ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠢ ᠢᠯᠡ ᠨᠡᠶᠢᠲᠡᠯᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/30
       ᠬᠤᠰᠢᠭᠤᠨ ᠤ ᠨᠠᠮ ᠤᠨ ᠬᠤᠷᠢᠶ᠎ᠠ ᠰᠤᠳᠤᠯᠬᠤ ᠪᠠᠷ ᠳᠠᠮᠵᠢᠨ᠂ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠪᠠᠷ ᠲᠣᠭᠲᠠᠪᠠ᠃ ᠨᠢᠭᠡ᠂ ᠵᠠᠷᠯᠠᠨ ᠨᠡᠶᠢᠲᠡᠯᠡᠬᠦ ᠨᠡᠷᠡᠰ      ᠦ᠋ ᠰᠢᠶᠤᠤ ᠬᠤᠶ᠂ ᠡᠷᠡᠭᠲᠡᠶ᠂ ᠮᠣᠩᠭᠤᠯ ᠦᠨᠳᠦᠰᠦᠲᠡᠨ᠂ 1970 ᠣᠨ ᠤ 9 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠡᠷ ᠎ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ᠂ ᠭᠤᠷᠪᠠᠳᠤᠭᠠᠷ ᠳᠡᠰ ᠤᠨ ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠶ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠰᠠᠯᠠᠭᠠᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠣᠶ᠃ ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ       2024 ᠣᠨ ᠤ 4 ᠰᠠᠷ᠎ᠠ ᠶᠢᠨ 29᠎ ᠤ ᠡᠳᠦᠷ ᠠᠴᠠ 2024 ᠣᠨ ᠤ 5 ᠰᠠᠷ᠎ᠠ ᠶᠢᠨ 8᠎ ᠤ ᠡᠳᠦᠷ ᠪᠣᠯᠲᠠᠯ᠎ᠠ᠃ ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠡ ᠪᠠ ᠬᠤᠪᠢ ᠬᠥᠮᠦᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠳᠡᠭᠡᠷᠡᠬᠢ ᠢᠯᠡ ᠪᠠᠷ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠤᠨ ᠲᠤᠰᠠᠳᠠ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠬᠤ ᠨᠢᠭᠡᠴᠡ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠶ᠋ᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃      ᠢᠯᠡ ᠨᠡᠶᠢᠲᠡᠯᠡᠬᠦ ᠠᠯᠪᠠᠨ ᠬᠡᠷ ᠢ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ 511 ᠲᠠᠰᠤᠭ ᠲᠤ ᠲᠣᠬᠢᠷᠠᠭᠤᠯᠪᠠ᠃      ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30-11᠄ 30    ᠦᠳᠡ ᠶᠢᠨ ᠬᠤᠶᠢᠨ᠎ᠠ 2᠄ 305᠄ 30      ᠬᠦᠯᠢᠶᠡᠨ ᠠᠪᠬᠤ ᠤᠲᠠᠰᠤ᠄ ︵0476︶ 12380      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                         ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                                           2024 ᠣᠨ ᠤ 4 ᠰᠠᠷ᠎ᠠ ᠶᠢᠨ 28᠎ ᠤ ᠡᠳᠦᠷ
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ