ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠢ ᠢᠯᠡ ᠨᠡᠶᠢᠲᠡᠯᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/29
       ᠬᠤᠰᠢᠭᠤᠨ ᠤ ᠨᠠᠮ ᠤᠨ ᠬᠤᠷᠢᠶ᠎ᠠ ᠰᠤᠳᠤᠯᠬᠤ ᠪᠠᠷ ᠳᠠᠮᠵᠢᠨ᠂ ᠳᠣᠣᠷᠠᠬᠢ 7 ᠨᠡᠷ᠎ᠡ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠪᠠᠷ ᠲᠣᠭᠲᠠᠪᠠ᠃ᠨᠢᠭᠡ᠂ ᠵᠠᠷᠯᠠᠨ ᠨᠡᠶᠢᠲᠡᠯᠡᠬᠦ ᠨᠡᠷᠡᠰ     1 . ᠵᠣᠣ ᠶᠢᠩ᠂ ᠡᠮᠡᠭᠲᠡᠶ᠂ ᠬᠢᠲᠠᠳ ᠦᠨᠳᠦᠰᠦᠲᠡᠨ᠂ 1985 ᠣᠨ ᠤ 12 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠡᠷ ᠎ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠶᠠᠳᠤᠭᠠᠷ ᠳᠡᠰ ᠤᠨ ᠬᠢᠨᠠᠨ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠢ ᠡᠭᠦᠷᠭᠡᠯᠡᠵᠦ ᠪᠣᠶ᠂ ᠰᠤᠮᠤ ᠪᠠᠯᠭᠠᠰᠤᠨ ᠤ ᠵᠢᠩᠬᠢᠨᠢ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠣᠶ᠃        2 . ᠫᠠᠨ ᠴᠦᠨ ᠬᠤᠩ᠂ ᠡᠷᠡᠭᠲᠡᠶ᠂ ᠮᠠᠨᠵᠤ ᠦᠨᠳᠦᠰᠦᠲᠡᠨ᠂ 1982 ᠣᠨ ᠤ 9  ᠰᠠᠷ᠎ᠠ ᠳᠤ ᠳᠦᠷᠦᠵᠡᠶ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠰᠤᠪᠤᠷᠭ᠎ᠠ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂  ᠵᠡᠪᠰᠡᠭᠲᠦ ᠬᠦᠴᠦᠨ ᠤ ᠬᠡᠯᠲᠡᠰ ᠤᠨ ᠲᠠᠷᠤᠭ᠎ᠠ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠡᠭᠦᠷᠭᠡᠯᠡᠵᠦ ᠪᠣᠶ᠂ ᠰᠤᠮᠤ ᠪᠠᠯᠭᠠᠰᠤᠨ ᠤ ᠳᠡᠳ᠋ ᠰᠠᠯᠠᠭᠠᠨ ᠲᠠᠰ ᠤᠨ ᠤᠳᠤᠷᠢᠳᠬᠤ ᠲᠤᠰᠢᠶᠠᠯ ᠳᠤ ᠲᠤᠮᠢᠯᠠᠬᠤ ᠪᠠᠷ ᠪᠣᠶ᠃        3 . ᠵᠠᠩ ᠪᠦᠦ ᠢᠦᠶ᠂ ᠡᠷᠡᠭᠲᠡᠶ᠂ ᠬᠢᠲᠠᠳ ᠦᠨᠳᠦᠰᠦᠲᠡᠨ᠂ 1989 ᠣᠨ ᠤ 1 ᠰᠠᠷ᠎ᠠ ᠳᠤ ᠳᠦᠷᠦᠵᠡᠶ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠰᠢᠷᠠᠮᠥ᠋ᠷᠡᠨ ᠰᠤᠮᠤ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠲᠠᠷᠤᠭ᠎ᠠ᠂ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠡᠭᠦᠷᠭᠡᠯᠡᠵᠦ ᠪᠣᠶ᠂ ᠰᠤᠮᠤ ᠪᠠᠯᠭᠠᠰᠤᠨ ᠤ ᠳᠡᠳ᠋ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠳᠤ ᠲᠤᠮᠢᠯᠠᠬᠤ ᠪᠠᠷ ᠪᠣᠶ᠃        4 . ᠵᠧᠨ ᠸᠧᠶ ᠰᠢᠤᠸᠠᠨ᠂ ᠡᠷᠡᠭᠲᠡᠶ᠂ ᠬᠢᠲᠠᠳ ᠦᠨᠳᠦᠰᠦᠲᠡᠨ᠂ 1979 ᠣᠨ ᠤ 7 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠡᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠣᠷᠣᠠᠤᠰᠤ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠡᠭᠦᠷᠭᠡᠯᠡᠵᠦ ᠪᠣᠶ᠂ ᠰᠤᠮᠤ ᠪᠠᠯᠭᠠᠰᠤᠨ ᠤ ᠳᠡᠳ᠋ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠳᠤ ᠲᠤᠮᠢᠯᠠᠬᠤ ᠪᠠᠷ ᠪᠣᠶ᠃         5 . ᠮᠧᠩ ᠹᠠᠨ ᠬᠤᠩ᠂ ᠡᠮᠡᠭᠲᠡᠶ᠂ ᠬᠢᠲᠠᠳ ᠦᠨᠳᠦᠰᠦᠲᠡᠨ᠂ 1991 ᠣᠨ ᠤ 8 ᠰᠠᠷ᠎ᠠ ᠳᠤ ᠳᠦᠷᠦᠵᠡᠶ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠵᠢᠷᠭᠠᠯ ᠤᠨ ᠵᠠᠮ ᠰᠤᠮᠤᠨ ᠤ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠶ᠂ ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ ᠰᠠᠯᠠᠭᠠᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠣᠶ᠃         6 . ᠨᠢᠤ ᠶᠦᠨ ᠰᠢᠨ᠂ ᠡᠷᠡᠭᠲᠡᠶ᠂ ᠬᠢᠲᠠᠳ ᠦᠨᠳᠦᠰᠦᠲᠡᠨ᠂ 1968 ᠣᠨ ᠤ 9 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠳᠣ ᠳ᠋ᠠᠪᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠲᠠᠢ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠰᠠᠯᠠᠭᠠᠨ ᠤ ᠳᠡᠰ ᠤᠨ ᠤᠳᠤᠷᠢᠳᠬᠤ ᠲᠤᠰᠢᠶᠠᠯ ᠳᠤ ᠲᠤᠮᠢᠯᠠᠬᠤ ᠪᠠᠷ ᠪᠤᠢ᠃         7 . ᠰᠥᠩ ᡁᠢ ᠮᠢᠨ᠂ ᠡᠷᠡᠭᠲᠡᠶ᠂ ᠮᠣᠩᠭᠤᠯ ᠦᠨᠳᠦᠰᠦᠲᠡᠨ᠂ 1978 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠯᠪᠠᠨ ᠬᠡᠷ ᠤᠨ ᠳᠡᠳ᠋ ᠡᠷᠬᠢᠯᠡᠭᠴᠢ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠰᠠᠯᠠᠭᠠᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠣᠶ᠃ ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ        2024 ᠣᠨ ᠤ 3 ᠰᠠᠷ᠎ᠠ ᠶᠢᠨ 28᠎ ᠤ ᠡᠳᠦᠷ ᠠᠴᠠ 2024 ᠣᠨ ᠤ 4 ᠰᠠᠷ᠎ᠠ ᠶᠢᠨ 3᠎ ᠤ ᠡᠳᠦᠷ ᠪᠣᠯᠲᠠᠯ᠎ᠠ᠃ ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠡ ᠪᠠ ᠬᠤᠪᠢ ᠬᠥᠮᠦᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠳᠡᠭᠡᠷᠡᠬᠢ ᠢᠯᠡ ᠪᠠᠷ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠤᠨ ᠲᠤᠰᠠᠳᠠ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠬᠤ  ᠨᠢᠭᠡᠴᠡ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃       ᠢᠯᠡ ᠨᠡᠶᠢᠲᠡᠯᠡᠬᠦ ᠠᠯᠪᠠᠨ ᠬᠡᠷ ᠢ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ 511 ᠲᠠᠰᠤᠭ ᠲᠤ ᠲᠣᠬᠢᠷᠠᠭᠤᠯᠪᠠ᠃       ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30-11᠄ 30   ᠦᠳᠡ ᠶᠢᠨ ᠬᠤᠶᠢᠨ᠎ᠠ 2᠄ 30-5᠄ 30       ᠬᠦᠯᠢᠶᠡᠨ ᠠᠪᠬᠤ ᠤᠲᠠᠰᠤ᠄ ︵0476︶ 12380      ᠡᠭᠦᠨ ᠤ ᠲᠤᠯᠠ ᠣᠨᠴᠠᠭᠠᠶᠢᠯᠠᠨ ᠵᠠᠷᠯᠠᠪᠠ                             ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                                                            2024 ᠣᠨ ᠤ 3 ᠰᠠᠷ᠎ᠠ ᠶᠢᠨ 27᠎ ᠤ ᠡᠳᠦᠷ 
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ