2024 ᠣᠨ ᠤ 1-2 ᠰᠠᠷ᠎ᠠ ᠳᠤ ᠪᠠᠭᠠᠷᠢᠨ ᠪᠠᠷᠠᠭᠤᠨ ᠬᠤᠰᠢᠭᠤᠨ ᠤ ᠠᠵᠤ ᠠᠬᠤᠶ ᠰᠠᠶᠢᠵᠢᠷᠠᠵᠤ᠂ ᠡᠬᠢᠯᠡᠯᠲᠡ ᠨᠢ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2024/3/21
     1-2 ᠰᠠᠷ᠎ᠠ ᠳᠤ᠂ ᠪᠥᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠪᠠᠨ ᠲᠣᠭᠲᠠᠭᠠᠨ᠂ ᠬᠠᠷᠠᠯᠲᠠ ᠲᠠᠢ ᠪᠠᠷ ᠬᠦᠴᠦᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠬᠥᠭᠵᠢᠯᠲᠡ ᠶᠢᠨ ᠦᠨᠳᠦᠰᠦᠨ ᠬᠥᠭ ᠠᠶᠠᠰ ᠢ ᠪᠠᠷᠢᠮᠲᠠᠯᠠᠵᠤ᠂ ᠪᠥᠬᠦ ᠬᠤᠰᠢᠭᠤᠨ ᠤ ᠠᠵᠤ ᠠᠬᠤᠶ ᠰᠡᠷᠭᠦᠨ ᠰᠠᠶᠢᠵᠢᠷᠠᠵᠤ᠂ ᠡᠬᠢᠯᠡᠯᠲᠡ ᠲᠣᠭᠲᠠᠭᠤᠨ ᠪᠠᠶᠢᠨ᠎ᠠ᠃       ᠨᠢᠭᠡ᠂ ᠠᠵᠤ ᠦᠢᠯᠡᠳᠪᠦᠷᠢ ᠶᠢᠨ ᠠᠵᠤ ᠠᠬᠤᠶ ᠪᠠᠭ᠎ᠠ ᠬᠡᠮᠵᠢᠶ᠎ᠡ ᠪᠠᠷ ᠨᠡᠮᠡᠭᠳᠡᠪᠡ       1-2 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0 . 5 %᠎ ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠭᠦᠨ ᠤ ᠶᠡᠷᠦᠩᠬᠡᠶ ᠥᠷᠲᠡᠭ 3 . 6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 . 8 %᠎ ᠪᠠᠷ ᠪᠠᠭᠤᠷᠠᠪᠠ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠦᠢᠯᠡᠳᠬᠦ ᠦᠢᠯᠡᠰ ᠤᠨ ᠦᠢᠯᠡᠳᠭᠦᠨ ᠤ ᠥᠷᠲᠡᠭ 0 . 2 ᠳ᠋ᠦᠩᠰᠢᠭᠤᠷ ᠲᠥᠭᠦᠷᠢᠭ ᠲᠤ ᠬᠦᠷᠴᠦ᠂ 4 . 9 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 1171 . 1 %᠎ ᠪᠠᠷ ᠨᠡᠮᠡᠭᠳᠡᠪᠡ︔ ᠠᠭᠤᠷᠬᠠᠶ ᠮᠠᠯᠲᠠᠬᠤ ᠦᠢᠯᠡᠰ ᠤᠨ ᠦᠢᠯᠡᠳᠭᠦᠨ ᠤ ᠥᠷᠲᠡᠭ 0 . 2 ᠳ᠋ᠦᠩᠰᠢᠭᠤᠷ ᠲᠥᠭᠦᠷᠢᠭ ᠲᠤ ᠬᠦᠷᠴᠦ᠂ 4 . 5 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 40 . 8 %᠎ ᠪᠠᠷ ᠨᠡᠮᠡᠭᠳᠡᠪᠡ︔ ᠴᠠᠬᠢᠯᠭᠠᠨ ᠬᠦᠴᠦᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠦᠢᠯᠡᠳᠭᠦᠨ ᠤ ᠥᠷᠲᠡᠭ 3 . 2 ᠳ᠋ᠦᠩᠰᠢᠭᠤᠷ ᠲᠥᠭᠦᠷᠢᠭ ᠲᠤ ᠬᠦᠷᠴᠦ᠂ 93 . 6 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 7 . 8 %᠎ ᠪᠠᠷ ᠪᠠᠭᠤᠷᠠᠪᠠ᠃       ᠬᠤᠶᠠᠷ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠪᠡ       1-2 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 86 . 5 %᠎ ᠪᠠᠷ ᠨᠡᠮᠡᠭᠳᠡᠪᠡ᠃ ᠡᠭᠦᠨ ᠳᠤ᠂ ᠲᠥᠷᠥᠯ ᠵᠦᠢᠯ ᠤᠨ ᠪᠠᠯᠠ ᠣᠷᠣᠭᠤᠯᠤᠯᠲᠠ 85 . 3 %᠎ ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 7 . 7 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 30 . 7 %᠎ ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 68 . 3 %᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 2963 . 3 %᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 24 . 0 %᠎ ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 40 . 5 %᠎ ᠪᠠᠷ ᠪᠠᠭᠤᠷᠠᠪᠠ᠃ 2 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ 6 ᠪᠠᠷᠢᠯᠭ᠎ᠠ ᠶᠢᠨ ᠲᠥᠷᠥᠯ ᠵᠦᠢᠯ ᠪᠠᠶᠢᠨ᠎ᠠ᠃       ᠭᠤᠷᠪᠠ᠂ ᠵᠠᠬ᠎ᠠ ᠳᠡᠯᠭᠡᠭᠦᠷ ᠤᠨ ᠬᠡᠷᠡᠭᠯᠡᠭᠡ ᠲᠣᠭᠲᠠᠭᠤᠨ ᠢᠶᠠᠷ ᠳᠡᠭᠡᠭᠰᠢᠯᠡᠪᠡ      1-2 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 3 . 0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 . 2 %᠎ ᠢᠶᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 2 . 0 ᠳ᠋ᠦᠩᠰᠢᠭᠤᠷ ᠲᠥᠭᠦᠷᠢᠭ ᠪᠠᠶᠢᠵᠤ᠂ 4 . 0 %᠎ ᠢᠶᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠶᠢ 1 . 0 ᠳ᠋ᠦᠩᠰᠢᠭᠤᠷ ᠲᠥᠭᠦᠷᠢᠭ ᠲᠤ ᠬᠦᠷᠭᠡᠵᠦ᠂ 4 . 5 %᠎ ᠪᠠᠷ ᠨᠡᠮᠡᠭᠳᠡᠭᠦᠯᠦᠨ᠎ᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠪᠣᠷᠣᠯᠠᠭᠤᠯᠬᠤ ᠬᠡᠮᠵᠢᠶ᠎ᠡ ᠶᠢ 2 . 7 ᠳ᠋ᠦᠩᠰᠢᠭᠤᠷ ᠲᠥᠭᠦᠷᠢᠭ ᠲᠤ ᠬᠦᠷᠭᠡᠵᠦ᠂ 3 . 9 %᠎ ᠪᠠᠷ ᠨᠡᠮᠡᠭᠳᠡᠭᠦᠯᠦᠨ᠎ᠡ︔ ᠢᠳᠡᠭᠡᠨ ᠤᠮᠳᠠᠭᠠᠨ ᠤ ᠣᠷᠣᠯᠭ᠎ᠠ 0 . 3 ᠳ᠋ᠦᠩᠰᠢᠭᠤᠷ ᠲᠥᠭᠦᠷᠢᠭ ᠲᠤ ᠬᠦᠷᠴᠦ᠂ 7 . 7 %᠎ ᠪᠠᠷ ᠨᠡᠮᠡᠭᠳᠡᠪᠡ᠃        ᠳᠥᠷᠪᠡ᠂ ᠡᠳ᠋ ᠤᠨ ᠵᠠᠰᠠᠭ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ       1-2 ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 0 . 6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16 . 7 %᠎ ᠪᠠᠷ ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ 0 . 3 ᠳ᠋ᠦᠩᠰᠢᠭᠤᠷ ᠲᠥᠭᠦᠷᠢᠭ ᠲᠤ ᠬᠦᠷᠴᠦ᠂ 31 . 9 %᠎ ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 47 . 8 %᠎ ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 0 . 3 ᠳ᠋ᠦᠩᠰᠢᠭᠤᠷ ᠲᠥᠭᠦᠷᠢᠭ ᠲᠤ ᠬᠦᠷᠴᠦ᠂ 238 . 3 %᠎ ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 52 . 2 %᠎ ᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 5 . 9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10 . 8 %᠎ ᠪᠠᠷ ᠨᠡᠮᠡᠭᠳᠡᠪᠡ᠃       ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ       2 ᠰᠠᠷ᠎ᠠ ᠶᠢᠨ ᠰᠡᠭᠦᠯᠴᠢ ᠪᠠᠷ᠂ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 104 . 2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7 . 0 % ᠨᠡᠮᠡᠭᠳᠡᠪᠡ᠃ ᠡᠭᠦᠨ ᠳᠤ ᠂ ᠰᠠᠭᠤᠭᠠᠯᠢ ᠡᠷᠦᠬᠡ ᠶᠢᠨ ᠬᠠᠳᠠᠭᠠᠯᠠᠮᠵᠢ 89 . 2 ᠳ᠋ᠦᠩᠰᠢᠭᠤᠷ ᠲᠥᠭᠦᠷᠢᠭ ᠲᠤ ᠬᠦᠷᠴᠦ᠂ 12 . 3 %᠎ ᠪᠠᠷ ᠨᠡᠮᠡᠭᠳᠡᠪᠡ᠃ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 113 . 4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14 . 7 %᠎ ᠪᠠᠷ ᠨᠡᠮᠡᠭᠳᠡᠪᠡ᠃ ᠡᠭᠦᠨ ᠳᠤ᠂ ᠰᠠᠭᠤᠭᠠᠯᠢ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 81 . 7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21 . 8 %᠎ ᠪᠠᠷ ᠨᠡᠮᠡᠭᠳᠡᠪᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ