ᠪᠠᠭᠠᠷᠢᠨ ᠪᠠᠷᠠᠭᠤᠨ ᠬᠤᠰᠢᠭᠤ᠄ ᠬᠠᠩᠰᠢ ᠶᠢᠨ ᠡᠳᠦᠷ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠣᠯᠪᠠᠰᠤᠨ ᠤ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/4/1
      ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ︽ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠢᠶᠠᠷ ᠳᠠᠬᠢᠬᠤ᠂ ᠠᠮᠤᠷ ᠠᠮᠤᠭᠤᠯᠠᠩ ᠬᠠᠩᠰᠢ ᠢ  ᠦᠩᠭᠡᠷᠡᠭᠦᠯᠬᠦ︾ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠬᠤ ᠶᠢᠨ ᠲᠥᠯᠥᠭᠡ᠂ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠳᠤ ᠂ ᠪᠢᠳᠡ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠠᠷᠠᠳ ᠲᠦᠮᠡᠨ ᠳᠤ ᠰᠠᠨᠠᠭᠠᠴᠢᠯᠠᠭ᠎ᠠ ᠭᠠᠷᠭᠠᠶ᠎ᠠ᠄       01 ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠵᠤ᠂ ᠪᠣᠯᠪᠠᠰᠤᠨ ᠢᠶᠠᠷ ᠳᠠᠬᠢᠯᠭ᠎ᠠ ᠬᠢᠬᠦ ᠶᠢ ᠰᠠᠨᠠᠭᠠᠴᠢᠯᠠᠨ᠎ᠠ᠃ ᠬᠠᠩᠰᠢ ᠶᠢᠨ ᠡᠳᠦᠷ ᠤᠨ ᠲᠠᠬᠢᠯᠭ᠎ᠠ ᠶᠢᠨ ᠭᠤᠣᠯ ᠨᠢ ᠬᠠᠶᠢᠷ᠎ᠠ ᠰᠡᠳᠬᠢᠯᠭᠡ ᠳᠤ ᠪᠤᠢ᠂ ᠦᠨᠡᠨᠴᠢ ᠰᠡᠳᠬᠢᠯ ᠳᠤ ᠪᠤᠢ᠃ ᠥᠷᠭᠡᠨ ᠣᠯᠠᠨ ᠠᠷᠠᠳ ᠲᠦᠮᠡᠨ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠰᠣᠷᠭᠤᠭ ᠴᠡᠴᠡᠭ ᠢᠶᠠᠷ ᠳᠠᠬᠢᠬᠤ᠂ ᠮᠣᠳᠣ ᠲᠠᠷᠢᠵᠤ ᠳᠤᠷᠠᠰᠬᠠᠬᠤ᠂ ᠠᠯᠤᠰ ᠠᠴᠠ ᠳᠠᠬᠢᠬᠤ᠂ ᠭᠡᠷ ᠪᠦᠯᠢ ᠶᠢᠨ ᠳᠤᠷᠠᠰᠬᠠᠯ ᠤᠨ ᠬᠤᠷᠠᠯ ᠵᠡᠷᠭᠡ ᠪᠣᠯᠪᠠᠰᠤᠨ᠂ ᠡᠷᠡᠭᠦᠯ ᠴᠢᠭᠢᠷᠠᠭ᠂ ᠪᠣᠬᠢᠷᠲᠤᠯ ᠦᠬᠡᠢ ᠳᠠᠬᠢᠯᠭ᠎ᠠ ᠶᠢᠨ ᠠᠷᠭ᠎ᠠ ᠬᠡᠯᠪᠡᠷᠢ ᠶᠢ ᠰᠣᠩᠭᠤᠵᠤ᠂ ᠡᠪᠦᠭᠡ ᠳᠡᠭᠡᠳᠦᠰ ᠢᠶᠠᠨ ᠳᠠᠬᠢᠬᠤ ᠤᠯᠠᠮᠵᠢᠯᠠᠯᠲᠤ ᠵᠠᠩ ᠳᠠᠳᠬᠠᠯ ᠪᠣᠯᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠢᠯᠡᠳᠬᠡᠵᠦ ᠂ ᠮᠤᠬᠤᠷ ᠪᠢᠰᠢᠷᠡᠯ᠂ ᠪᠤᠯᠬᠢ ᠪᠦᠳᠦᠭᠦᠯᠢᠭ ᠳᠠᠬᠢᠯᠭ᠎ᠠ ᠶᠢᠨ ᠪᠤᠯᠬᠢ ᠳᠠᠳᠬᠠᠯ ᠢᠶᠠᠨ ᠤᠬᠠᠮᠰᠠᠷ ᠠᠴᠠ ᠪᠠᠨ ᠲᠠᠶᠠᠭᠳᠠᠵᠤ᠂ ᠦᠩᠭᠡᠷᠡᠭᠰᠡᠨ ᠨᠥᠬᠦᠷ ᠢᠶᠠᠨ ᠳᠤᠷᠠᠰᠤᠨ ᠰᠠᠨᠠᠭᠠᠯᠵᠠᠬᠤ ᠰᠡᠳᠬᠢᠯᠭᠡ ᠪᠠᠨ ᠣᠶᠤᠨᠴᠢ ᠪᠠᠷ ᠢᠯᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢ ᠠᠬᠢᠭᠤᠯᠬᠤ ᠬᠡᠷᠡᠭᠲᠡᠢ᠃        02 ᠵᠠᠩ ᠳᠠᠳᠬᠠᠯ ᠢ ᠥᠭᠡᠷᠡᠴᠢᠯᠡᠬᠦ ᠶᠢ ᠦᠢᠯᠡᠳᠦᠯᠭᠡᠵᠢᠭᠦᠯᠵᠦ᠂ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠎ᠠ᠃ ᠥᠷᠭᠡᠨ ᠤᠯᠠᠨ ᠠᠷᠠᠳ ᠲᠦᠮᠡᠨ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠠᠴᠢᠯᠠᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂ ︽ᠤᠩᠭᠤᠨ ᠤ ᠡᠮᠦᠨ᠎ᠡ ᠲᠦᠮᠡᠨ ᠤᠪᠤᠭ᠎ᠠ ᠴᠠᠭᠠᠰᠤ ᠪᠠᠶᠢᠯᠭᠠᠬᠤ ᠠᠴᠠ ᠠᠮᠢᠳᠤ ᠳᠤ ᠳᠤᠨᠢ ᠨᠢᠭᠡ ᠠᠶᠠᠭ᠎ᠠ ᠰᠢᠩᠭᠡᠨ ᠪᠤᠳᠠᠭ᠎ᠠ ᠬᠦᠷᠭᠡᠬᠦ︾ ᠭᠡᠬᠦ ᠤᠢᠢᠯᠠᠭᠠᠭᠳᠠᠬᠤᠨ ᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠤᠶᠢᠲᠤᠬᠢ ᠶᠢᠨ ᠶᠠᠪᠤᠳᠠᠯ ᠢ ᠪᠤᠯᠭᠤᠮᠵᠢᠲᠠᠢ ᠪᠡᠶᠡᠯᠡᠭᠦᠯᠬᠦ ᠤᠯᠠᠮᠵᠢᠯᠠᠯ ᠢ ᠦᠷᠭᠦᠯᠵᠢᠯᠡᠭᠦᠯᠵᠦ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠵᠤ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠪᠣᠯᠪᠠᠰᠤᠨ ᠲᠠᠬᠢᠯᠭ᠎ᠠ ᠶᠢᠨ ᠲᠠᠭᠠᠭᠤᠯᠤᠬᠴᠢ ᠪᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃       03 ᠭᠠᠯ ᠢ ᠰᠡᠷᠭᠡᠶᠢᠯᠡᠬᠦ ᠦᠵᠡᠯ ᠤᠬᠠᠮᠰᠠᠷ ᠢᠶᠠᠨ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ᠎ᠠ᠃ ᠤᠢ ᠰᠢᠭᠤᠢ ᠨᠤᠲᠤᠭ ᠪᠡᠯᠴᠢᠭᠡᠷ ᠢ ᠬᠠᠮᠠᠭᠠᠯᠠᠬᠤ ᠳᠤ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠪᠠ ᠴᠢᠷᠮᠠᠶᠢᠬᠤ ᠬᠡᠷᠡᠭᠲᠡᠢ᠂ ᠥᠷᠭᠡᠨ ᠤᠯᠠᠨ ᠠᠷᠠᠳ ᠲᠦᠮᠡᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠮᠰᠠᠷ ᠢᠶᠠᠨ ᠦᠨᠡᠩᠬᠦ ᠴᠢᠩᠭᠠᠳᠬᠠᠵᠤ᠂ ᠨᠢᠳᠦ ᠪᠠᠨ ᠬᠠᠮᠠᠭᠠᠯᠠᠬᠤ ᠲᠠᠢ ᠠᠳᠠᠯᠢ ᠪᠠᠷ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ᠂ ᠠᠮᠢ ᠨᠠᠰᠤᠨ ᠳᠤ ᠬᠠᠨᠳᠤᠬᠤ ᠲᠠᠢ ᠠᠳᠠᠯᠢ ᠪᠠᠷ ᠠᠮᠢ ᠠᠬᠤᠢ ᠶᠢᠨ ᠣᠷᠴᠢᠨ ᠲᠣᠭᠤᠷᠢᠨ ᠳᠤ ᠬᠠᠨᠳᠤᠵᠤ᠂ ᠠᠭᠤᠯᠠ ᠪᠦᠬᠦᠨ ᠢ ᠰᠠᠶᠢᠲᠤᠷ ᠰᠠᠬᠢᠵᠤ᠂ ᠤᠢ ᠰᠢᠭᠤᠢ ᠪᠦᠬᠦᠨ ᠢ ᠰᠠᠶᠢᠲᠤᠷ ᠬᠠᠮᠠᠭᠠᠯᠠᠬᠤ ᠬᠡᠷᠡᠭᠲᠡᠢ᠃       04 ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠵᠤ᠂ ᠠᠮᠤᠷ ᠲᠦᠪᠰᠢᠨ ᠲᠠᠬᠢᠯᠭ᠎ᠠ ᠶᠢ ᠰᠠᠨᠠᠭᠠᠴᠢᠯᠠᠨ᠎ᠠ᠃ ᠲᠠᠬᠢᠯᠭ᠎ᠠ ᠶᠢᠨ ᠡᠮᠬᠢ ᠳᠢᠭᠯᠢᠮ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠮᠤᠷ ᠲᠦᠪᠰᠢᠨ ᠤ ᠦᠵᠡᠯ ᠤᠬᠠᠮᠰᠠᠷ ᠢ ᠨᠡᠮᠡᠭᠳᠡᠭᠦᠯᠦᠨ᠂ ᠠᠮᠤᠷ ᠲᠦᠪᠰᠢᠨ ᠤ ᠦᠵᠡᠯᠲᠡ ᠶᠢ ᠪᠤᠶ ᠪᠣᠯᠭᠠᠵᠤ᠂ ᠴᠠᠭ ᠬᠤᠭᠤᠴᠠᠭ᠎ᠠ ᠶᠢ ᠵᠦᠶ ᠵᠣᠬᠢᠰᠲᠠᠶ ᠲᠣᠬᠢᠷᠠᠭᠤᠯᠤᠨ᠂ ᠣᠷᠭᠢᠯ ᠢ ᠵᠥᠷᠢᠭᠦᠯᠦᠨ ᠲᠠᠬᠢᠯᠭ᠎ᠠ ᠬᠢᠵᠦ᠂ ᠲᠠᠬᠢᠯᠭ᠎ᠠ ᠶᠢᠨ ᠠᠵᠢᠯᠯᠠᠭ᠎ᠠ ᠶᠢᠨ ᠤᠷᠤᠭᠰᠢᠲᠠᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠭᠠᠯ ᠢ ᠰᠡᠷᠭᠡᠶᠢᠯᠡᠬᠦ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠲᠠᠬᠢᠯᠭ᠎ᠠ ᠶᠢᠨ ᠬᠡᠷᠡᠭᠰᠡᠯ ᠢ ᠰᠢᠲᠠᠭᠠᠬᠤ ᠦᠭᠡᠢ᠂ ᠫᠤᠤᠵᠢᠩ ᠲᠠᠯᠪᠢᠬᠤ ᠦᠭᠡᠢ᠂ ᠭᠠᠯ ᠤᠨ ᠠᠶᠤᠯ ᠪᠠ ᠦᠬᠦᠯ ᠰᠢᠷᠬᠠᠲᠤᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠪᠣᠯᠪᠠᠰᠤᠨ᠂ ᠪᠣᠬᠢᠷᠲᠤᠯ ᠦᠭᠡᠢ᠂ ᠠᠮᠤᠷ ᠠᠮᠤᠭᠤᠯᠠᠩ ᠬᠠᠩᠰᠢ ᠶᠢᠨ ᠡᠳᠦᠷ ᠢ ᠬᠠᠮᠲᠤ ᠪᠠᠷ ᠥᠩᠭᠡᠷᠡᠭᠦᠯᠬᠦ ᠶᠢ ᠪᠡᠶᠡᠯᠡᠭᠦᠯᠦᠨ᠎ᠡ︕        ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠤ ᠠᠩᠬᠠᠷᠬᠤ  ᠵᠦᠢᠯ᠄ 1. ᠠᠲᠠᠷ ᠬᠠᠭᠠᠯᠪᠤᠷᠢᠯᠠᠨ ᠰᠢᠲᠠᠭᠠᠬᠤ ᠥᠬᠡᠶ᠂ ᠦᠨᠡᠰᠦ ᠪᠣᠷᠲᠣᠭᠤᠷ ᠰᠢᠲᠠᠭᠠᠬᠤ ᠥᠬᠡᠶ᠂ ᠲᠠᠷᠢᠶᠠᠨ ᠳᠠᠯᠠᠩ ᠡᠪᠡᠰᠦ ᠰᠢᠲᠠᠭᠠᠬᠤ ᠥᠬᠡᠶ᠃ 2. ᠣᠩᠭᠤᠨ ᠳᠤ ᠭᠠᠷᠬᠤ ᠳᠠᠭᠠᠨ ᠴᠠᠭᠠᠰᠤ ᠰᠢᠲᠠᠭᠠᠬᠤ ᠦᠭᠡᠶ᠂ ᠬᠦᠵᠢ ᠠᠰᠠᠭᠠᠬᠤ ᠦᠭᠡᠶ᠂ ᠫᠤᠤᠵᠢᠩ ᠲᠠᠯᠪᠢᠬᠤ ᠦᠭᠡᠶ᠃ 3. ᠣᠶ ᠰᠢᠭᠤᠶ ᠨᠤᠲᠤᠭ ᠪᠡᠯᠴᠢᠭᠡᠷ ᠤᠨ ᠣᠷᠣᠨ ᠳᠤ ᠲᠠᠮᠠᠬᠢ ᠲᠠᠲᠠᠬᠤ ᠥᠬᠡᠶ᠃ 4. ᠬᠡᠭᠡᠷ᠎ᠡ ᠭᠠᠳᠠᠨ᠎ᠠ ᠵᠥᠭᠡᠶ ᠰᠢᠲᠠᠭᠠᠬᠤ ᠦᠭᠡᠶ᠂ ᠰᠢᠷᠭᠤᠯᠵᠢ ᠰᠢᠲᠠᠭᠠᠬᠤ ᠦᠭᠡᠶ᠂ ᠭᠠᠯ ᠲᠦᠯᠡᠵᠦ ᠠᠷᠢᠶᠠᠲᠠᠨ ᠢ ᠬᠥᠭᠡᠭᠡᠬᠦ ᠦᠭᠡᠶ᠃ 5. ᠭᠠᠯ ᠤᠨ ᠲᠥᠷᠥᠯ ᠪᠠ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠢ ᠠᠪᠴᠤ ᠣᠶ ᠰᠢᠭᠤᠶ ᠨᠤᠲᠤᠭ ᠪᠡᠯᠴᠢᠭᠡᠷ ᠤᠨ ᠣᠷᠣᠨ ᠳᠤ ᠣᠷᠣᠵᠤ ᠪᠣᠯᠬᠤ ᠥᠬᠡᠶ᠃ 6. ᠬᠡᠭᠡᠷ᠎ᠡ ᠭᠠᠳᠠᠨ᠎ᠠ ᠭᠠᠯ ᠲᠦᠯᠡᠵᠦ ᠳᠤᠯᠠᠭᠠᠯᠠᠬᠤ ᠦᠭᠡᠢ᠂ ᠭᠠᠯ ᠨᠣᠴᠣᠭᠠᠵᠤ ᠬᠡᠭᠡᠷ᠎ᠡ ᠬᠤᠭᠤᠯᠠᠯᠠᠵᠤ᠂ ᠺᠦᠩ ᠮᠢᠩ ᠳ᠋ᠧᠩ ᠠᠰᠠᠭᠠᠬᠤ ᠦᠭᠡᠢ᠃ 7. ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ ᠫᠠᠶᠢᠰᠠ᠂ ᠥᠩᠭᠡᠲᠦ ᠲᠤᠭ᠂ ᠰᠡᠷᠡᠮᠵᠢ ᠶᠢᠨ ᠤᠷᠢᠶ᠎ᠠ ᠨᠤᠭᠤᠳ ᠢ ᠬᠠᠮᠠᠭᠠᠯᠠᠨ᠎ᠠ᠃       ᠶᠠᠮᠠᠷᠪᠠ ᠬᠤᠪᠢ ᠬᠥᠮᠦᠨ ᠭᠡᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠦᠨ᠎ᠡ ᠲᠥᠯᠥᠪᠦᠷᠢ ᠥᠬᠡᠶ ᠪᠠᠷ ᠲᠥᠬᠦᠮ ᠦᠵᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠮᠡᠳᠡᠭᠦᠯᠬᠦ ᠥᠬᠡᠶ ᠨᠢᠭᠤᠬᠤ ᠶᠢ ᠴᠠᠭᠠᠵᠠᠯᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠢᠯᠡᠷᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ 12119 ᠤᠲᠠᠰᠤ ᠶᠢ ᠵᠠᠯᠭᠠᠭᠠᠷᠠᠶ᠃                                 ᠪᠠᠭᠠᠷᠢᠨ ᠪᠠᠷᠠᠭᠤᠨ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ                                 ᠪᠠᠭᠠᠷᠢᠨ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ ᠲᠣᠪᠴᠢᠶ᠎ᠠ                                 2024 ᠣᠨ ᠤ 3 ᠰᠠᠷ᠎ᠠ ᠶᠢᠨ 29᠎ ᠤ ᠡᠳᠦᠷ 
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ