ᠪᠠᠭᠠᠷᠢᠨ ᠪᠠᠷᠠᠭᠤᠨ ᠬᠤᠰᠢᠭᠤ᠄ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/4/30
        ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ᠂ ᠬᠠᠤᠯᠢ ᠠᠴᠠ ᠵᠥᠷᠢᠴᠡᠨ ᠪᠥᠲᠥᠭᠡᠨ ᠪᠠᠶᠢᠭᠤᠯᠬᠤ ᠪᠠ ᠬᠠᠤᠯᠢ ᠪᠤᠰᠤ ᠪᠠᠷ ᠨᠡᠭᠡᠭᠡᠨ ᠮᠠᠯᠲᠠᠬᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠪᠠ ᠴᠢᠩᠭ᠎ᠠ ᠴᠣᠬᠢᠯᠲᠠ ᠥᠭᠴᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠨᠡᠷ᠎ᠡ ᠬᠦᠨᠳᠦ ᠪᠠ ᠡᠷᠬᠡ ᠰᠦᠷ ᠢ ᠡᠷᠡᠰ ᠬᠠᠮᠠᠭᠠᠯᠠᠨ᠂ ᠬᠠᠤᠯᠢ ᠬᠡᠷᠡᠭᠵᠢᠭᠦᠯᠬᠦ ᠠᠵᠢᠯ ᠢ ᠨᠠᠩ ᠰᠠᠶᠢᠲᠤᠷ ᠥᠷᠨᠢᠭᠦᠯᠬᠦ ᠶᠢᠨ ᠲᠤᠰᠠᠳᠠ᠂ ᠡᠳᠦᠭᠡ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠠᠮᠢᠶ᠎ᠠ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠪᠠ᠄       ᠳᠤᠤᠷᠠᠬᠢ ᠪᠠᠶᠢᠳᠠᠯ ᠣᠷᠣᠰᠢᠵᠤ ᠪᠠᠶᠢᠪᠠᠯ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ᠂ ᠬᠠᠤᠯᠢ ᠠᠴᠠ ᠵᠥᠷᠢᠴᠡᠨ ᠪᠥᠲᠥᠭᠡᠨ ᠪᠠᠶᠢᠭᠤᠯᠤᠭᠰᠠᠨ ︵ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ︶ ᠪᠠ ᠬᠠᠤᠯᠢ ᠪᠤᠰᠤ ᠪᠠᠷ ᠨᠡᠭᠡᠭᠡᠨ ᠮᠠᠯᠲᠠᠭᠰᠠᠨ ᠦᠢᠯᠡ ᠠᠵᠢᠯᠯᠠᠭ᠎ᠠ ᠳᠤ ᠬᠠᠷᠢᠶᠠᠯᠠᠭᠳᠠᠵᠤ᠂ ᠪᠠᠶᠢᠴᠠᠭᠠᠨ ᠳᠣᠲᠣᠯᠠᠭᠰᠠᠨ ᠤ ᠳᠠᠷᠠᠭ᠎ᠠ᠂ ︽ᠣᠭᠲᠣ ᠠᠭᠤᠴᠢᠯᠠᠬᠤ ᠥᠬᠡᠶ︾ ᠣᠪᠣᠷ ᠢᠶᠠᠷ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃       ︵ᠨᠢᠭᠡ︶ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠭᠡᠳᠡᠭ ᠪᠣᠯ ᠤᠢᠢᠯᠠ ᠠᠵᠢᠯᠯᠠᠭᠠᠳᠠᠨ ᠭᠠᠵᠠᠷ ᠰᠢᠷᠣᠢ᠂ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠪᠥᠭᠡᠳ ᠬᠦᠴᠦᠨ ᠪᠦᠬᠦᠢ ᠵᠥᠪᠰᠢᠶᠡᠷᠡᠯ ᠤᠢᠭᠡᠢ ᠪᠠᠷ ᠭᠠᠵᠠᠷ ᠰᠢᠷᠣᠢ ᠶᠢ ᠡᠵᠡᠯᠡᠨ ᠬᠡᠷᠡᠭᠯᠡᠭᠰᠡᠨ᠂ ᠲᠦᠷᠢᠶᠡᠰᠦᠯᠡᠨ ᠬᠡᠷᠡᠭᠯᠡᠭᠰᠡᠨ᠂ ᠰᠢᠯᠵᠢᠭᠦᠯᠦᠨ ᠥᠭᠭᠦᠭᠰᠡᠨ᠂ ᠬᠤᠳᠠᠯᠳᠤᠭᠠᠯᠠᠭᠰᠠᠨ᠂ ᠰᠣᠯᠢᠯᠴᠠᠭᠰᠠᠨ᠂ ᠲᠦᠷᠢᠶᠡᠰᠦᠯᠡᠭᠦᠯᠦᠭᠰᠡᠨ᠂ ᠡᠪᠳᠡᠭᠰᠡᠨ ᠵᠢᠴᠢ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠪᠤᠰᠤᠳ ᠤᠢᠢᠯᠠ ᠠᠵᠢᠯᠯᠠᠭ᠎ᠠ ᠶᠢ ᠵᠢᠭᠠᠵᠤ ᠪᠠᠶᠢᠨ᠎ᠠ᠃ ᠪᠣᠳᠠᠲᠠᠢ ᠪᠠᠷ ᠬᠡᠯᠡᠪᠡᠯ᠄       1.  ᠵᠥᠪᠰᠢᠶᠡᠷᠡᠯ ᠣᠯᠤᠭᠰᠠᠨ ᠦᠭᠡᠢ ᠪᠤᠶᠤ ᠮᠡᠬᠡᠯᠡᠬᠦ ᠠᠷᠭ᠎ᠠ ᠪᠠᠷ ᠵᠥᠪᠰᠢᠶᠡᠷᠡᠯ ᠣᠯᠤᠭᠠᠳ ᠭᠠᠵᠠᠷ ᠰᠢᠷᠣᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ︔       2 . ᠭᠠᠵᠠᠷ ᠰᠢᠷᠣᠶ ᠶᠢ ᠬᠠᠤᠯᠢ ᠪᠤᠰᠤ ᠪᠠᠷ ᠬᠤᠳᠠᠯᠳᠤᠭᠠᠯᠠᠭᠰᠠᠨ ᠪᠤᠶᠤ ᠭᠠᠵᠠᠷ ᠰᠢᠷᠣᠶ ᠶᠢ ᠪᠤᠰᠤᠳ ᠬᠡᠯᠪᠡᠷᠢ ᠪᠠᠷ ᠬᠠᠤᠯᠢ ᠪᠤᠰᠤ ᠪᠠᠷ ᠰᠢᠯᠵᠢᠭᠦᠯᠦᠨ ᠥᠭᠭᠦᠭᠰᠡᠨ︔       3 . ᠵᠥᠪᠰᠢᠶᠡᠷᠡᠭᠰᠡᠨ ᠲᠠᠯᠠᠪᠠᠶ ᠠᠴᠠ ᠬᠡᠲᠦᠷᠡᠭᠦᠯᠦᠨ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ︔       4 . ᠲᠦᠷ ᠴᠠᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠭᠰᠡᠨ ᠨᠢ ᠵᠥᠪᠰᠢᠶᠡᠷᠡᠭᠰᠡᠨ ᠬᠤᠭᠤᠴᠠᠭ᠎ᠠ ᠠᠴᠠ ᠬᠡᠲᠦᠷᠡᠭᠰᠡᠨ︔       5 . ᠭᠠᠵᠠᠷ ᠰᠢᠷᠣᠢ ᠶᠢᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ︔       6 . ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠶ ᠡᠵᠡᠯᠡᠨ ᠬᠡᠷᠡᠭᠯᠡᠭᠰᠡᠨ ᠪᠤᠰᠤᠳ ᠦᠢᠯᠡ ᠠᠵᠢᠯᠯᠠᠭ᠎ᠠ᠃       ︵ᠬᠤᠶᠠᠷ︶ ᠬᠠᠤᠯᠢ ᠠᠴᠠ ᠵᠥᠷᠢᠴᠡᠨ ᠪᠥᠲᠥᠭᠡᠨ ᠪᠠᠶᠢᠭᠤᠯᠬᠤ ᠭᠡᠳᠡᠭ ᠨᠢ ᠦᠢᠯᠡ ᠠᠵᠢᠯᠯᠠᠭᠠᠳᠠᠨ ᠤ ᠲᠥᠯᠥᠪᠵᠢᠭᠦᠯᠭᠡ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠵᠦ᠂ ᠬᠠᠤᠯᠢ ᠶᠣᠰᠣᠨ ᠤ ᠬᠦᠴᠦᠨ ᠪᠥᠬᠦᠶ ᠵᠥᠪᠰᠢᠶᠡᠷᠡᠯ ᠢ ᠳᠠᠮᠵᠢᠭᠰᠠᠨ ᠥᠬᠡᠶ ᠪᠤᠶᠤ ᠵᠥᠪᠰᠢᠶᠡᠷᠡᠭᠰᠡᠨ ᠨᠥᠬᠦᠴᠡᠯ ᠶᠣᠰᠣᠭᠠᠷ ᠪᠥᠲᠥᠭᠡᠨ ᠪᠠᠶᠢᠭᠤᠯᠤᠭᠰᠠᠨ ᠥᠬᠡᠶ ᠦᠢᠯᠡ ᠠᠵᠢᠯᠯᠠᠭ᠎ᠠ ᠶᠢ ᠵᠢᠭᠠᠵᠤ ᠪᠣᠶ᠃ ᠪᠣᠳᠠᠲᠠᠢ ᠪᠠᠷ ᠬᠡᠯᠡᠪᠡᠯ᠄       1 . ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠣᠯᠤᠭᠰᠠᠨ ᠦᠭᠡᠶ ᠪᠠᠷ ᠰᠢᠨ᠎ᠡ ᠪᠠᠷ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠪᠠᠷᠢᠯᠭ᠎ᠠ ᠪᠦᠲᠦᠭᠡᠨ ᠪᠠᠶᠢᠭᠤᠯᠬᠤ ᠦᠢᠯᠡ ᠠᠵᠢᠯᠯᠠᠭ᠎ᠠ︔       2 . ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠎ ᠤᠨ ᠲᠣᠭᠲᠠᠭᠠᠯ ᠶᠣᠰᠣᠭᠠᠷ ᠪᠦᠲᠦᠭᠡᠨ ᠪᠠᠶᠢᠭᠤᠯᠤᠭᠰᠠᠨ ᠦᠭᠡᠶ︔       3 . ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠎ ᠤᠨ ᠴᠠᠭ ᠬᠤᠭᠤᠴᠠᠭ᠎ᠠ ᠠᠴᠠ ᠬᠡᠲᠦᠷᠡᠭᠦᠯᠦᠨ ᠪᠥᠲᠥᠭᠡᠨ ᠪᠠᠶᠢᠭᠤᠯᠤᠭᠰᠠᠨ︔       4 . ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠪᠦᠲᠦᠭᠡᠨ ᠪᠠᠶᠢᠭᠤᠯᠤᠭᠰᠠᠨ ᠲᠦᠷ ᠴᠠᠭ ᠤᠨ ᠴᠢᠨᠠᠷᠲᠠᠶ ᠪᠠᠷᠢᠯᠭ᠎ᠠ ᠶᠢᠨ ᠬᠡᠷᠡᠭᠯᠡᠬᠦ ᠬᠤᠭᠤᠴᠠᠭ᠎ᠠ ᠬᠢᠵᠠᠭᠠᠷ ᠨᠢ ᠨᠢᠭᠡᠨᠲᠡ ᠳᠦᠭᠦᠷᠴᠦ᠂ ᠦᠷᠭᠦᠯᠵᠢᠯᠡᠨ ᠬᠡᠷᠡᠭᠯᠡᠬᠦ ᠭᠠᠷᠳᠠᠮ ᠢ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠪᠤᠶᠤ ᠦᠷᠭᠦᠯᠵᠢᠯᠡᠨ ᠬᠡᠷᠡᠭᠯᠡᠬᠦ ᠭᠠᠷᠳᠠᠮ ᠢ  ᠭᠦᠢᠴᠡᠳᠬᠡᠬᠦ ᠪᠠᠷ ᠭᠤᠶᠤᠴᠢᠯᠠᠭᠠᠳ ᠵᠥᠪᠰᠢᠶᠡᠷᠡᠭᠳᠡᠭᠰᠡᠨ ᠦᠭᠡᠶ︔       5 . ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠭᠰᠡᠨ ᠪᠦᠲᠦᠭᠡᠨ ᠪᠠᠶᠢᠭᠤᠯᠬᠤ ᠪᠤᠰᠤᠳ ᠦᠢᠯᠡ ᠠᠵᠢᠯᠯᠠᠭ᠎ᠠ᠃      ︵ᠭᠤᠷᠪᠠ︶ ᠬᠠᠤᠯᠢ ᠪᠤᠰᠤ ᠪᠠᠷ ᠨᠡᠭᠡᠭᠡᠨ ᠮᠠᠯᠲᠠᠬᠤ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠣᠯ ᠤᠯᠤᠰ ᠲᠤ ᠥᠮᠴᠢᠯᠡᠭᠳᠡᠨ᠎ᠡ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠳᠤᠷ᠎ᠠ ᠪᠠᠷ ᠢᠶᠠᠨ ᠬᠤᠯᠠᠭᠠᠶᠢᠯᠠᠨ ᠮᠠᠯᠲᠠᠬᠤ ᠶᠢ ᠴᠠᠭᠠᠵᠠᠯᠠᠨ᠎ᠠ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠶᠠᠮᠠᠷᠪᠠ ᠠᠷᠭ᠎ᠠ ᠮᠠᠶ᠋ᠢᠭ ᠢᠶᠠᠷ ᠶᠠᠮᠠᠷᠪᠠ ᠠᠷᠭ᠎ᠠ ᠪᠠᠷᠢᠯ ᠢᠶᠠᠷ ᠬᠠᠤᠯᠢ ᠪᠤᠰᠤ ᠪᠠᠷ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠮᠠᠯᠲᠠᠵᠤ᠂ ᠡᠵᠡᠯᠡᠵᠦ᠂ ᠬᠤᠳᠠᠯᠳᠤᠭᠠᠯᠠᠵᠤ᠂ ᠡᠪᠳᠡᠵᠦ ᠪᠣᠯᠬᠤ ᠦᠭᠡᠶ᠃ ᠪᠣᠳᠠᠲᠠᠢ ᠪᠠᠷ ᠬᠡᠯᠡᠪᠡᠯ᠄      1 . ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠦᠭᠡᠢ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ︔     2 .ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠨᠢ ᠬᠦᠴᠦᠨ ᠦᠭᠡᠢ ᠪᠣᠯᠭᠠᠭᠳᠠᠭᠰᠠᠨ᠂ ᠬᠤᠷᠢᠶᠠᠭᠳᠠᠵᠤ ᠬᠦᠴᠦᠨ ᠦᠭᠡᠢ ᠪᠣᠯᠭᠠᠭᠳᠠᠭᠰᠠᠨ ᠤ ᠲᠠᠷᠠᠭ᠎ᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠦᠷᠭᠦᠯᠵᠢᠯᠡᠨ ᠨᠡᠭᠡᠭᠡᠨ ᠮᠠᠯᠲᠠᠭᠰᠠᠨ︔     3 . ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠳᠤ ᠲᠣᠭᠲᠠᠭᠠᠭᠰᠠᠨ ᠠᠭᠤᠷᠬᠠᠢ ᠶᠢᠨ ᠣᠷᠣᠨ ᠤ ᠬᠡᠪᠴᠢᠶᠡᠨ ᠠᠴᠠ ᠳᠠᠪᠠᠵᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ︔      4 . ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠳᠤ ᠲᠣᠭᠲᠠᠭᠠᠭᠰᠠᠨ ᠠᠭᠤᠷᠬᠠᠢ ᠶᠢᠨ ᠲᠦᠷᠦᠯ ᠤᠨ ᠶᠣᠰᠣᠭᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ ᠦᠭᠡᠢ︔      5 . ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠦᠭᠡᠢ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ ᠪᠤᠰᠤᠳ ᠪᠠᠶᠢᠳᠠᠯ᠃      ᠪᠥᠬᠦ ᠬᠤᠰᠢᠭᠤᠨ ᠤ ᠬᠡᠪᠴᠢᠶᠡᠨ ᠳᠤ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ᠂ ᠬᠠᠤᠯᠢ ᠶᠢ ᠵᠥᠷᠢᠴᠡᠨ ᠪᠥᠲᠥᠭᠡᠨ ᠪᠠᠶᠢᠭᠤᠯᠤᠭᠰᠠᠨ ᠪᠠ ᠬᠠᠤᠯᠢ ᠪᠤᠰᠤ ᠪᠠᠷ ᠨᠡᠭᠡᠭᠡᠨ ᠮᠠᠯᠲᠠᠭᠰᠠᠨ ᠨᠢᠭᠡᠴᠡ ᠪᠣᠯᠤᠨ ᠬᠤᠪᠢ ᠬᠥᠮᠦᠨ ᠡᠷᠬᠡᠪᠰᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠨ ᠳᠠᠷᠦ᠋ᠢᠬᠠᠨ ᠵᠣᠭᠰᠣᠭᠠᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠪᠠᠨ ᠥᠪᠡᠷᠰᠡᠳ ᠢᠶᠠᠨ ᠨᠤᠷᠠᠭᠠᠵᠤ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠬᠤ ᠬᠡᠷᠡᠭᠲᠡᠶ᠃ ᠥᠪᠡᠷᠲᠡᠭᠡᠨ ᠨᠤᠷᠠᠭᠠᠭᠰᠠᠨ ᠦᠭᠡᠢ ᠪᠣᠯ ᠬᠠᠤᠯᠢ ᠶᠣᠰᠣᠭᠠᠷ ᠬᠤᠷᠢᠶᠠᠨ ᠠᠪᠬᠤ ᠪᠤᠶᠤ ᠠᠯᠪᠠᠳᠠᠯᠭ᠎ᠠ ᠪᠠᠷ ᠨᠤᠷᠠᠭᠠᠨ᠎ᠠ᠃     ᠶᠠᠮᠠᠷᠪᠠ ᠨᠢᠭᠡᠴᠡ ᠪᠠ ᠬᠤᠪᠢ ᠬᠥᠮᠦᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠦᠷᠭᠦᠯᠵᠢᠯᠡᠨ ᠭᠦᠢᠴᠡᠳᠬᠡᠬᠦ ᠶᠢ ᠲᠡᠪᠴᠢᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠬᠦᠨᠳᠦ ᠰᠢᠳᠬᠡᠬᠦ ᠬᠡᠷᠡᠭᠲᠡᠢ︔ ᠬᠠᠤᠯᠢ ᠠᠴᠠ ᠵᠥᠷᠢᠴᠡᠨ ᠶᠠᠯ᠎ᠠ ᠬᠢᠭᠰᠡᠨ ᠳᠤ ᠲᠣᠭᠠᠴᠠᠭᠳᠠᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠦᠷᠢᠯᠡᠭᠦᠯᠬᠦ ᠬᠡᠷᠡᠭᠲᠡᠶ᠃ ᠨᠠᠮ ᠤᠨ ᠭᠡᠰᠢᠭᠦᠨ ᠺᠠᠳ᠋ᠷ ᠪᠠ ᠠᠯᠪᠠᠨ ᠲᠤᠰᠢᠶᠠᠯᠲᠠᠨ ᠳᠡᠮᠵᠢᠭᠰᠡᠨ ᠪᠤᠶᠤ ᠣᠷᠣᠯᠴᠠᠭᠰᠠᠨ ᠪᠠᠶᠢᠪᠠᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠵᠤ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃         ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0476 - 6179018᠃         ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠢᠮᠧᠯ᠄ blvazrzy @ 163 . com᠃        ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠤᠨ ᠬᠠᠶ᠋ᠢᠭ᠄ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠴᠠᠭᠠᠨᠮᠦ᠋ᠷᠡᠨ ᠳᠤᠮᠳᠠ ᠬᠡᠰᠡᠭ ᠤᠨ ᠡᠮᠦᠨ᠎ᠡ ᠲᠠᠯ᠎ᠠ᠃         ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ᠃                                                     ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ                                                     ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ                                                     ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                                     ᠪᠠᠭᠠᠷᠢᠨ ᠪᠠᠷᠠᠭᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ                                                               2024 ᠣᠨ ᠤ 4 ᠰᠠᠷ᠎ᠠ ᠶᠢᠨ 29᠎ ᠤ ᠡᠳᠦᠷ  
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ