠵᠡᠮᠳᠡᠬᠦ ᠴᠢᠳᠠᠪᠤᠷᠢ ᠶᠢ ᠲᠡᠭᠡᠭᠰᠢᠯᠡᠭᠦᠯᠵᠤ᠂ ᠰᠢᠨ᠎ᠡ ᠭᠡᠯᠪᠡᠷᠢ ᠶᠢᠨ ᠨᠥᠭᠡᠴᠡ | ᠡᠨᠧᠷᠭᠢ ᠶᠢ ᠬᠥᠭᠵᠢᠭᠦᠯᠦᠨ᠂ ᠨᠣᠭᠤᠭᠠᠨ ᠴᠠᠭᠢᠯᠭᠠᠨ ᠢ ᠬᠡᠷᠡᠭᠯᠡᠬᠦ ᠪᠠ ᠣᠯᠠᠨ ᠤᠯᠤᠰ ᠤᠨ ᠬᠤᠭᠤᠷᠣᠨᠳᠤ ᠬᠠᠷᠢᠯᠴᠠᠨ | ᠮᠡᠳᠡᠷᠡᠬᠦ ᠶᠢ ᠠᠬᠢᠭᠤᠯᠵᠤ᠂ ᠨᠡᠭᠦᠷᠡᠰᠦ᠂ ᠨᠡᠭᠦᠷᠡᠰᠦᠨ ᠴᠠᠭᠢᠯᠭᠠᠨ ᠤ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ | ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠨᠧᠷᠭᠢ ᠬᠡᠷᠡᠭᠯᠡᠬᠦ ᠬᠡᠷᠡᠭᠴᠡᠭᠡ ᠶᠢ ᠦᠨᠡᠨ ᠬᠦ | ᠪᠠᠲᠤᠯᠠᠨ᠎ᠠ᠃ | ︵ᠠᠷᠪᠠ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ | ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠨ ᠵᠦᠢᠯ ᠢ ᠪᠠᠲᠤᠯᠠᠬᠤ᠂ ᠬᠢᠵᠠᠭᠠᠷ ᠱᠤᠭᠤᠮ ᠢ | ᠰᠠᠬᠢᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠪᠠ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠣᠯᠠᠨ ᠠᠷᠭ᠎ᠠ ᠬᠡᠮᠵᠢᠶ᠎ᠡ ᠶᠢ ᠠᠪᠴᠤ᠂ ᠬᠠᠮᠲᠤ ᠪᠠᠷ | ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ | ᠠᠬᠢᠭᠤᠯᠵᠤ᠂ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠵᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ | ᠠᠷᠠᠳ ᠤᠨ ᠠᠮᠢᠳᠤᠷᠠᠯ ᠮᠥᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠨᠠᠩ | ᠳᠣᠪᠤᠶᠢᠯᠭᠠᠵᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠳᠤ ᠦᠵᠡᠭᠦᠯᠭᠦ ᠳᠡᠮᠵᠢᠯᠭᠡ ᠶᠢ ᠴᠢᠩᠭᠠᠳᠬᠠᠨ᠂ ᠠᠵᠢᠯ ᠣᠯᠭᠤᠯᠲᠠ ᠶᠢ | ᠠᠬᠢᠭᠤᠯᠬᠤ ᠲᠤᠰᠬᠠᠢ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠳᠬᠠᠨ᠎ᠠ᠃ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠤᠴᠠᠭᠠᠯᠲᠠ᠂ ᠲᠤᠰᠬᠠᠢ ᠵᠢᠭᠡᠯᠡᠯᠭᠡ᠂ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ | ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ | ᠪᠠᠭᠲᠠᠭᠠᠮᠵᠢ ᠪᠠᠷ ᠶᠡᠭᠡ ᠠᠵᠢᠯ ᠲᠦᠷᠦᠯ ᠠᠵᠤ ᠠᠬᠤᠶᠢᠯᠠᠯ ᠢ ᠳᠡᠮᠵᠢᠬᠦ ᠪᠠᠨ ᠴᠢᠩᠭᠠᠳᠬᠠᠨ᠎ᠠ᠃ ᠵᠢᠱᠢᠯᠲᠡ ᠪᠠᠷ ᠡᠨᠡ | ᠵᠢᠯ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢ 1170 ᠲᠦᠮᠡ ᠭᠠᠷᠤᠢ ᠬᠥᠮᠥᠨ ᠪᠤᠢ᠂ ᠵᠠᠯᠠᠭᠤᠴᠤᠳ ᠤᠨ | ᠠᠵᠢᠯ ᠣᠯᠭᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠣᠯᠵᠤ | ᠦᠢᠯᠡᠰ ᠴᠣᠭᠴᠠᠯᠠᠬᠤ ᠶᠢᠨ ᠵᠢᠯᠣᠭᠤᠳᠤᠯᠭ᠎ᠠ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ᠃ ᠴᠡᠷᠢᠭ ᠤᠨ | ᠠᠯᠪᠠ ᠠᠴᠠ ᠪᠠᠭᠤᠭᠰᠠᠳ ᠲᠤ ᠠᠵᠢᠯ ᠣᠯᠭᠤᠵᠤ ᠲᠣᠬᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠥᠯᠥᠰᠦᠨ ᠠᠵᠢᠯᠴᠢᠳ ᠲᠤ ᠠᠵᠢᠯ ᠣᠯᠭᠤᠬᠤ ᠠᠵᠢᠯ ᠢ ᠢᠳᠡᠪᠬᠢᠲᠡᠢ ᠠᠬᠢᠭᠤᠯᠵᠤ᠂ ᠵᠡᠮᠳᠡᠭᠴᠦᠳ ᠵᠡᠷᠭᠡ ᠠᠵᠢᠯ | ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠨ᠎ᠠ᠃ ᠠᠮᠢᠳᠤᠯᠢᠭ ᠢᠶᠠᠷ ᠠᠵᠢᠯ ᠣᠯᠬᠤ | ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠦᠷᠦᠯ ᠬᠤᠪᠢᠶᠠᠨ ᠲᠡᠭᠦᠯᠳᠡᠷᠵᠢᠭᠦᠯᠵᠦ᠂ ᠰᠢᠨ᠎ᠡ ᠭᠡᠯᠪᠡᠷᠢ | ᠪᠠᠶᠢᠳᠠᠯ ᠢᠶᠠᠷ ᠠᠵᠢᠯ ᠣᠯᠣᠭᠰᠠᠳ ᠤᠨ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢ | ᠥᠷᠭᠡᠳᠬᠡᠨ᠎ᠡ᠃ ᠴᠢᠨᠠᠷ ᠤᠨ ᠢᠯᠭᠠᠯ᠂ ᠨᠠᠰᠤ ᠵᠢᠯ᠂ ᠰᠤᠷᠤᠯᠭ᠎ᠠ ᠶᠢᠨ ᠨᠠᠮᠲᠠᠷ ᠵᠡᠷᠭᠡ ᠠᠵᠢᠯ ᠣᠯᠭᠤᠯᠲᠠ ᠶᠢᠨ | ᠭᠠᠳᠠᠭᠤᠷᠴᠢᠯᠠᠯ ᠢ ᠡᠷᠡᠰ ᠵᠠᠯᠠᠷᠠᠭᠤᠯᠵᠤ᠂ ᠬᠥᠯᠥᠰᠦᠨ ᠠᠵᠢᠯᠴᠢᠳ ᠤᠨ ᠴᠠᠯᠢᠩ ᠢ ᠥᠭᠬᠦ ᠶᠢ ᠪᠠᠲᠤᠯᠠᠵᠤ᠂ | ᠭᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠲᠡᠷᠢᠭᠦᠨ ᠤ ᠦᠢᠯᠡᠳᠬᠦ ᠦᠢᠯᠡᠰ᠂ | ᠣᠲᠣ ᠦᠶ᠎ᠡ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠬᠠᠷᠠᠭᠠᠯᠵᠠᠯ ᠵᠡᠷᠭᠡ ᠬᠦᠷᠢᠶᠡᠨ ᠳᠠᠬᠢ ᠴᠢᠳᠠᠪᠤᠷᠢᠲᠠᠨ ᠤ | ᠬᠡᠷᠡᠭᠴᠡᠭᠡ ᠳᠤ ᠵᠣᠬᠢᠴᠠᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ | ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠳᠤᠮᠳᠠ | ᠵᠡᠷᠭᠡ ᠶᠢᠨ ᠣᠷᠣᠯᠭ᠎ᠠ ᠲᠠᠢ ᠬᠠᠮᠲᠤᠯᠢᠭ ᠤᠨ ᠬᠡᠪᠴᠢᠶ᠎ᠡ ᠶᠢ ᠥᠷᠭᠡᠳᠬᠡᠵᠦ᠂ ᠣᠷᠣᠯᠭ᠎ᠠ ᠪᠠᠭᠠᠲᠠᠢ ᠬᠠᠮᠲᠤᠯᠢᠭ ᠤᠨ | ᠣᠷᠣᠯᠭ᠎ᠠ ᠶᠢ ᠨᠡᠮᠡᠭᠳᠡᠭᠦᠯᠬᠦ ᠶᠢ ᠴᠢᠷᠮᠠᠶᠢᠨ ᠠᠬᠢᠭᠤᠯᠤᠨ᠎ᠠ᠃ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠰᠠᠭᠤᠭᠠᠯᠢ | ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠦᠨ᠎ᠡ᠃ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢ | ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠡᠮᠨᠡᠯᠭᠡ ᠶᠢᠨ ᠦᠨᠳᠦᠰᠦᠨ ᠳᠠᠭᠠᠳᠬᠠᠯ ᠢ | ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠵᠤ᠂ ᠤᠯᠤᠰ ᠠᠴᠠ ᠡᠮ ᠤᠨ ᠵᠦᠢᠯᠡᠰ ᠢ | ᠲᠥᠪᠯᠡᠷᠡᠭᠦᠯᠦᠨ ᠬᠤᠳᠠᠯᠳᠤᠨ ᠠᠪᠬᠤ ᠳᠦᠷᠢᠮ ᠢ ᠲᠡᠭᠦᠯᠳᠡᠷᠵᠢᠭᠦᠯᠦᠨ᠂ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠬᠡᠷᠡᠭᠯᠡᠯᠲᠡ ᠶᠢ ᠪᠠᠶᠢᠩᠭᠤ ᠶᠢᠨ ᠴᠢᠨᠠᠷᠲᠠᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠣᠨᠳᠣᠣ | ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠨᠠᠶᠢᠳᠠᠪᠤᠷᠢᠵᠢᠭᠤᠯᠬᠤ ᠪᠠ | ᠲᠡᠭᠦᠯᠳᠡᠷᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠪᠡᠳᠴᠢᠲᠡᠨ ᠢᠶᠠᠷ ᠭᠤᠣᠯ ᠪᠣᠯᠭᠠᠨ ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠵᠤ᠂ | ᠪᠠᠶᠢᠴᠠᠭᠠᠭᠰᠠᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠱᠠᠲᠤ | ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠲᠠᠯ᠎ᠠ ᠠᠴᠠ ᠪᠣᠳᠣᠯᠬᠢᠯᠠᠨ᠂ ᠴᠢᠨᠠᠷ ᠰᠠᠶᠢᠲᠠᠢ ᠡᠮᠴᠢᠯᠡᠭᠡᠨ ᠤ ᠡᠬᠢ | ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠬᠥᠲᠥᠯᠥᠨ ᠵᠢᠯᠤᠭᠤᠳᠴᠤ᠂ ᠰᠢᠶᠠᠨ ᠰᠢᠶᠠᠩ ᠲᠣᠰᠬᠤᠨ ᠤ | ᠡᠮᠴᠢᠯᠡᠭᠡᠨ ᠤ ᠦᠢᠯᠡᠴᠢᠯᠡᠭᠡ ᠶᠢᠨ ᠬᠠᠮᠵᠢᠯᠴᠠᠵᠤ ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂ ᠦᠨᠳᠦᠰᠦᠨ | ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠵᠢᠭ ᠡᠪᠡᠳᠴᠢᠨ᠂ ᠦᠷᠭᠦᠯᠵᠢ ᠲᠣᠬᠢᠶᠠᠯᠳᠤᠳᠠᠭ | ᠡᠪᠡᠳᠴᠢᠨ ᠳᠤ ᠬᠡᠷᠡᠭᠯᠡᠬᠦ ᠡᠮ ᠤᠨ ᠲᠥᠷᠥᠯ ᠵᠦᠢᠯ ᠢ ᠥᠷᠭᠡᠳᠬᠡᠨ᠎ᠡ᠃ ᠬᠤᠪᠣᠷ ᠲᠣᠬᠢᠶᠠᠯᠳᠤᠬᠤ ᠡᠪᠡᠳᠴᠢᠨ ᠤ | ᠰᠤᠳᠤᠯᠭᠠᠨ᠂ ᠣᠨᠣᠰᠢᠯᠠᠨ ᠡᠮᠨᠡᠬᠦ ᠦᠢᠯᠡᠴᠢᠯᠡᠭᠡ ᠪᠠ ᠡᠮ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ ᠬᠡᠦᠬᠡᠳ ᠤᠨ | ᠰᠠᠯᠠᠭ᠎ᠠ᠂ ᠨᠠᠰᠤᠲᠠᠶᠢᠴᠤᠳ ᠤᠨ ᠠᠨᠠᠭᠠᠬᠤ ᠤᠬᠠᠭᠠᠨ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ᠂ ᠡᠮᠴᠢᠯᠡᠭᠡ | ᠰᠤᠪᠢᠯᠠᠯᠲᠠ ᠵᠡᠷᠭᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠯᠡᠨ ᠨᠥᠬᠦᠪᠦᠷᠢᠯᠡᠵᠦ᠂ ᠪᠦᠭᠦ ᠰᠠᠯᠠᠭᠠᠨ ᠤ ᠡᠮᠴᠢ | ᠶᠢᠨ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ | ᠰᠢᠨᠡᠴᠢᠯᠡᠬᠦ ᠶᠢ ᠠᠬᠢᠭᠤᠯᠵᠤ᠂ ᠬᠢᠲᠠᠳ ᠡᠮᠨᠡᠯᠭᠡ ᠶᠢᠨ ᠳᠠᠪᠠᠭᠤᠯᠢᠭ ᠲᠤᠰᠬᠠᠢ ᠰᠠᠯᠠᠭᠠᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠷᠡᠭᠦᠯ ᠡᠩᠬᠡ | ᠳᠤᠮᠳᠠᠳᠤ ᠤᠯᠤᠰ ᠤᠨ ᠠᠵᠢᠯᠯᠠᠭ᠎ᠠ ᠪᠠ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ | ᠥᠷᠨᠢᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ᠃ ᠬᠥᠮᠥᠨ ᠠᠮᠠ ᠶᠢᠨ ᠨᠠᠰᠤᠵᠢᠯᠲᠠ ᠶᠢ | ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠨᠠᠭᠠᠲᠤ ᠵᠠᠬ᠎ᠠ ᠶᠢᠨ | ᠪᠠᠷᠢᠮᠵᠢᠶ᠎ᠠ ᠶᠢ 20 ᠲᠥᠭᠦᠷᠢᠭ ᠳᠡᠭᠡᠭᠰᠢᠯᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ | ᠦᠨᠳᠦᠰᠦᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠮᠥᠩᠭᠦ ᠶᠢ ᠪᠦᠭᠦ ᠤᠯᠤᠰ ᠲᠤ ᠨᠢᠭᠡᠳᠦᠯᠲᠡᠢ ᠲᠥᠯᠥᠪᠯᠡᠬᠦ ᠶᠢ ᠲᠡᠭᠦᠯᠳᠡᠷᠵᠢᠭᠦᠯᠦᠨ᠎ᠡ᠃ ᠬᠤᠪᠢ | ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠪᠦᠭᠦ ᠤᠯᠤᠰ ᠲᠤ ᠬᠡᠷᠡᠭᠵᠢᠭᠦᠯᠵᠦ᠂ | ᠭᠤᠷᠪᠠᠳᠤᠭᠠᠷ ᠲᠤᠯᠭᠠᠭᠤᠷᠢᠯᠠᠯ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ᠃ | ᠴᠡᠷᠢᠭ ᠤᠨ ᠠᠯᠪᠠ ᠠᠴᠠ ᠪᠠᠭᠤᠭᠰᠠᠳ᠂ ᠴᠡᠷᠢᠭ ᠤᠨ ᠭᠡᠷ ᠪᠦᠯᠢ ᠪᠠ ᠪᠤᠰᠤᠳ ᠠᠰᠠᠷᠠᠨ ᠬᠠᠷᠠᠭᠠᠯᠵᠠᠬᠤ | ᠡᠲᠡᠭᠡᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠬᠦ ᠡᠷᠴᠢᠮ ᠢ | ᠴᠢᠩᠭᠠᠷᠠᠭᠤᠯᠤᠨ᠎ᠠ᠃ ᠨᠠᠰᠤᠲᠠᠶᠢᠴᠤᠳ ᠤᠨ ᠬᠡᠷᠡᠭᠯᠡᠭᠡᠨ ᠤ ᠬᠡᠷᠡᠭᠰᠡᠯ ᠪᠠ ᠦᠢᠯᠡᠴᠢᠯᠡᠭᠡ ᠶᠢᠨ ᠬᠠᠩᠭᠠᠯᠭ᠎ᠠ ᠶᠢ | ᠴᠢᠩᠭᠠᠳᠬᠠᠵᠤ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠣᠷᠳᠣ ᠬᠤᠭᠤᠴᠠᠭᠠᠨ ᠤ | ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠶᠢ ᠠᠬᠢᠭᠤᠯᠤᠨ᠎ᠠ᠃ ᠦᠷᠡᠵᠢᠯ ᠢ ᠳᠡᠮᠵᠢᠬᠦ ᠲᠥᠷᠥ ᠶᠢᠨ | ᠪᠣᠳᠣᠯᠭ᠎ᠠ ᠶᠢ ᠪᠦᠷᠢᠨᠰᠢᠭᠦᠯᠦᠨ᠂ ᠦᠷᠡᠵᠢᠯ ᠤᠨ ᠠᠮᠠᠷᠠᠯᠲᠠ ᠶᠢᠨ ᠳᠦᠷᠢᠮ ᠢ ᠰᠢᠯᠢᠳᠡᠭᠵᠢᠭᠦᠯᠵᠦ᠂ ᠡᠵᠡᠩᠨᠡᠯᠲᠡ ᠶᠢᠨ | ᠪᠡᠶᠡᠴᠢ ᠴᠣᠭᠴᠠ ᠶᠢᠨ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠵᠦᠢ ᠵᠣᠬᠢᠰᠲᠠᠢ ᠬᠠᠮᠲᠤ ᠪᠠᠷ ᠡᠭᠦᠷᠭᠡᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠣᠯᠠᠨ ᠠᠷᠭ᠎ᠠ | ᠵᠠᠮ ᠢᠶᠠᠷ ᠨᠡᠮᠡᠭᠳᠡᠭᠦᠯᠦᠨ᠎ᠡ᠃ ᠭᠡᠷ ᠪᠦᠯᠢ ᠶᠢᠨ ᠲᠥᠷᠦᠵᠦ ᠥᠰᠬᠡᠬᠦ᠂ ᠥᠰᠬᠡᠨ ᠬᠥᠮᠥᠵᠢᠭᠦᠯᠬᠦ᠂ ᠰᠤᠷᠭᠠᠨ | ᠬᠥᠮᠥᠵᠢᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠪᠠ | ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ | ᠬᠢᠨ᠎ᠡ᠃ ᠵᠡᠮᠳᠡᠭᠷᠡᠬᠦ ᠶᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡ ᠶᠢ ᠴᠢᠩᠭᠠᠳᠬᠠᠵᠤ᠂ | ᠬᠦᠨᠳᠦ ᠵᠡᠮᠳᠡᠭᠴᠦᠳ ᠢ ᠨᠠᠶᠢᠳᠠᠨ ᠠᠰᠠᠷᠠᠭᠤᠯᠬᠤ ᠬᠠᠷᠠᠭᠠᠯᠵᠠᠨ ᠰᠤᠪᠢᠯᠠᠬᠤ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠳᠡᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠪᠦᠷᠢᠨᠰᠢᠭᠦᠯᠵᠦ᠂ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠪᠠ ᠣᠷᠣᠯᠭ᠎ᠠ ᠪᠠᠭᠠᠲᠠᠢ ᠬᠥᠮᠥᠨ ᠠᠮᠠ ᠶᠢ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠵᠦ᠂ ᠠᠷᠠᠳ ᠤᠨ ᠠᠮᠢᠳᠤᠷᠠᠯ ᠤᠨ ᠦᠨᠳᠦᠰᠦᠨ | ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠢᠭᠲᠠ ᠪᠥᠭᠡᠳ ᠪᠠᠬᠢ ᠰᠦᠯᠵᠢᠨ᠎ᠡ᠃ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠦᠨ᠎ᠡ᠃ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ ᠪᠠ | ᠲᠠᠩᠰᠠ ᠡᠪᠬᠡᠮᠡᠯ ᠵᠡᠷᠭᠡ ᠦᠢᠯᠡᠰ ᠢ ᠬᠥᠭᠵᠢᠭᠦᠯᠦᠨ᠎ᠡ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠤᠯᠤᠰ ᠤᠨ ᠰᠣᠶᠣᠯ ᠤᠨ ᠳ᠋ᠢᠵᠢᠲ᠋ᠠᠯᠴᠢᠯᠠᠯᠳᠠ ᠶᠢᠨ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠤᠨ᠎ᠠ᠃ ᠠᠷᠠᠳ ᠨᠡᠶᠢᠲᠡ ᠪᠠᠷ ᠢᠶᠠᠨ ᠨᠣᠮ ᠤᠩᠰᠢᠬᠤ ᠠᠵᠢᠯᠯᠠᠭ᠎ᠠ ᠶᠢ | ᠭᠦᠨᠵᠡᠭᠡᠶᠢᠷᠡᠭᠦᠯᠦᠨ᠎ᠡ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠲᠡᠭᠦᠯᠳᠡᠷᠵᠢᠭᠦᠯᠦᠨ᠂ ᠢᠳᠡᠪᠬᠢᠲᠡᠢ᠂ | ᠡᠷᠡᠭᠦᠯ᠂ ᠥᠭᠡᠳᠡᠷᠬᠡᠭ ᠴᠠᠶᠢᠯᠭᠠᠨ ᠰᠦᠯᠵᠢᠶᠡᠨ ᠤ ᠰᠣᠶᠣᠯ ᠢ ᠪᠣᠶᠢᠵᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠲᠠᠯᠠᠪᠠᠢ | ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠠ᠃ | ᠰᠣᠶᠣᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠳᠥᠷᠪᠡᠳᠦᠭᠡᠷ ᠤᠳᠠᠭᠠᠨ ᠤ ᠪᠦᠭᠦ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ | ᠵᠦᠢᠯ ᠢ ᠰᠢᠰᠲ᠋ᠧᠮᠲᠦ ᠴᠢᠨᠠᠷᠲᠠᠢ ᠪᠠᠷ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠶᠢ ᠴᠢᠩᠭᠠᠳᠬᠠᠨ᠎ᠠ᠃ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠤᠨ᠎ᠠ᠃ ᠳᠤᠮᠳᠠᠳᠤ | ᠭᠠᠳᠠᠭᠠᠳᠤ ᠶᠢᠨ ᠬᠥᠮᠥᠨ ᠨᠡᠶᠢᠭᠡᠮ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠡᠯᠡᠬᠡᠢ ᠳᠤ ᠤᠯᠠᠮᠵᠢᠯᠠᠨ | ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠤᠨ᠎ᠠ᠃ 2024 ᠣᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ | ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠡᠯᠡᠳᠬᠡᠵᠦ ᠤᠷᠤᠯᠳᠤᠭᠠᠨ ᠳᠤ ᠣᠷᠤᠯᠴᠠᠬᠤ ᠠᠵᠢᠯ ᠢ | ᠰᠠᠶᠢᠲᠤᠷ ᠬᠢᠨ᠎ᠡ᠃ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠰᠠᠶᠢᠲᠤᠷ ᠪᠦᠲᠦᠭᠡᠨ | ᠪᠠᠶᠢᠭᠤᠯᠵᠤ ᠰᠠᠶᠢᠲᠤᠷ ᠬᠡᠷᠡᠭᠯᠡᠨ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠬᠦ ᠶᠢ ᠠᠬᠢᠭᠤᠯᠤᠨ᠎ᠠ᠃ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠤᠯᠤᠰ ᠤᠨ | ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ | ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠠᠮᠤᠷ ᠲᠦᠪᠰᠢᠨ ᠤ | ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠵᠠᠰᠠᠯᠲᠠ ᠶᠢᠨ ᠵᠠᠭᠪᠤᠷ ᠢ ᠬᠡᠷᠡᠭ ᠠᠴᠠ ᠡᠮᠦᠨ᠎ᠡ ᠤᠷᠢᠳᠴᠢᠯᠠᠨ | ᠰᠡᠷᠭᠡᠶᠢᠯᠡᠬᠦ ᠲᠡᠶᠢᠰᠢ ᠭᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠪᠠ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠰᠡᠷᠭᠡᠶᠢᠯᠡᠬᠦ ᠦᠨᠳᠦᠰᠦᠨ ᠱᠠᠲᠤᠨ ᠤ ᠰᠠᠭᠤᠷᠢ ᠶᠢ | ᠬᠦᠴᠦᠯᠡᠨ ᠪᠠᠲᠤᠳᠬᠠᠵᠤ᠂ ᠪᠠᠴᠢᠮ ᠪᠠᠶᠢᠳᠠᠯ ᠢ ᠰᠡᠷᠭᠡᠶᠢᠯᠡᠬᠦ᠂ ᠠᠷᠭᠠᠴᠠᠨ ᠰᠢᠢᠳᠪᠦᠷᠢᠯᠡᠬᠦ ᠪᠠ ᠲᠤᠯᠭᠠᠭᠤᠷᠢᠯᠠᠨ | ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ | ᠰᠤᠷᠪᠤᠯᠵᠢ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠰᠠᠮᠨᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠠᠲᠤᠲᠠᠢ | ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠡᠡ᠊ᠨᠳᠡᠯ ᠭᠠᠷᠬᠤ ᠶᠢ ᠡᠷᠡᠰ ᠬᠤᠷᠢᠭᠯᠠᠨ ᠵᠣᠭᠰᠣᠭᠠᠨ᠎ᠠ᠃ | ᠦᠶᠡᠷ ᠤᠰᠤᠳᠤᠯ ᠭᠠᠩ ᠬᠠᠭᠰᠠᠷᠠᠭᠠᠨ᠂ ᠲᠠᠶᠢᠹᠧᠩ ᠰᠠᠯᠬᠢ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ᠂ | ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ ᠴᠠᠭ | ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ ᠢᠳᠡᠭᠡᠨ ᠤ ᠵᠦᠢᠯ᠂ ᠡᠮ ᠤᠨ ᠵᠦᠢᠯ᠂ ᠣᠨᠴᠠ ᠲᠥᠷᠥᠯ ᠤᠨ | ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ | ᠴᠢᠩᠭᠠᠳᠬᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ | ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠬᠥᠭᠵᠢᠬᠦ ᠶᠢ | ᠬᠥᠲᠥᠯᠥᠨ ᠵᠢᠯᠤᠭᠤᠳᠴᠤ ᠳᠡᠮᠵᠢᠨ᠎ᠡ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠢ ᠠᠬᠢᠭᠤᠯᠵᠤ᠂ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ | ᠠᠬᠢᠭᠤᠯᠵᠤ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠴᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ | ᠪᠠᠶᠢᠭᠤᠯᠤᠨ᠎ᠠ᠃ | ᠲᠥᠯᠥᠭᠡᠯᠡᠭᠴᠢᠳ ᠠ᠋︕ | ᠰᠢᠨ᠎ᠡ ᠠᠶᠠᠨ ᠵᠠᠮ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ | ᠰᠢᠨ᠎ᠡ ᠱᠠᠭᠠᠷᠳᠠᠯᠭ᠎ᠠ ᠳᠤᠷᠠᠳᠪᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠠᠵᠢᠯᠲᠠᠳ︽ | ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ | ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ | ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠪᠦᠭᠦ | ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ | ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠤᠯᠭᠠᠬᠤ᠂ ᠠᠷᠠᠳ ᠲᠦᠮᠡᠨ ᠳᠤ ᠪᠤᠶᠠᠨ ᠦᠢᠯᠡᠳᠬᠦ ᠶᠢ | ᠬᠠᠮᠤᠭ ᠤᠨ ᠴᠢᠬᠤᠯᠠ ᠵᠠᠰᠠᠭ ᠤᠨ ᠠᠵᠢᠯ ᠤᠨ ᠠᠮᠵᠢᠯᠲᠠ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ | ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠬᠦ ᠭᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ | ᠪᠦᠲᠦᠭᠡᠨ ᠪᠠᠶᠢᠭᠤᠯᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠰᠠᠶᠢᠲᠤᠷ | ᠭᠦᠢᠴᠡᠳᠬᠡᠬᠦ ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠎ᠠ᠃ ᠦᠨᠳᠦᠰᠦᠨ ᠬᠠᠤᠯᠢ ᠬᠠᠤᠯᠢ | ᠴᠠᠭᠠᠵᠠ ᠶᠢ ᠴᠢᠩᠭ᠎ᠠ ᠵᠢᠷᠤᠮᠯᠠᠨ᠎ᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ | ᠨᠡᠶᠢᠲᠡ ᠶᠢᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠣᠳᠣᠯᠲᠠ ᠶᠢᠨ | ᠬᠢᠨᠠᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ᠂ ᠬᠠᠤᠯᠢ ᠶᠣᠰᠣᠭᠠᠷ ᠪᠣᠳᠣᠯᠭ᠎ᠠ | ᠲᠣᠭᠲᠠᠭᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠵᠢᠮ᠎ᠡ ᠶᠣᠰᠣ ᠶᠢ ᠵᠢᠷᠤᠮᠯᠠᠨ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠲᠥᠪᠯᠡᠷᠡᠭᠦᠯᠵᠦ᠂ ᠬᠠᠤᠯᠢ ᠴᠠᠭᠠᠵᠠ ᠶᠢᠨ ᠦᠨᠳᠦᠰᠦᠯᠡᠯ ᠲᠠᠢ ᠪᠠᠶᠢᠬᠤ | ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠤᠯᠭᠠᠬᠤ ᠳᠦᠷᠢᠮ ᠢ ᠲᠡᠭᠦᠯᠳᠡᠷᠵᠢᠭᠦᠯᠦᠨ᠎ᠡ᠃ ᠬᠠᠤᠯᠢ ᠶᠢ ᠴᠢᠩᠭ᠎ᠠ | ᠵᠢᠷᠤᠮᠵᠢᠭᠤᠨ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠤᠨ᠎ᠠ᠃ ᠠᠵᠢᠯᠴᠢᠨ ᠤ ᠡᠪᠯᠡᠯ | ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ | ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠲᠠᠯ ᠢ ᠲᠥᠪ ᠪᠣᠯᠭᠠᠨ | ᠰᠠᠬᠢᠯᠭ᠎ᠠ ᠪᠠᠲᠤ ᠶᠢ ᠴᠢᠩᠳᠠᠯᠠᠬᠤ ᠪᠠ ᠢᠯᠵᠢᠷᠡᠯ ᠢ ᠡᠰᠡᠷᠭᠦᠴᠡᠬᠦ ᠶᠢ ᠰᠢᠨᠲᠠᠷᠠᠰᠢ ᠦᠭᠡᠢ ᠪᠠᠷᠢᠮᠲᠠᠯᠠᠨ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ | ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠵᠠᠰᠠᠭ ᠤᠨ ᠣᠷᠳᠣᠨ ᠤ ᠠᠵᠢᠯᠲᠠᠳ ᠬᠠᠤᠯᠢ ᠴᠠᠭᠠᠵᠠ ᠰᠠᠬᠢᠯᠭ᠎ᠠ | ᠪᠠᠲᠤ ᠶᠢ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠵᠤ᠂ ᠠᠵᠢᠯᠴᠢ ᠬᠢᠴᠢᠶᠡᠩᠭᠦᠢ ᠬᠠᠷᠢᠭᠤᠴᠠᠯᠭ᠎ᠠ ᠪᠠᠨ | ᠭᠦᠢᠴᠡᠳᠬᠡᠨ᠂ ᠴᠡᠪᠡᠷ ᠴᠢᠬᠡᠴᠢ ᠪᠠᠷ ᠠᠷᠠᠳ ᠲᠦᠮᠡᠨ ᠤ ᠲᠥᠯᠥᠭᠡ ᠠᠵᠢᠯᠯᠠᠬᠤ ᠬᠡᠷᠡᠭᠲᠡᠢ᠃ | ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠬᠤ᠂ ᠰᠠᠶᠢᠲᠤᠷ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ | ᠪᠠᠶᠢᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠭᠦᠨᠵᠡᠭᠡᠢ | ᠠᠬᠢᠭᠤᠯᠵᠤ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ | ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠵᠥᠪ ᠣᠨᠣᠪᠴᠢᠲᠠᠶ ᠰᠡᠳᠬᠢᠬᠦ ᠠᠷᠭ᠎ᠠ ᠪᠠ ᠠᠵᠢᠯᠯᠠᠬᠤ ᠠᠷᠭ᠎ᠠ ᠶᠢ | ᠪᠠᠷᠢᠮᠲᠠᠯᠠᠵᠤ᠂ ᠰᠡᠳᠬᠢᠬᠦᠢ ᠶᠢᠨ ᠲᠣᠭᠲᠠᠮᠠᠯ ᠬᠡᠪᠰᠢᠯ ᠪᠠ ᠠᠷᠭ᠎ᠠ ᠵᠠᠮ ᠳᠤ ᠲᠦᠰᠢᠭᠯᠡᠬᠦ ᠶᠢ ᠵᠣᠷᠢᠭᠲᠠᠢ ᠡᠪᠳᠡᠵᠦ᠂ | ᠬᠥᠲᠥᠯᠥᠮᠵᠢ ᠶᠢᠨ ᠴᠢᠨᠠᠷ᠂ ᠬᠥᠰᠢᠵᠦ ᠬᠥᠳᠡᠯᠭᠡᠬᠦ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠢᠳᠡᠪᠬᠢᠲᠡᠢ | ᠤᠬᠠᠭᠠᠯᠠᠨ ᠲᠥᠯᠥᠪᠯᠡᠵᠦ ᠰᠠᠶᠢᠲᠤᠷ ᠬᠡᠷᠡᠭᠯᠡᠨ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠲᠡᠷᠡ | ᠶᠣᠰᠣᠭᠠᠷ ᠨᠢ᠂ ᠱᠠᠯᠠᠮᠠᠭᠠᠢ ᠰᠢᠭᠤᠷᠬᠠᠢ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠭᠢᠮᠯᠡᠭᠦ᠂ ᠵᠣᠷᠢᠭᠲᠠᠢ ᠬᠢᠵᠦ | ᠴᠢᠳᠠᠮᠠᠭᠠᠢ ᠠᠵᠢᠯᠯᠠᠬᠤ ᠶᠢ ᠦᠨᠡᠨ ᠬᠦ ᠪᠡᠶᠡᠯᠡᠭᠦᠯᠵᠦ᠂ ᠡᠴᠦᠰ ᠤᠨ ᠦᠷ᠎ᠡ ᠪᠦᠲᠦᠮᠵᠢ ᠶᠢ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠵᠣᠷᠢᠯᠲᠠ ᠳᠤ ᠨᠡᠶᠢᠴᠡᠭᠦᠯᠬᠦ᠂ ᠠᠷᠠᠳ ᠤᠯᠠᠨ ᠤ ᠬᠦᠰᠡᠯ ᠡᠷᠡᠮᠡᠯᠵᠡᠯ ᠳᠤ | ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠦᠨ᠂ ︽ᠳᠥᠷᠪᠡ ᠶᠢ ᠦᠨᠳᠦᠰᠦᠨ ᠱᠠᠲᠤᠨ ᠳᠤ | ᠪᠠᠭᠤᠯᠭᠠᠬᠤ︾ ᠳᠦᠷᠢᠮ ᠢ ᠨᠠᠶᠢᠳᠠᠪᠤᠷᠢᠵᠢᠭᠤᠯᠤᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ | ᠲᠦᠷᠭᠡᠳᠬᠡᠨ᠎ᠡ᠃ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠶᠢ ᠠᠬᠢᠭᠤᠯᠬᠤ ᠪᠠᠷ | ᠬᠥᠲᠥᠯᠥᠮᠵᠢ ᠪᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠂ ᠪᠢᠴᠢᠭ ᠮᠠᠲ᠋ᠧᠷᠢᠶᠠᠯ ᠪᠠ ᠬᠤᠷᠠᠯ ᠢ ᠤᠯᠠᠮ | ᠨᠢᠭᠡ ᠠᠯᠬᠤᠮ ᠴᠣᠮᠬᠠᠳᠬᠠᠵᠤ᠂ ᠰᠢᠪᠠᠳᠠᠨ ᠪᠠᠶᠢᠴᠠᠭᠠᠯᠲᠠ ᠪᠠᠶᠢᠴᠠᠭᠠᠯᠲᠠ ᠬᠢᠨᠠᠨ ᠰᠢᠯᠭᠠᠯᠲᠠ ᠶᠢ ᠲᠡᠭᠦᠯᠳᠡᠷᠵᠢᠭᠦᠯᠵᠦ | ᠂ ᠦᠨᠳᠦᠰᠦᠨ ᠱᠠᠲᠤ ᠪᠠ ᠠᠵᠤ ᠠᠬᠤᠶᠢᠯᠠᠯ ᠤᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠦᠨ᠎ᠡ᠃ ︽ | ᠭᠤᠷᠪᠠ ᠶᠢ ᠢᠯᠭᠠᠵᠤ ᠦᠵᠡᠬᠦ︾ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ | ᠴᠢᠷᠮᠠᠶᠢᠨ ᠠᠵᠢᠯᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠥᠷᠭᠡᠨ ᠣᠯᠠᠨ ᠺᠠᠳ᠋ᠷᠴᠤᠳ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠬᠤ ᠶᠢᠨ ᠬᠠᠮᠲᠤ ᠡᠭᠦᠨ ᠢ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ | ᠪᠠᠶᠢᠬᠤ︾ ᠠᠵᠢᠯᠯᠠᠭᠠᠨ ᠤ ᠴᠢᠳᠠᠪᠤᠷᠢ ᠪᠣᠯᠭᠠᠨ ᠦᠨᠡᠨ ᠬᠦ ᠬᠤᠪᠢᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ | ᠴᠤᠭ ᠰᠦᠯᠳᠡ ᠪᠠᠨ ᠪᠠᠳᠠᠷᠠᠭᠤᠯᠵᠤ᠂ ᠦᠨᠡᠨ ᠬᠦ ᠠᠳᠬᠤᠨ ᠪᠣᠳᠠᠲᠠᠢ ᠪᠠᠷ ᠬᠢᠵᠦ᠂ ᠰᠢᠷᠭᠠᠭᠤ ᠬᠠᠲᠠᠭᠤᠵᠢᠯᠲᠠᠢ | ᠠᠵᠢᠯᠯᠠᠵᠤ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠨ᠂ ᠴᠠᠭ ᠦᠶ᠎ᠡ ᠪᠠ ᠠᠷᠠᠳ ᠲᠦᠮᠡᠨ ᠳᠤ ᠦᠯᠦ ᠣᠰᠣᠯᠳᠠᠬᠤ | ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ | ᠲᠥᠯᠥᠭᠡᠯᠡᠭᠴᠢᠳ ᠠ᠋︕ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ | ᠭᠤᠣᠯ ᠰᠢᠵᠢᠮ ᠪᠤᠯᠭᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ | ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠠᠯᠬᠤᠴᠠ ᠪᠠᠨ ᠲᠦᠷᠭᠡᠳᠬᠡᠬᠦ ᠶᠢ ᠠᠬᠢᠭᠤᠯᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ | ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ | ᠤᠯᠤᠰᠴᠢᠯᠠᠯᠲᠠ ᠶᠢ ᠭᠦᠨᠵᠡᠭᠡᠢ ᠠᠬᠢᠭᠤᠯᠵᠤ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ | ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠪᠠ ᠤᠯᠤᠰ ᠲᠠᠭᠠᠨ | ᠪᠤᠴᠠᠵᠤ ᠢᠷᠡᠭᠰᠡᠨ ᠬᠠᠷᠢᠶᠠᠲᠤ ᠨᠠᠷ ᠪᠣᠯᠣᠨ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠬᠠᠮᠲᠤ ᠪᠠᠷ ᠴᠢᠷᠮᠠᠶᠢᠨ ᠵᠢᠳᠬᠦᠬᠦ ᠰᠦᠷ ᠳᠠᠯᠠᠶᠢᠴᠠᠲᠠᠢ | ᠬᠦᠴᠦᠨ ᠴᠢᠳᠠᠯ ᠢ ᠨᠢᠭᠲᠠᠷᠠᠭᠤᠯᠤᠨ᠎ᠠ᠃ | ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ | ᠪᠠᠶᠢᠭᠤᠯᠤᠯᠲᠠ ᠰᠢᠨ᠎ᠡ ᠠᠮᠵᠢᠯᠲᠠ ᠪᠦᠲᠦᠮᠵᠢ ᠪᠠ ᠲᠠᠪᠰᠢᠯᠳᠠ ᠲᠠᠢ ᠪᠣᠯᠵᠤ᠂ ᠠᠷᠠᠳ ᠤᠨ ᠴᠡᠷᠢᠭ ᠠᠩᠭᠢ | ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠠᠮᠵᠢᠯᠲᠠ ᠲᠠᠢ ᠪᠡᠶᠡᠯᠡᠭᠦᠯᠪᠡ᠃ ᠰᠢᠨ᠎ᠡ ᠨᠢᠭᠡ ᠵᠢᠯ ᠳᠤ᠂ ᠰᠢ | ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠰᠢᠨ᠎ᠡ ᠴᠠᠭ | ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ | ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠳᠦᠷᠢᠮ ᠢ ᠪᠦᠭᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ | ᠳᠠᠶᠢᠨ ᠢ ᠰᠠᠶᠢᠲᠤᠷ ᠬᠢᠬᠦ ᠬᠡᠷᠡᠭᠲᠡᠢ᠃ ᠴᠡᠷᠢᠭ ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ | ᠴᠢᠩᠭᠠᠳᠬᠠᠵᠤ᠂ ᠴᠡᠷᠢᠭ ᠳᠠᠶᠢᠨ ᠤ ᠲᠡᠮᠡᠴᠡᠯ ᠤᠨ ᠪᠡᠯᠡᠳᠬᠡᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠳᠠᠲᠤ | ᠳᠠᠶᠢᠨ ᠤ ᠮᠠᠶ᠋ᠢᠭ ᠤᠨ ᠴᠡᠷᠢᠭ ᠤᠨ ᠰᠤᠷᠭᠠᠭᠤᠯᠢᠯᠠᠯ ᠢ ᠰᠠᠶᠢᠲᠤᠷ ᠠᠳᠬᠤᠵᠤ᠂ ᠤᠯᠤᠰ ᠤᠨ ᠡᠷᠬᠡ ᠮᠡᠳᠡᠯ᠂ ᠠᠮᠤᠷ | ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ᠃ ᠣᠳᠣ ᠦᠶ᠎ᠡ ᠶᠢᠨ ᠴᠡᠷᠢᠭ ᠤᠨ | ᠶᠠᠪᠤᠳᠠᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠰᠠᠶᠢᠲᠤᠷ ᠠᠳᠬᠤᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ | ᠬᠡᠷᠡᠭᠵᠢᠭᠦᠯᠦᠨ᠎ᠡ᠃ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ | ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ︽ᠬᠤᠶᠠᠷ ᠢ | ᠬᠦᠷᠢᠶᠡᠯᠡᠬᠦ︾ ᠠᠵᠢᠯ ᠢ ᠭᠦᠨᠵᠡᠭᠡᠢ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ | ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ | ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ | ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ︽ᠡᠬᠡ | ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ | ᠵᠠᠷᠴᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠦᠨ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠲᠤᠰ ᠪᠡᠶ᠎ᠡ ᠶᠢᠨ ᠳᠠᠪᠠᠭᠤᠯᠢᠭ ᠪᠠ ᠣᠨᠴᠠᠯᠢᠭ ᠢᠶᠠᠨ ᠪᠠᠳᠠᠷᠠᠭᠤᠯᠬᠤ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠤᠯᠴᠠᠬᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠬᠤ ᠶᠢ ᠳᠡᠮᠵᠢᠵᠦ᠂ | ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃ | | ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ | ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ | ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ | ᠬᠠᠭᠠᠴᠠᠭᠤᠯᠤᠯ ᠪᠠ ᠭᠠᠳᠠᠨᠠᠬᠢ ᠶᠢᠨ ᠭᠠᠷ ᠳᠦᠷᠦᠯᠲᠡ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠢ ᠶᠢᠨ ᠬᠤᠶᠠᠷ | ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ᠂ ᠡᠬᠡ ᠤᠯᠤᠰ ᠢᠶᠠᠨ ᠨᠢᠭᠡᠳᠬᠡᠬᠦ ᠶᠡᠭᠡ | ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ | ᠲᠤᠰᠠ ᠶᠢ ᠬᠠᠮᠠᠭᠠᠯᠠᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠭᠤᠰᠤᠯᠴᠠᠨ ᠬᠥᠭᠵᠢᠬᠦ ᠶᠢ | ᠭᠦᠨᠵᠡᠭᠡᠶᠢᠷᠡᠭᠦᠯᠦᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠨ ᠠᠵᠠ ᠵᠢᠷᠭᠠᠯ ᠢ | ᠨᠡᠮᠡᠭᠳᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠰᠡᠳᠬᠢᠯ ᠨᠢᠭᠡᠳᠦᠨ ᠬᠠᠮᠲᠤ ᠪᠠᠷ | ᠴᠣᠭᠴᠠᠯᠠᠬᠤ ᠬᠡᠷᠡᠭᠲᠡᠢ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ | ᠪᠣᠳᠣᠯᠭ᠎ᠠ ᠶᠢ ᠪᠠᠷᠢᠮᠲᠠᠯᠠᠵᠤ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠡᠷᠬᠡ | ᠲᠡᠭᠰᠢ ᠪᠥᠭᠡᠳ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠤᠶᠢᠯᠰᠢᠷᠠᠯᠲᠠ ᠪᠠ ᠲᠦᠭᠡᠮᠡᠯ ᠬᠠᠷᠠᠭᠠᠯᠵᠠᠯ ᠲᠠᠢ ᠪᠥᠭᠡᠳ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠨ᠂ ᠰᠢᠨ᠎ᠡ ᠭᠡᠯᠪᠡᠷᠢ ᠶᠢᠨ ᠣᠯᠠᠨ ᠤᠯᠤᠰ ᠤᠨ | ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠡᠵᠡᠷᠬᠡᠭᠯᠡᠬᠦ ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ ᠳᠠᠷᠤᠯᠠᠬᠤ | ᠠᠵᠢᠯᠯᠠᠭ᠎ᠠ ᠶᠢ ᠡᠰᠡᠷᠭᠦᠴᠡᠵᠦ᠂ ᠤᠯᠠᠨ ᠤᠯᠤᠰ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ | ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠲᠡ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ | ᠪᠠᠳᠠᠷᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ | ᠲᠥᠯᠥᠭᠡᠯᠡᠭᠴᠢᠳ ᠠ᠋︕ | ᠬᠠᠷᠢᠭᠤᠴᠠᠯᠭ᠎ᠠ ᠶᠢᠨ ᠵᠠᠩᠭᠢᠯᠠᠭ᠎ᠠ ᠨᠢ ᠡᠭᠦᠷᠭᠡᠯᠡᠬᠦ ᠳᠤ ᠪᠠᠶᠢᠵᠤ᠂ ᠲᠡᠮᠡᠴᠡᠯ ᠢᠶᠠᠷ ᠢᠷᠡᠭᠡᠳᠦᠢ ᠶᠢ ᠡᠭᠦᠳᠦᠨ | ᠪᠦᠲᠦᠭᠡᠳᠡᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ | ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ | ᠲᠡᠮᠡᠴᠡᠵᠡᠭᠡᠶ᠎ᠡ︕ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤᠨ ᠴᠠᠭᠢᠯᠭᠠᠨ ᠮᠡᠳᠡᠭᠡ︶ | ︵ᠲᠤᠮᠳᠠᠳᠤ ᠤᠯᠤᠰ ᠤᠨ ᠦᠨᠳᠦᠰᠦᠲᠡᠨ ᠪ᠊ ᠬᠡᠯᠡᠨ ᠪ᠊ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ | | |