ᠪᠠᠭᠠᠷᠢᠨ ᠪᠠᠷᠠᠭᠤᠨ ᠬᠤᠰᠢᠭᠤ᠄  ᠳ᠋ᠠᠪᠠᠨ ᠤ ᠨᠠᠨᠱᠠᠨ ᠠᠭᠤᠯᠠ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠲᠥᠷᠥᠯ ᠵᠦᠢᠯ ᠤᠨ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2024/4/24
      ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠳ᠋ᠠᠪᠠᠨ ᠪᠠᠯᠭᠠᠰᠤᠨ ᠤ ᠨᠠᠨᠱᠠᠨ ᠠᠭᠤᠯᠠ ᠶᠢᠨ ᠠᠮᠢ ᠠᠬᠤᠶ ᠶᠢᠨ ᠴᠡᠪᠡᠷ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ ᠪᠥᠲᠥᠭᠡᠨ ᠪᠠᠶᠢᠭᠤᠯᠵᠤ᠂ ᠲᠥᠷᠥᠯ ᠵᠦᠢᠯ ᠤᠨ ᠵᠠᠰᠠᠯᠲᠠ ᠶᠢᠨ ᠬᠡᠪᠴᠢᠶ᠎ᠡ 50 ᠲᠡᠭᠰᠢ ᠳᠥᠷᠪᠡᠯᠵᠢᠨ ᠺᠢᠯᠦᠮᠧᠲᠷ ᠪᠠᠶᠢᠵᠤ᠂ 2500 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠴᠤᠬᠤᠯᠠᠪᠤᠷᠢᠯᠠᠪᠠ᠃ ᠲᠣᠰ ᠲᠥᠷᠥᠯ ᠵᠦᠢᠯ ᠨᠢ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠷᠢᠶᠠᠯᠠᠭᠳᠠᠵᠤ᠂ ᠲᠥᠷᠥᠯ ᠵᠦᠢᠯ ᠤᠨ ᠲᠣᠭᠤᠷᠢᠭ ᠨᠢ ᠪᠥᠬᠦ ᠬᠤᠰᠢᠭᠤᠨ ᠤ ᠵᠢᠯ ᠲᠤᠷᠰᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠪᠴᠢᠶᠡᠨ ᠳᠤ ᠪᠣᠶ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠨᠢ ᠳ᠋ᠠᠪᠠᠨ ᠬᠤᠲᠠ ᠶᠢᠨ ᠲᠣᠭᠤᠷᠢᠭ ᠤᠨ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ᠂ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠰᠡᠯᠡᠭᠦᠴᠡᠨ ᠪᠡᠶ᠎ᠡ ᠴᠢᠭᠢᠷᠠᠭᠵᠢᠭᠤᠯᠬᠤ ᠲᠠᠯᠠᠪᠤᠷ ᠪᠣᠯᠤᠭᠰᠠᠨ ᠪᠠᠶᠢᠨ᠎ᠠ ᠃ ᠣᠶᠢᠷ᠎ᠠ ᠶᠢᠨ ᠬᠤᠭᠤᠴᠠᠭᠠᠨ ᠳᠤ᠂ ᠡᠷᠬᠢᠨ ᠲᠣᠭᠤᠷᠢᠨ ᠤ ᠭᠠᠵᠠᠷ ᠣᠷᠣᠨ ᠤ ᠮᠠᠯᠴᠢᠨ ᠲᠠᠷᠢᠶᠠᠴᠢᠨ ᠡᠷᠦᠬᠡ ᠲᠥᠷᠥᠯ ᠵᠦᠢᠯ ᠤᠨ ᠲᠣᠭᠤᠷᠢᠭ ᠲᠤ ᠦᠬᠡᠷ ᠬᠤᠨᠢ ᠶᠢ ᠬᠤᠯᠠᠭᠠᠶᠢᠯᠠᠨ ᠮᠠᠯᠵᠢᠬᠤ ᠦᠢᠯᠡ ᠠᠵᠢᠯᠯᠠᠭ᠎ᠠ ᠲᠠᠢ ᠪᠠᠶᠢᠵᠤ᠂ ᠡᠶᠢᠮᠦᠷᠬᠦ ᠦᠢᠯᠡ ᠠᠵᠢᠯᠯᠠᠭ᠎ᠠ ᠨᠢ ᠮᠣᠳᠣ ᠵᠠᠶᠢᠯᠠᠭᠰᠠᠨ ᠡᠳᠡᠭᠡᠷᠡᠯᠲᠡ ᠶᠢ ᠬᠦᠨᠳᠦ ᠨᠣᠴᠢᠲᠠᠶ ᠰᠦᠷᠳᠡᠭᠦᠯᠵᠦ᠂ ᠨᠠᠩ ᠴᠤ ᠳ᠋ᠠᠪᠠᠨ ᠤ ᠨᠠᠨᠱᠠᠨ ᠠᠭᠤᠯᠠ ᠶᠢᠨ ᠠᠮᠢ ᠠᠬᠤᠶ ᠶᠢᠨ ᠰᠡᠷᠭᠦᠭᠡᠯᠲᠡ ᠶᠢ ᠪᠡᠶᠡᠯᠡᠭᠦᠯᠬᠦ ᠳᠤ ᠪᠡᠷᠬᠡ ᠪᠣᠯᠪᠠ᠃ ᠲᠥᠷᠥᠯ ᠵᠦᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠤᠷᠲᠤ ᠬᠤᠭᠤᠴᠠᠭ᠎ᠠ ᠪᠠᠷ ᠦᠷ᠎ᠡ ᠠᠰᠢᠭ ᠢ ᠨᠢ ᠪᠠᠳᠠᠷᠠᠭᠤᠯᠤᠨ᠂ ᠨᠡᠶᠢᠬᠡᠮ ᠳᠤ ᠣᠷᠴᠢᠨ ᠲᠣᠭᠤᠷᠢᠨ ᠨᠢ ᠭᠤᠶᠣ ᠰᠠᠶᠢᠬᠠᠨ ᠳ᠋ᠠᠪᠠᠨ ᠤ ᠨᠠᠨᠱᠠᠨ ᠠᠭᠤᠯᠠ ᠶᠢ ᠪᠠᠰᠠ ᠰᠡᠷᠭᠦᠭᠡᠬᠦ ᠶᠢᠨ ᠲᠥᠯᠥᠭᠡ᠂ ᠣᠳᠣ ᠳᠣᠣᠷᠠᠬᠢ ᠮᠡᠳᠤ ᠵᠠᠷᠯᠠᠶ᠎ᠠ᠄      ᠨᠢᠭᠡ᠂ ᠳ᠋ᠠᠪᠠᠨ ᠤ ᠨᠠᠨᠱᠠᠨ ᠠᠭᠤᠯᠠ ᠶᠢᠨ ᠴᠡᠪᠡᠷ ᠵᠢᠵᠢᠭ ᠰᠠᠪᠠ ᠭᠠᠵᠠᠷ ᠤᠨ ᠲᠥᠷᠥᠯ ᠵᠦᠢᠯ ᠤᠨ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠳ᠋ᠠᠪᠠᠨ ᠪᠠᠯᠭᠠᠰᠤ ᠶᠢᠨ ᠬᠤᠷᠣᠭᠠᠴᠢᠨ ᠭᠠᠴᠠᠭ᠎ᠠ᠂ ᠶᠧᠦ ᠯᠢᠶᠠᠨ ᠲᠤᠰᠬᠤᠨ᠂ ᠬᠤᠩ ᠴᠢ ᠭᠠᠴᠠᠭ᠎ᠠ᠂ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢ ᠱᠠᠨ ᠲᠤᠰᠬᠤᠨ᠂ ᠳᠠᠷᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠷᠡᠰᠦ ᠭᠠᠴᠠᠭ᠎ᠠ ᠵᠡᠷᠭᠡ ᠭᠠᠵᠠᠷ ᠤᠷᠤᠨ ᠤ ᠤᠨᠴᠠ ᠵᠠᠷᠢᠮ ᠮᠠᠯᠴᠢᠨ ᠲᠠᠷᠢᠶᠠᠴᠢᠨ ᠡᠷᠦᠬᠡ ᠲᠦᠷᠦᠯ ᠵᠦᠢᠯ ᠤᠨ ᠲᠤᠭᠤᠷᠢᠭ ᠲᠤ ᠤᠷᠤᠵᠦ ᠮᠠᠯᠵᠢᠬᠤ ᠲᠠᠷᠢᠶᠠᠯᠠᠬᠤ ᠡᠷᠦᠬᠡ ᠪᠠᠶᠢᠵᠦ᠂ ᠬᠠᠷᠢᠶ᠎ᠠ ᠭᠠᠵᠠᠷ ᠤᠨ ᠵᠠᠰᠠᠭ ᠤᠨ ᠤᠷᠳᠤᠨ ᠨᠢ ᠬᠤᠷᠢᠶᠠᠨ ᠠᠪᠬᠤ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ ᠭᠠᠴᠠᠭ᠎ᠠ ᠲᠤᠰᠬᠤᠨ ᠤ ᠮᠠᠯᠴᠢᠨ ᠲᠠᠷᠢᠶᠠᠴᠢᠨ ᠡᠷᠦᠬᠡ ᠳᠤ ᠤᠬᠠᠭᠤᠯᠬᠤ ᠶᠢ ᠬᠠᠷᠢᠭᠤᠴᠠᠨ᠎ᠠ᠃      ᠬᠤᠶᠠᠷ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢ ᠪᠥᠲᠥᠭᠡᠨ ᠪᠠᠶᠢᠭᠤᠯᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠵᠤ᠂ ᠲᠥᠷᠥᠯ ᠵᠦᠢᠯ ᠤᠨ ᠣᠷᠣᠨ ᠤ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠵᠢᠯ ᠲᠤᠷᠰᠢ ᠬᠤᠷᠢᠶᠠᠯᠲᠠ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠰᠠᠶᠢᠲᠤᠷ ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠬᠤ ᠬᠡᠷᠡᠭᠲᠡᠶ᠃      ᠭᠤᠷᠪᠠ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠪᠠ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠤᠯᠠᠭᠠᠶᠢᠯᠠᠨ ᠮᠠᠯᠵᠢᠬᠤ ᠰᠥᠨᠢ ᠪᠠᠷ ᠮᠠᠯᠵᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃      ᠳᠥᠷᠪᠡ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢᠨ ᠤᠳᠤᠷᠢᠳᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠠᠯᠳᠠᠭᠤᠷ ᠮᠠᠯᠯᠠᠵᠤ ᠰᠥᠨᠢᠵᠢᠨ ᠮᠠᠯᠵᠢᠬᠤ ᠲᠠᠷᠢᠶᠠᠯᠠᠬᠤ ᠡᠷᠦᠬᠡ ᠳᠤ ᠠᠮᠢ ᠠᠬᠤᠶ ᠶᠢᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠬᠠᠤᠯᠢ ᠲᠣᠭᠲᠠᠭᠠᠯ ᠶᠣᠰᠣᠭᠠᠷ ᠰᠠᠭᠤᠯᠭᠠᠨ ᠬᠠᠰᠤᠬᠤ ᠬᠡᠷᠡᠭᠲᠡᠶ᠃      ᠲᠠᠪᠤ᠂ ᠳ᠋ᠠᠪᠠᠨ ᠤ ᠨᠠᠨᠱᠠᠨ ᠠᠭᠤᠯᠠ ᠪᠣᠯ ᠬᠤᠲᠠ ᠶᠢᠨ ᠲᠣᠭᠤᠷᠢᠭ ᠤᠨ ᠳᠦᠷᠢ ᠲᠦᠷᠬᠦ ᠪᠠ ᠪᠠᠭᠠᠷᠢᠨ ᠪᠠᠷᠠᠭᠤᠨ ᠬᠤᠰᠢᠭᠤᠨ ᠤ ᠴᠣᠩᠬᠤ ᠮᠥᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠨᠡᠯᠢᠶᠡᠳ ᠥᠨᠳᠥᠷ ᠪᠥᠭᠡᠳ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠨᠠᠨᠱᠠᠨ ᠠᠭᠤᠯᠠ ᠶᠢᠨ ᠪᠥᠲᠥᠭᠡᠨ ᠪᠠᠶᠢᠭᠤᠯᠤᠯᠲᠠ ᠳᠤ ᠬᠢᠨᠠᠯᠲᠠ ᠲᠠᠯᠪᠢᠨ ᠳᠡᠮᠵᠢᠵᠦ᠂ ᠢᠯᠡᠷᠡᠭᠦᠯᠦᠭᠰᠡᠨ ᠬᠤᠯᠪᠣᠭᠳᠠᠯ ᠪᠥᠬᠦᠶ ᠡᠪᠳᠡᠯᠡᠭᠡ ᠶᠢᠨ ᠦᠢᠯᠡ ᠠᠵᠢᠯᠯᠠᠭ᠎ᠠ ᠶᠢ ᠪᠢᠳᠡᠨ ᠳᠤ ᠴᠠᠭ ᠲᠤᠬᠠᠶ ᠳᠤᠨᠢ ᠲᠤᠰᠬᠠᠬᠤ ᠶᠢ ᠬᠦᠰᠡᠵᠦ ᠪᠠᠶᠢᠨ᠎ᠠ᠃       ᠢᠯᠡᠴᠢᠯᠡᠨ ᠮᠡᠳᠡᠭᠦᠯᠬᠦ ᠤᠲᠠᠰᠤ᠄       ᠪᠠᠭᠠᠷᠢᠨ ᠪᠠᠷᠠᠭᠤᠨ ᠬᠤᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ       ᠪᠡᠯᠴᠢᠭᠡᠷᠯᠡᠭᠦᠯᠬᠦ ᠶᠢ ᠴᠠᠭᠠᠵᠠᠯᠠᠬᠤ ᠠᠩᠭᠢ᠂ ᠤᠲᠠᠰᠤ᠄ 13604760020       ᠳ᠋ᠠᠪᠠᠨ ᠪᠠᠯᠭᠠᠰᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠡᠭᠡ ᠠᠩᠭᠢ᠂ ᠤᠲᠠᠰᠤ᠄ 15047637733       ᠰᠠᠶᠢᠬᠠᠨ ᠵᠡᠭᠡᠯᠢ ᠭᠤᠳᠤᠮᠵᠢ ᠶᠢᠨ ᠪᠡᠯᠴᠢᠭᠡᠷᠯᠡᠭᠦᠯᠬᠦ ᠶᠢ ᠬᠤᠷᠢᠭᠯᠠᠬᠤ ᠠᠩᠭᠢ᠂ ᠤᠲᠠᠰᠤ᠄ 15947240823       ᠪᠠᠭᠠᠷᠢᠨ ᠪᠠᠷᠠᠭᠤᠨ ᠬᠤᠰᠢᠭᠤᠨ ᠤ ᠤᠰᠤ ᠬᠦᠷᠦᠰᠦ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠄ 13847657386              ᠪᠠᠭᠠᠷᠢᠨ ᠪᠠᠷᠠᠭᠤᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ              ᠪᠠᠭᠠᠷᠢᠨ ᠪᠠᠷᠠᠭᠤᠨ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ              ᠪᠠᠭᠠᠷᠢᠨ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ                                                           2024 ᠣᠨ ᠤ 4 ᠰᠠᠷ᠎ᠠ ᠶᠢᠨ 23᠎ ᠤ ᠡᠳᠦᠷ 
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ