| | | ᠬᠠᠤᠯᠢ ᠴᠠᠭᠠᠵᠠ ᠶᠢᠨ ᠶᠠᠮᠤᠨ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠲᠦᠷᠦᠭᠦᠬᠡᠨ ᠵᠡᠮᠳᠡᠭᠴᠦᠳ ᠤᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠶ ᠰᠠᠨᠠᠯ ᠢ ᠳᠠᠷᠤᠮᠠᠯᠯᠠᠨ ᠲᠠᠷᠬᠠᠭᠠᠵᠤ᠂ 2025 ᠣᠨ ᠪᠣᠯᠬᠤ ᠳᠤ᠂ ᠬᠤᠲᠠ ᠬᠥᠳᠡᠭᠡ ᠶᠢ | ᠬᠠᠮᠤᠷᠤᠭᠰᠠᠨ᠂ ᠳᠥᠭᠦᠮ ᠳᠥᠲᠡ ᠲᠦᠷᠭᠡᠨ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠤᠷ ᠢ ᠪᠣᠶ | ᠪᠣᠯᠭᠠᠵᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠣᠨᠣᠪᠴᠢᠲᠤ ᠴᠢᠨᠠᠷ᠂ ᠪᠦᠳᠤᠮᠵᠢᠳᠤ ᠴᠢᠨᠠᠷ ᠢ ᠢᠯᠡᠳᠲᠡ ᠴᠢᠩᠭᠠᠷᠠᠭᠤᠯᠵᠤ᠂ | ᠦᠢᠯᠡᠴᠢᠯᠡᠭᠡᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠵᠡᠮᠳᠡᠭᠴᠦᠳ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠨᠳᠦᠰᠦᠨ ᠦᠢᠯᠡᠴᠢᠯᠡᠭᠡ ᠶᠢ | ᠡᠷᠬᠡ ᠲᠡᠭᠰᠢ ᠪᠠᠷ ᠡᠳ᠋ᠯᠡᠬᠦ ᠡᠷᠬᠡ ᠶᠢ ᠨᠠᠩ ᠰᠠᠶᠢᠲᠤᠷ ᠪᠡᠶᠡᠯᠡᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃ | ᠰᠠᠨᠠᠯ ᠳᠤ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠴᠦᠨ ᠢ ᠴᠢᠨᠠᠭᠰᠢᠳᠠ ᠲᠤᠬᠢᠷᠠᠭᠤᠯᠤᠨ ᠰᠢᠯᠢᠳᠡᠭᠵᠢᠭᠦᠯᠵᠦ᠂ ᠵᠡᠮᠳᠡᠭᠴᠦᠳ ᠤᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠠᠭᠤᠯᠭ᠎ᠠ ᠪᠣᠯᠤᠨ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠢ ᠬᠠᠮᠠᠭᠠᠯᠠᠵᠤ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠲᠤᠬᠢᠷᠠᠭᠤᠯᠤᠯᠳᠠ ᠬᠢᠪᠠ | ᠃ ᠡᠬᠢ ᠪᠠᠶᠠᠯᠢᠭ ᠢ ᠨᠡᠶᠢᠳᠭᠡᠬᠦ ᠶᠢ ᠴᠢᠩᠭᠠᠳᠬᠠᠵᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠴᠦᠨ ᠢ ᠴᠢᠨᠠᠭᠰᠢᠳᠠ ᠲᠣᠬᠢᠷᠠᠭᠤᠯᠤᠨ | ᠰᠢᠯᠢᠳᠡᠭᠵᠢᠭᠦᠯᠵᠦ᠂ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠬᠠᠤᠯᠢᠵᠢᠯ ᠤᠨ | ᠤᠬᠠᠭᠤᠯᠭ᠎ᠠ ᠵᠡᠷᠭᠡ ᠲᠠᠯ᠎ᠠ ᠶᠢᠨ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠭᠤᠯᠭ᠎ᠠ ᠪᠠ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ | ᠵᠡᠮᠳᠡᠭᠴᠦᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ | ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠪᠠ᠃ | ᠰᠠᠨᠠᠯ ᠨᠢ ᠣᠳᠣᠬᠠᠨ ᠤ ᠵᠡᠮᠳᠡᠭᠴᠦᠳ ᠤᠨ ᠬᠠᠮᠤᠭ ᠤᠨ ᠲᠤᠯᠭᠠᠮ ᠱᠠᠭᠠᠷᠳᠠᠵᠤ ᠪᠠᠶᠢᠭ᠎ᠠ ᠬᠠᠤᠯᠢ ᠴᠠᠭᠠᠵᠠ ᠶᠢᠨ ᠦᠢᠯᠡᠴᠢᠯᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ 11 ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠤᠷᠠᠳᠪᠠ᠂ ᠡᠭᠦᠨ ᠳᠤ᠄ ᠵᠡᠮᠳᠡᠭᠴᠦᠳ ᠤᠨ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠲᠤᠤᠷ ᠢ ᠲᠡᠭᠦᠯᠳᠡᠷᠵᠢᠭᠦᠯᠬᠦ᠂ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠷᠢᠮᠵᠢᠶ᠎ᠠ ᠶᠢ ᠪᠠᠭᠤᠷᠠᠭᠤᠯᠬᠤ᠂ | ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠠᠵᠢᠯ ᠤᠨ ᠲᠣᠭᠲᠠᠴᠠ ᠶᠢ ᠰᠢᠯᠢᠳᠡᠭᠵᠢᠭᠦᠯᠬᠦ᠂ ᠵᠡᠮᠳᠡᠭᠴᠦᠳ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠬᠦ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠲᠤᠰᠬᠠᠶ ᠠᠵᠢᠯ ᠤᠨ ᠺᠣᠮᠢᠰ ᠢ ᠪᠠᠶᠢᠭᠤᠯᠬᠤ᠂ ᠵᠡᠮᠳᠡᠭᠴᠦᠳ ᠤᠨ ᠬᠠᠮᠢᠶ᠎ᠠ ᠪᠦᠬᠦᠢ | ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠷᠤᠳᠠᠯ ᠢ ᠬᠠᠰᠤᠵᠤ ᠬᠡᠯᠲᠦᠷᠢᠭᠦᠯᠬᠦ᠂ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ | ᠴᠢᠩᠭᠠᠳᠬᠠᠬᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠨᠥᠬᠦᠪᠥᠷᠢ ᠦᠢᠯᠡᠳᠦᠯ ᠢ ᠪᠠᠳᠠᠷᠠᠭᠤᠯᠬᠤ᠂ ︽ᠬᠡᠨ ᠬᠠᠤᠯᠢ | ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠵᠡᠮᠳᠡᠭᠴᠦᠳ ᠤᠨ | ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠵᠡᠷᠬᠡ ᠪᠠᠭᠲᠠᠨ᠎ᠠ᠃ | ᠰᠠᠨᠠᠯ ᠳᠤ ᠪᠠᠰᠠ᠂ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠣᠯᠤᠨ ᠵᠡᠮᠳᠡᠭᠴᠦᠳ ᠤᠨ ᠬᠤᠯᠪᠣᠭ᠎ᠠ ᠶᠢᠨ ᠬᠢᠨ | ᠬᠠᠮᠵᠢᠯᠴᠠᠨ ᠬᠠᠪᠰᠤᠷᠤᠯᠴᠠᠬᠤ ᠪᠠᠨ ᠴᠢᠩᠭᠠᠳᠬᠠᠵᠤ᠂ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠂ ᠵᠡᠮᠳᠡᠭᠴᠦᠳ ᠤᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠴᠢᠳᠠᠪᠤᠷᠢ ᠪᠣᠯᠤᠨ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠵᠦ᠂ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠨ ᠨᠡᠶᠢᠲᠡᠯᠢᠭ ᠵᠢᠱᠢᠶ᠎ᠡ ᠶᠢ | ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠵᠡᠮᠳᠡᠭᠴᠦᠳ ᠢ ᠣᠶᠢᠯᠠᠭᠠᠬᠤ᠂ ᠬᠦᠨᠳᠦᠳᠭᠡᠬᠦ᠂ ᠬᠠᠯᠠᠮᠵᠢᠯᠠᠬᠤ᠂ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠬᠤ ᠬᠡᠷᠡᠭᠲᠡᠶ ᠭᠡᠵᠦ ᠳᠤᠷᠠᠳᠪᠠ᠃ |