| | | ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠳᠠᠪᠤᠷᠢᠲᠠᠨ ᠤ ᠰᠢᠨ᠎ᠡ ᠶᠢ | ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠳᠠᠪᠤᠷᠢᠲᠠᠨ ᠤ ᠬᠥᠭᠵᠢᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ | ᠣᠷᠣᠨ ᠨᠤᠲᠤᠭ ᠤᠨ ᠬᠠᠤᠯᠢ ᠲᠣᠭᠲᠠᠭᠠᠯᠲᠠ ᠪᠠᠷ ᠳᠠᠮᠵᠢᠭᠤᠯᠤᠨ ᠴᠢᠳᠠᠪᠤᠷᠢᠲᠠᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷᠳᠡᠯ ᠪᠠ ᠲᠦᠭᠵᠢᠷᠡᠯ ᠢ | ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ | ᠬᠥᠭᠵᠢᠯᠲᠡ ᠶᠢ ᠠᠬᠢᠭᠤᠯᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠬᠢᠨᠠᠨ ᠵᠥᠪᠯᠡᠵᠦ ᠪᠠᠲᠤᠯᠠᠭᠠᠳ᠂ 2024 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠣᠯᠤᠨ᠎ᠠ᠃ | ᠳᠤᠰ ︽ᠲᠦᠷᠢᠮ︾ ᠨᠢ ᠨᠡᠶᠢᠲᠡ 6 ᠪᠦᠯᠦᠭ 69 ᠵᠦᠢᠯ ᠢᠶᠠᠷ ᠪᠦᠷᠢᠯᠳᠦᠵᠦ᠂ ᠮᠠᠨ ᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ | ᠦᠢᠯᠡᠳᠦᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠴᠢᠳᠠᠪᠤᠷᠢᠲᠠᠨ ᠢ ᠬᠥᠮᠦᠵᠢᠭᠦᠯᠵᠦ ᠨᠡᠭᠡᠭᠡᠨ ᠬᠥᠭᠵᠢᠭᠦᠯᠬᠦ᠂ ᠣᠷᠣᠭᠤᠯᠤᠨ | ᠠᠪᠴᠢᠷᠠᠬᠤ᠂ ᠰᠢᠯᠵᠢᠭᠦᠯᠦᠨ ᠬᠡᠷᠡᠭᠯᠡᠬᠦ᠂ ᠦᠨᠡᠯᠡᠨ ᠤᠷᠮᠠᠰᠢᠭᠤᠯᠬᠤ᠂ ᠦᠢᠯᠡᠴᠢᠯᠡᠨ ᠪᠠᠲᠤᠯᠠᠬᠤ ᠵᠡᠷᠭᠡ ᠲᠠᠯ᠎ᠠ ᠠᠴᠠ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ | ᠣᠷᠣᠨ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ | ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠶ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠤᠯᠤᠨ᠎ᠠ᠃ | ᠵᠢᠯᠣᠭᠤᠳᠬᠤ ᠦᠵᠡᠯ ᠰᠠᠨᠠᠭ᠎ᠠ ᠪᠠᠨ ᠲᠣᠳᠣᠷᠬᠠᠶᠢᠯᠠᠵᠤ᠂ ᠴᠢᠳᠠᠪᠤᠷᠢᠲᠠᠨ ᠤ ᠬᠥᠭᠵᠢᠯᠲᠡ ᠶᠢᠨ ᠵᠥᠪ ᠴᠢᠭᠯᠡᠯ ᠢ ᠪᠠᠷᠢᠮᠲᠠᠯᠠᠨ᠎ᠠ᠃ ᠴᠢᠳᠠᠪᠤᠷᠢᠲᠠᠨ ᠢ | ᠬᠥᠮᠦᠵᠢᠭᠦᠯᠵᠦ ᠨᠡᠭᠡᠭᠡᠨ ᠬᠥᠭᠵᠢᠭᠦᠯᠬᠦ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠴᠢᠳᠠᠪᠤᠷᠢᠲᠠᠨ ᠤ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ᠃ | ᠴᠢᠳᠠᠪᠤᠷᠢᠲᠠᠨ ᠢ ᠲᠦᠷᠦᠯ ᠬᠤᠪᠢᠶᠠᠨ ᠦᠨᠡᠯᠡᠬᠦ ᠲᠣᠭᠲᠠᠴᠠ ᠶᠢ ᠪᠠᠶᠢᠭᠤᠯᠵᠤ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠨ᠎ᠠ᠃ ᠴᠢᠳᠠᠪᠤᠷᠢᠲᠠᠨ ᠢ | ᠤᠷᠮᠠᠰᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ | ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠦᠯᠡᠳᠡᠭᠡᠨ᠎ᠡ᠃ |