| | | ᠳ᠋ᠠᠪᠠᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠤᠩᠬᠢᠯ ᠳᠤ ᠰᠤᠷᠤᠭᠴᠢᠳ ᠤᠨ ᠪᠠᠶᠠᠷ ᠬᠦᠷ ᠪᠢᠯᠬᠠᠵᠤ᠂ ᠡᠳᠡᠭᠡᠷ | ᠪᠠᠶᠠᠷ ᠬᠦᠷ ᠤᠨ ᠠᠷᠤ ᠳᠤ ᠤᠶᠤᠨᠽᠠᠨᠳᠠᠨ ᠪᠠᠭᠰᠢ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠰᠤᠷᠭᠠᠨ ᠬᠥᠮᠦᠵᠢᠯ ᠤᠨ ᠦᠨᠡᠨ ᠶᠣᠰᠣ ᠶᠢ ᠲᠠᠶᠢᠯᠪᠤᠷᠢᠯᠠᠵᠤ᠂ ᠦᠶ᠎ᠡ | ᠦᠶ᠎ᠡ ᠶᠢᠨ ᠰᠤᠷᠤᠭᠴᠢᠳ ᠢ ᠨᠥᠯᠥᠭᠡᠯᠡᠵᠦ ᠪᠠᠶᠢᠳᠠᠭ᠃ | ᠤᠶᠤᠨᠽᠠᠨᠳᠠᠨ ᠪᠠᠭᠰᠢ ᠶᠢᠨ ᠰᠤᠷᠭᠠᠨ ᠬᠥᠮᠦᠵᠢᠯ 39 ᠵᠢᠯ ᠤᠨ ᠡᠮᠦᠨ᠎ᠠ ᠠᠶᠢᠯ ᠪᠠᠭ᠎ᠠ ᠰᠤᠷᠭᠠᠭᠤᠯᠢ ᠠᠴᠠ ᠡᠬᠢᠯᠡᠵᠡᠢ᠂ ᠲᠡᠷᠡ ᠪᠣᠯ ᠨᠢᠭᠡᠨ ᠲᠦᠢᠯ ᠤᠨ | ᠬᠠᠲᠠᠭᠤᠵᠢᠯᠲᠠᠢ ᠴᠠᠭ ᠦᠶ᠎ᠡ ᠪᠣᠯᠤᠨ᠎ᠠ᠃ ᠡᠳᠦᠷ ᠪᠦᠷᠢ ᠡᠷᠲᠡ ᠭᠠᠷᠴᠤ ᠣᠷᠣᠢ ᠪᠤᠴᠠᠨ᠎ᠠ᠂ ᠬᠠᠬᠢᠷ ᠬᠦᠢᠲᠡᠨ ᠴᠦ ᠭᠡᠰᠡᠨ ᠦᠭᠡᠢ᠂ ᠲᠡᠷᠡ ᠪᠦᠷ ᠰᠤᠷᠭᠠᠨ | ᠬᠥᠮᠦᠵᠢᠯ ᠤᠨ ᠡᠮᠦᠨ᠎ᠡ ᠹᠷᠣᠨᠲ ᠢ ᠪᠠᠲᠤ ᠰᠠᠬᠢᠨ᠎ᠠ᠃ ᠨᠡᠩ ᠴᠤ ᠬᠥᠮᠦᠨ ᠤ ᠰᠡᠳᠬᠢᠯ ᠢ ᠬᠥᠳᠡᠯᠭᠡᠮᠡᠷ ᠤᠴᠢᠷ ᠭᠡᠪᠡᠯ᠂ ᠤᠶᠤᠨᠽᠠᠨᠳᠠᠨ ᠪᠠᠭᠰᠢ ᠤᠤᠯ ᠳᠠᠭᠠᠨ | ᠰᠤᠷᠤᠭᠴᠢ ᠢᠶᠠᠨ ᠡᠬᠦᠷᠴᠦ ᠭᠤᠣᠯ ᠭᠡᠲᠦᠯᠵᠦ᠂ ᠨᠦᠢᠲᠠᠨ ᠴᠢᠭᠢᠭ ᠲᠠᠢ ᠪᠠᠷ ᠬᠢᠴᠢᠶᠡᠯᠯᠡᠵᠦ ᠪᠠᠶᠢᠭᠰᠠᠨ ᠶᠤᠮ᠂ ᠲᠡᠭᠦᠨ ᠤ ᠡᠨᠡᠬᠦ ᠦᠷᠡᠭᠳᠡᠯ ᠨᠢ ᠡᠭᠦᠷᠭᠡ | ᠬᠠᠷᠢᠭᠤᠴᠠᠯᠭ᠎ᠠ ᠠᠴᠠ ᠪᠠᠨ ᠪᠣᠯᠤᠭᠰᠠᠨ ᠪᠢᠰᠢ᠂ ᠬᠠᠷᠢᠨ ᠪᠠᠭᠰᠢ ᠶᠢᠨ ᠠᠵᠢᠯ ᠮᠡᠷᠭᠡᠵᠢᠯ ᠳᠠᠬᠢ ᠬᠠᠯᠠᠭᠤᠨ ᠬᠠᠶᠢᠷ᠎ᠠ ᠪᠠ ᠰᠤᠷᠤᠭᠴᠢ ᠳᠠᠬᠢ ᠭᠦᠨ ᠵᠤᠵᠠᠭᠠᠨ ᠬᠠᠶᠢᠷ᠎ᠠ | ᠰᠡᠳᠬᠢᠯᠭᠡ ᠠᠴᠠ ᠪᠠᠨ ᠪᠣᠯᠤᠭᠰᠠᠨ ᠶᠤᠮ᠃ | ᠡᠭᠦᠨ ᠢᠶᠠᠷ ᠪᠠᠷᠠᠬᠤ ᠥᠬᠡᠶ᠂ ᠤᠶᠤᠨᠽᠠᠨᠳᠠᠨ ᠪᠠᠭᠰᠢ ᠪᠠᠰᠠ ᠦᠷᠭᠦᠯᠵᠢ ᠰᠤᠷᠤᠭᠴᠢᠳ ᠤᠨ ᠬᠡᠷ ᠪᠦᠯᠢ᠂ ᠢᠯᠠᠩᠭᠤᠶ᠎ᠠ ᠲᠡᠳᠡᠭᠡᠷ ᠶᠠᠳᠠᠭᠤ ᠬᠦᠴᠢᠷᠳᠡᠯᠲᠡᠶ᠂ | ᠬᠡᠷ ᠲᠡᠭᠡᠨ ᠬᠤᠴᠣᠷᠤᠭᠰᠠᠨ ᠪᠠ ᠵᠡᠮᠳᠡᠭ ᠬᠡᠦᠬᠡᠳ ᠤᠨ ᠬᠡᠷ ᠪᠦᠯᠢ ᠳᠤ ᠬᠦᠷᠴᠦ᠂ ᠲᠡᠳᠡᠨ ᠳᠤ ᠡᠳ᠋ ᠪᠣᠳᠠᠰ ᠤᠨ ᠲᠠᠯ᠎ᠠ ᠶᠢᠨ ᠬᠠᠪᠰᠤᠷᠤᠯᠭ᠎ᠠ ᠪᠠ ᠣᠶᠤᠨ | ᠰᠠᠨᠠᠭᠠᠨ ᠤ ᠲᠠᠯ᠎ᠠ ᠶᠢᠨ ᠬᠠᠯᠠᠮᠵᠢᠯᠠᠯ ᠪᠠ ᠳᠡᠮᠵᠢᠯᠭᠡ ᠦᠵᠡᠭᠦᠯᠳᠡᠭ᠃ ᠡᠶᠢᠮᠦᠷᠬᠦᠦ ᠠᠷᠭ᠎ᠠ ᠬᠡᠯᠪᠡᠷᠢ ᠪᠠᠷ ᠥᠪᠡᠷ ᠤᠨ ᠣᠯᠠᠨ ᠵᠢᠯ ᠤᠨ ᠲᠤᠷᠰᠢ ᠪᠠᠷᠢᠮᠲᠠᠯᠠᠭᠰᠠᠭᠠᠷ | ᠢᠷᠡᠭᠰᠡᠨ ᠪᠤᠶᠠᠨᠳᠤ ᠦᠢᠯᠡ ᠠᠵᠢᠯᠯᠠᠭ᠎ᠠ ᠪᠠ ᠬᠠᠶᠢᠷ᠎ᠠ ᠬᠠᠯᠠᠮᠵᠢ ᠪᠠᠨ ᠵᠠᠯᠠᠭᠤ ᠪᠠᠭ᠎ᠠ ᠨᠢᠭᠡ ᠦᠶ᠎ᠡ ᠶᠢᠨ ᠬᠢᠨ ᠳᠤ ᠳᠠᠮᠵᠢᠭᠤᠯᠵᠤ᠂ ᠲᠡᠳᠡᠨ ᠢ ᠵᠣᠷᠢᠭᠵᠢᠭᠤᠯᠤᠨ | ᠢᠳᠡᠪᠬᠢᠲᠡᠢ ᠣᠪᠣᠷ ᠢᠶᠠᠷ ᠥᠰᠬᠡᠨ ᠪᠤᠶᠢᠵᠢᠭᠤᠯᠤᠨ᠎ᠠ᠃ | ᠤᠶᠤᠨᠽᠠᠨᠳᠠᠨ ᠪᠠᠭᠰᠢ ᠶᠢᠨ ᠦᠯᠢᠭᠡᠷ ᠨᠡᠶᠢᠭᠡᠮ ᠳᠡᠭᠡᠷ᠎ᠡ ᠥᠷᠭᠡᠨ ᠢᠶᠠᠷ ᠤᠯᠠᠮᠵᠢᠯᠠᠭᠳᠠᠵᠤ᠂ ᠲᠡᠭᠦᠨ ᠤ ᠠᠮᠢᠳᠤᠷᠠᠯ ᠪᠠ ᠠᠵᠢᠯ ᠤᠨ ᠠᠷᠭ᠎ᠠ ᠮᠠᠶ᠋ᠢᠭ ᠨᠢ | ᠨᠢᠭᠡᠨᠲᠡ ᠰᠤᠷᠤᠭᠴᠢᠳ ᠤᠨ ᠰᠤᠷᠤᠯᠴᠠᠬᠤ ᠳᠠᠭᠤᠷᠢᠶᠠᠯ ᠪᠤᠯᠵᠤ᠂ ᠨᠢᠭᠡ ᠵᠤᠷᠪᠤᠰ ᠭᠡᠷᠡᠯ ᠮᠡᠲᠦ ᠪᠠᠶᠢᠵᠤ᠂ ᠰᠤᠷᠤᠭᠴᠢ ᠨᠢᠭᠡᠪᠦᠷᠢ ᠶᠢᠨ ᠤᠷᠤᠭᠰᠢᠯᠠᠬᠤ ᠵᠠᠮ ᠢ | ᠭᠡᠷᠡᠯᠳᠦᠬᠦᠯᠵᠤ᠂ ᠰᠤᠷᠭᠠᠨ ᠬᠥᠮᠦᠵᠢᠯ ᠨᠢ ᠳᠡᠯᠡᠬᠡᠢ ᠳ᠋ᠠᠬᠢᠨ ᠳᠤ ᠬᠦᠰᠡᠯ ᠡᠷᠡᠮᠡᠯᠵᠡᠯ ᠪᠠ ᠭᠡᠷᠡᠯ ᠭᠢᠯᠪᠠᠭ᠎ᠠ ᠶᠢ ᠪᠢᠳᠡᠨ ᠳᠤ ᠬᠠᠷᠠᠭᠤᠯᠵᠠᠢ᠃ |