| | | | ᠥᠭᠡᠳᠡᠯᠡᠬᠦ᠂ ᠡᠷᠡᠭᠲᠡᠶ᠂ ᠪᠠᠶᠠᠨᠲᠠᠯ᠎ᠠ ᠰᠤᠮᠤ ᠶᠢᠨ ᠥᠭᠡᠳᠡᠯᠡᠬᠦ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ᠂ | ᠤᠯᠠᠭᠠᠨᠬᠠᠳᠠ ᠬᠤᠲᠠ ᠶᠢᠨ ᠬᠥᠳᠡᠯᠮᠦᠷᠢ ᠶᠢᠨ ᠵᠢᠱᠢᠶᠡᠴᠢ᠃ | 2010 ᠣᠨ ᠤ ᠰᠡᠭᠦᠯᠴᠢ ᠪᠠᠷ᠂ ᠥᠭᠡᠳᠡᠯᠡᠬᠦ ᠰᠤᠮᠤ ᠶᠢᠨ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠤᠷᠢᠶᠠᠯᠠᠭ᠎ᠠ ᠶᠢ | ᠳᠠᠭᠠᠵᠤ᠂ 15 ᠲᠦᠮᠡᠨ ᠲᠥᠭᠦᠷᠢᠭ ᠤᠨ ᠪᠡᠯᠡ ᠣᠷᠣᠭᠤᠯᠵᠤ᠂ 30 ᠮᠢᠬᠠᠨ ᠦᠬᠡᠷ ᠬᠤᠳᠠᠯᠳᠤᠨ ᠣᠷᠣᠭᠤᠯᠵᠤ᠂ 2011 ᠣᠨ ᠳᠤ 60 ᠭᠠᠷᠤᠶ ᠦᠬᠡᠷ ᠢ | ᠪᠣᠷᠳᠣᠨ ᠲᠠᠷᠭᠤᠯᠠᠭᠤᠯᠵᠤ᠂ ᠴᠡᠪᠡᠷ ᠣᠷᠣᠯᠭ᠎ᠠ ᠨᠢ 6 ᠲᠦᠮᠡᠨ ᠲᠥᠭᠦᠷᠢᠭ ᠲᠤ ᠬᠦᠷᠴᠡᠶ᠃ 2012 ᠣᠨ 4 ᠰᠠᠷ᠎ᠠ ᠳᠤ᠂ 90 ᠭᠠᠷᠤᠢ ᠲᠦᠮᠡᠨ ᠲᠥᠭᠦᠷᠢᠭ ᠤᠨ | ᠪᠡᠯᠡ ᠣᠷᠣᠭᠤᠯᠵᠤ᠂ ︽ᠥᠭᠡᠳᠡᠯᠡᠬᠦ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ︾ ᠢ ᠪᠠᠶᠢᠭᠤᠯᠵᠤ᠂ 5 ᠭᠡᠰᠢᠭᠦᠨ ᠡᠷᠦᠬᠡ ᠡᠯᠰᠡᠵᠦ᠂ ᠬᠡᠪᠴᠢᠶᠡᠵᠢᠭᠰᠡᠨ | ᠲᠡᠵᠢᠭᠡᠨ ᠦᠷᠡᠵᠢᠭᠦᠯᠬᠦ ᠵᠠᠮ ᠢᠶᠠᠷ ᠵᠠᠮᠨᠠᠪᠠ᠃ ᠲᠡᠷᠡ ᠥᠪᠡᠷ ᠤᠨ ᠢᠲᠡᠭᠡᠯ ᠵᠢᠷᠤᠮ ᠪᠠ ᠵᠢᠱᠢᠶᠡᠴᠢ ᠠᠵᠢᠯᠯᠠᠭ᠎ᠠ ᠪᠠᠷ ᠢᠶᠠᠨ ᠭᠡᠰᠢᠭᠦᠳ ᠤᠨ ᠢᠲᠡᠭᠡᠯ ᠢ ᠣᠯᠵᠤ᠂ ᠨᠠᠩ | ᠣᠯᠠᠨ ᠮᠠᠯᠴᠢᠳ ᠤᠨ ᠪᠠᠶᠠᠵᠢᠬᠤ ᠢᠳᠡᠪᠬᠢᠵᠢᠯ ᠢ ᠳᠠᠶᠢᠴᠢᠯᠠᠭᠰᠠᠨ ᠪᠠᠶᠢᠨ᠎ᠠ᠃ | 2017 ᠣᠨ ᠳᠤ᠂ ᠦᠬᠡᠳᠡᠯᠡᠬᠦ ᠲᠡᠮᠡᠭᠡᠨ ᠤ ᠲᠡᠵᠢᠭᠡᠨ ᠦᠷᠡᠵᠢᠭᠦᠯᠬᠦ ᠳᠠᠪᠠᠭᠤᠯᠢᠭ ᠲᠠᠯ᠎ᠠ ᠶᠢ ᠭᠡᠨᠡᠳᠲᠡ ᠦᠢᠯᠠᠭᠠᠵᠤ ᠮᠡᠳᠡᠪᠡ᠃ ᠪᠦᠳᠦᠭᠦᠯᠢᠭ | ᠪᠣᠷᠳᠤᠭ᠎ᠠ ᠳᠤ ᠲᠡᠰᠪᠦᠷᠢᠲᠡᠶ᠂ ᠡᠪᠡᠳᠴᠢᠨ ᠢ ᠡᠰᠡᠷᠭᠦᠴᠡᠬᠦ ᠴᠢᠨᠠᠷ ᠢᠶᠠᠷ ᠴᠢᠩᠭ᠎ᠠ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠨᠢ ᠳᠤᠤᠷ᠎ᠠ ᠮᠥᠷᠲᠡᠭᠡᠨ ᠲᠡᠮᠡᠭᠡᠨ | ᠰᠦ ᠶᠢᠨ ᠰᠢᠮ᠎ᠡ ᠲᠡᠵᠢᠭᠡᠯ ᠨᠢ ᠮᠠᠰᠢ ᠥᠨᠳᠥᠷ᠃ ᠡᠨᠡ ᠨᠢ ᠲᠡᠭᠦᠨ ᠢ ᠲᠡᠮᠡᠭᠡ ᠶᠢ ᠬᠡᠪᠴᠢᠶᠡᠵᠢᠭᠦᠯᠦᠨ ᠮᠠᠯᠵᠢᠬᠤ ᠪᠠᠷ ᠵᠣᠷᠢᠭ ᠰᠢᠭᠤᠳᠤᠭᠤᠯᠵᠠᠢ᠂ ᠲᠥᠷᠪᠡ ᠲᠠᠪᠤᠨ | ᠵᠢᠯ ᠴᠢᠷᠮᠠᠶᠢᠵᠤ ᠪᠠᠶᠢᠭᠠᠳ ᠲᠡᠭᠦᠨ ᠤ ᠰᠦᠷᠦᠭ ᠤᠨ ᠲᠤᠭ᠎ᠠ 50 ᠭᠠᠷᠤᠢ ᠪᠠᠶᠢᠭᠰᠠᠨ ᠠᠴᠠ ᠪᠠᠨ 170 ᠭᠠᠷᠤᠢ ᠪᠣᠯᠵᠠᠢ᠂ ᠡᠭᠦᠨ ᠤ ᠳᠣᠲᠣᠷ᠎ᠠ ᠰᠠᠭᠠᠯᠢ ᠶᠢᠨ | ᠢᠩᠭᠡ 50 ᠭᠠᠷᠤᠢ ᠪᠣᠯᠵᠠᠢ᠃ ᠵᠢᠯ ᠪᠦᠷᠢ ᠵᠥᠪᠬᠡᠨ ᠢᠩᠭᠡᠨ ᠰᠦ ᠶᠢᠨ ᠪᠣᠷᠣᠯᠠᠭᠤᠯᠭ᠎ᠠ ᠳᠤ ᠲᠦᠰᠢᠭᠯᠡᠵᠦ᠂ ᠣᠷᠣᠯᠭ᠎ᠠ ᠨᠢ ᠨᠢᠭᠡᠨᠲᠡ 50 ᠭᠠᠷᠤᠶ ᠲᠦᠮᠡᠨ | ᠲᠥᠭᠦᠷᠢᠭ ᠲᠤ ᠬᠦᠷᠴᠡᠶ᠃ | 2022 ᠣᠨ ᠳᠤ᠂ ᠦᠬᠡᠳᠡᠯᠡᠬᠦ ︽ᠲᠡᠯᠮᠡᠨ︾ ᠲᠡᠮᠡᠭᠡᠨ ᠰᠦ ᠶᠢᠨ ᠲᠥᠷᠥᠯ ᠲᠡᠮᠳᠡᠭ ᠢ ᠳᠠᠩᠰᠠᠯᠠᠭᠤᠯᠵᠤ᠂ ᠲᠡᠮᠡᠭᠡᠨ ᠰᠦ ᠢᠰᠬᠡᠬᠦ ᠮᠠᠰᠢᠨ᠂ ᠰᠦ | ᠰᠠᠭᠠᠬᠤ ᠮᠠᠰᠢᠨ᠂ ᠵᠢᠭᠤᠷᠠᠬᠤ ᠮᠠᠰᠢᠨ ᠵᠡᠷᠭᠡ ᠣᠳᠣᠬᠢᠴᠢᠯᠠᠭᠰᠠᠨ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠶᠢ ᠬᠤᠳᠠᠯᠳᠤᠨ ᠠᠪᠴᠤ᠂ ᠡᠭᠦᠨ ᠤ ᠬᠠᠮᠲᠤ ᠪᠠᠰᠠ | ᠲᠡᠮᠡᠭᠡᠨ ᠰᠦ ᠦᠢᠯᠡᠳᠪᠦᠷᠢᠯᠡᠵᠦ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠮᠣᠩᠭᠤᠯ ᠬᠡᠷ ᠤᠨ ᠰᠠᠭᠤᠷᠢᠨ ᠢ ᠪᠠᠶᠢᠭᠤᠯᠵᠤ᠂ ᠤᠯᠠᠮᠵᠢᠯᠠᠯᠲᠤ | ᠴᠠᠭᠠᠨ ᠢᠳᠡᠭᠡᠨ ᠡᠳ᠋ᠰᠢᠭᠦᠯᠬᠦ ᠪᠠ ᠦᠨᠳᠦᠰᠦᠲᠡᠨ ᠤ ᠣᠨᠴᠠᠯᠢᠭᠲᠤ ᠵᠢᠭᠤᠯᠴᠢᠯᠠᠯ ᠤᠨ ︽ᠬᠤᠶᠠᠷ ᠠᠯᠬᠤᠮ ᠢᠶᠠᠷ ᠶᠠᠪᠤᠬᠤ︾ ᠶᠢ ᠪᠡᠶᠡᠯᠡᠭᠦᠯᠪᠡ᠃ ᠥᠨᠥ ᠪᠣᠯᠬᠤ ᠳᠤ᠂ | ︽ᠲᠡᠯᠮᠡᠨ︾ ᠲᠡᠮᠡᠭᠡᠨ ᠰᠦ ᠶᠢᠨ ᠨᠡᠷᠡᠳᠤ ᠲᠡᠮᠳᠡᠭ ᠪᠣᠯᠤᠨ ᠠᠪᠤᠷᠭᠤ ᠰᠦᠷᠯᠢᠭ ᠷᠢᠳᠢ ᠰᠢᠳᠢ ᠲᠠᠢ ᠴᠠᠭᠠᠨ ᠲᠡᠮᠡᠭᠡ ᠨᠢ ︽ᠥᠭᠡᠳᠡᠯᠡᠬᠦ ᠮᠠᠯᠵᠢᠯ ᠤᠨ ᠲᠠᠯᠠᠪᠠᠢ︾ | ᠶᠢᠨ ᠲᠦᠯᠦᠭᠡᠨ ᠤ ᠨᠡᠷ᠎ᠡ ᠪᠣᠯᠵᠠᠢ᠃ | ᠥᠭᠡᠳᠡᠯᠡᠬᠦ ᠬᠡᠯᠡᠬᠦ ᠳᠡᠭᠡᠨ᠂ ᠪᠢ ᠲᠡᠮᠡᠭᠡᠨ ᠰᠦ ᠶᠢ ᠦᠷᠭᠦᠯᠵᠢᠯᠡᠨ ᠨᠠᠷᠢᠯᠢᠭ ᠪᠣᠯᠪᠠᠰᠤᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ | ᠬᠠᠮᠲᠤ ᠲᠡᠵᠢᠭᠡᠨ ᠦᠷᠡᠵᠢᠭᠦᠯᠬᠦ ᠨᠠᠩ ᠰᠠᠶᠢᠨ ᠡᠭᠦᠯᠳᠡᠷ ᠲᠤ ᠠᠯᠬᠤᠮ ᠠᠯᠬᠤᠮ ᠢᠶᠠᠷ ᠰᠢᠯᠵᠢᠭᠦᠯᠦᠨ᠎ᠡ ᠭᠡᠵᠡᠶ᠃ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ | ᠵᠡᠷᠭᠡ ᠰᠢᠨ᠎ᠡ ᠠᠷᠭ᠎ᠠ ᠵᠠᠮ ᠢᠶᠠᠷ ᠳᠠᠮᠵᠢᠭᠤᠯᠤᠨ᠂ ᠨᠠᠩ ᠣᠯᠠᠨ ᠬᠡᠷᠡᠭᠯᠡᠭᠴᠢᠳ ᠢ ︽ᠲᠡᠯᠮᠡᠨ︾ ᠲᠡᠮᠡᠭᠡᠨ ᠰᠦ ᠳᠤ ᠠᠩᠬᠠᠷᠤᠯ ᠢᠶᠠᠨ ᠬᠠᠨᠳᠤᠭᠤᠯᠵᠤ᠂ ᠨᠠᠩ ᠣᠯᠠᠨ | ᠵᠤᠭᠠᠴᠠᠭᠰᠠᠳ ᠢ ᠪᠠᠭᠠᠷᠢᠨ ᠪᠠᠷᠠᠭᠤᠨ ᠬᠤᠰᠢᠭᠤᠨ ᠤ ᠲᠠᠯ᠎ᠠ ᠨᠤᠲᠤᠭ ᠤᠨ ᠴᠠᠭᠠᠨ ᠲᠡᠮᠡᠭᠡ ᠳᠤ ᠳᠤᠷᠠᠲᠠᠶ ᠪᠣᠯᠭᠠᠨ᠎ᠠ᠃ |