ᠲᠡᠵᠢᠬᠡᠨ ᠦᠷᠡᠵᠢᠬᠦᠯᠬᠦ ᠰᠢᠨ᠎ᠡ ᠵᠠᠮ ᠢ ᠨᠡᠭᠡᠭᠡᠵᠦ ᠪᠠᠶᠠᠵᠢᠨ ᠴᠢᠨᠡᠭᠡᠯᠢᠭᠵᠢᠬᠦ ᠵᠠᠮ ᠳᠤ ᠬᠦᠲᠦᠯᠦᠨ ᠲᠠᠭᠠᠭᠤᠯᠤᠨ᠎ᠠ
ᠨᠡᠶᠢᠲᠡᠯᠡᠭᠰᠡᠨ ᠴᠠᠭ᠄
2024/5/6
       ᠸᠠᠩ ᠯᠢ ᠮᠢᠨ᠂ ᠡᠷᠡᠭᠲᠡᠢ᠂ ᠤᠳᠤ ᠪᠠᠭᠠᠷᠢᠨ ᠪᠠᠷᠠᠭᠤᠨ ᠬᠤᠰᠢᠭᠤᠨ ᠤ ᠮᠦ ᠰᠢᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠂ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ᠃       2014 ᠣᠨ ᠤ 9 ᠰᠠᠷ᠎ᠠ ᠳᠤ᠂ ᠸᠠᠩ ᠯᠢ ᠮᠢᠨ ᠪᠠᠭᠠᠷᠢᠨ ᠪᠠᠷᠠᠭᠤᠨ ᠬᠤᠰᠢᠭᠤᠨ ᠤ ᠮᠦ ᠰᠢᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠶᠢ ᠳᠠᠩᠰᠠᠯᠠᠭᠤᠯᠵᠤ᠂ 57 ᠮᠠᠯᠵᠢᠬᠤ ᠲᠠᠷᠢᠶᠠᠯᠠᠬᠤ ᠡᠷᠦᠬᠡ ᠬᠤᠷᠰᠢᠶ᠎ᠠ ᠳᠤ ᠣᠷᠣᠵᠤ᠂ ᠭᠤᠣᠯᠳᠠᠭᠤ ᠡᠭᠦᠯᠳᠡᠷ ᠤᠨ ᠬᠤᠨᠢ ᠦᠷᠡᠵᠢᠭᠦᠯᠦᠨ ᠪᠤᠶᠢᠵᠢᠭᠤᠯᠬᠤ ᠪᠠ ᠴᠢᠨᠠᠷ ᠰᠠᠶᠢᠲᠠᠢ ᠮᠢᠬᠠᠨ ᠬᠤᠨᠢ ᠪᠣᠷᠳᠣᠨ ᠲᠠᠷᠭᠤᠯᠠᠭᠤᠯᠬᠤ ᠶᠢ ᠡᠵᠡᠩᠨᠡᠵᠦ᠂ ᠤᠳᠤ 7000 ᠲᠡᠭᠰᠢ ᠳᠥᠷᠪᠡᠯᠵᠢᠨ ᠮᠧᠲᠷ ᠤᠨ ᠥᠨᠳᠥᠷ ᠪᠠᠷᠢᠮᠵᠢᠶᠠᠲᠤ ᠬᠠᠰᠢᠶ᠎ᠠ ᠰᠠᠷᠠᠪᠴᠢ ᠂ 9000 ᠪᠣᠰᠤᠭ᠎ᠠ ᠳᠥᠷᠪᠡᠯᠵᠢᠨ ᠮᠧᠲᠷ ᠤᠨ ᠳᠠᠷᠤᠰᠢᠭᠤᠯᠬᠤ ᠵᠣᠭᠤᠷᠢ ᠪᠤᠢ᠃       ᠸᠠᠩ ᠯᠢ ᠮᠢᠨ ᠬᠤᠷᠰᠢᠶ᠎ᠠ ᠪᠠᠶᠢᠭᠤᠯᠤᠭᠰᠠᠨ ᠤ ᠤᠭ ᠰᠠᠨᠠᠭ᠎ᠠ ᠪᠣᠯ ᠳᠠᠷᠤᠶ ᠬᠠᠰᠢᠶᠠᠯᠠᠨ ᠲᠡᠵᠢᠭᠡᠬᠦ ᠪᠠᠷ ᠳᠠᠮᠵᠢᠨ ᠠᠮᠢ ᠠᠬᠤᠶ ᠣᠷᠴᠢᠨ ᠲᠣᠭᠤᠷᠢᠨ ᠤ ᠰᠠᠶᠢᠵᠢᠷᠠᠯᠲᠠ ᠪᠠ ᠬᠠᠮᠠᠭᠠᠯᠠᠯᠲᠠ ᠶᠢ ᠠᠬᠢᠭᠤᠯᠬᠤ ᠶᠠᠪᠤᠳᠠᠯ ᠪᠣᠯᠤᠨ᠎ᠠ᠃ ᠬᠡᠳᠦᠨ ᠵᠢᠯ ᠤᠨ ᠬᠠᠶᠢᠨ ᠰᠥᠪᠡᠭᠴᠢᠯᠡᠯᠲᠡ ᠪᠠᠷ ᠳᠡᠮᠵᠢᠨ᠂ ᠬᠠᠰᠢᠶᠠᠯᠠᠨ ᠲᠡᠵᠢᠭᠡᠵᠦ ᠲᠡᠵᠢᠭᠡᠨ ᠦᠷᠡᠵᠢᠭᠦᠯᠬᠦ ᠶᠢᠨ ᠳᠠᠪᠠᠭᠤᠯᠢᠭ ᠴᠢᠨᠠᠷ ᠨᠢ ᠠᠭᠠᠵᠢᠮ ᠢᠶᠠᠷ ᠲᠣᠪᠤᠶᠢᠮ᠎ᠠ ᠪᠣᠯᠵᠣ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠳᠤ ᠲᠥᠬᠦᠮ᠂ ᠬᠥᠳᠡᠯᠮᠦᠷᠢ  ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠵᠦ᠂ ︽ᠲᠩᠷᠢ ᠶᠢᠨ ᠴᠢᠷᠠᠶ ᠶᠢ ᠬᠠᠷᠠᠵᠤ ᠬᠤᠨᠢ ᠲᠡᠵᠢᠭᠡᠬᠦ︾᠎ ᠶᠢᠨ ᠬᠤᠪᠢᠷᠠᠭᠤᠯᠵᠤ ᠴᠢᠳᠠᠰᠢ ᠥᠬᠡᠶ ᠮᠠᠭᠤ ᠵᠢᠮ᠎ᠡ ᠶᠣᠰᠣ ᠠᠴᠠ ᠵᠠᠶᠢᠯᠠᠰᠬᠢᠵᠡᠶ᠃ ᠲᠡᠷᠡ ᠪᠣᠯ ︽ᠬᠠᠰᠢᠶᠠᠯᠠᠨ ᠲᠡᠵᠢᠭᠡᠵᠦ ᠬᠤᠷᠢᠵᠤ ᠲᠡᠵᠢᠭᠡᠬᠦ︾᠎ ᠶᠢᠨ ᠬᠤᠰᠢᠭᠤᠴᠢ ᠮᠥᠨ᠂ ᠠᠮᠵᠢᠯᠲᠠ ᠲᠠᠢ ᠪᠠᠷ ᠲᠡᠵᠢᠭᠡᠨ ᠦᠷᠡᠵᠢᠭᠦᠯᠬᠦ ᠵᠠᠮ ᠢᠶᠠᠷ ᠲᠠᠮᠵᠢᠨ᠂ ᠪᠡᠶ᠎ᠡ ᠪᠠᠷ ᠢᠶᠠᠨ ᠵᠢᠱᠢᠶ᠎ᠡ ᠦᠵᠡᠭᠦᠯᠦᠨ ᠨᠡᠯᠢᠶᠡᠳ ᠨᠢᠭᠡ ᠪᠦᠯᠦᠭ ᠮᠠᠯᠴᠢᠨ ᠲᠠᠷᠢᠶᠠᠴᠢᠨ ᠢ ᠲᠠᠶᠢᠴᠢᠯᠠᠨ ᠲᠡᠵᠢᠭᠡᠨ ᠦᠷᠡᠵᠢᠭᠦᠯᠬᠦ ᠦᠵᠡᠯᠲᠡ ᠶᠢ ᠨᠢ ᠬᠤᠪᠢᠷᠠᠭᠤᠯᠵᠤ᠂ ᠲᠤᠰ ᠭᠠᠵᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ ᠳᠤ ᠬᠤᠪᠢ ᠨᠡᠮᠡᠷᠢ ᠦᠵᠡᠭᠦᠯᠪᠡ᠃        ᠬᠤᠷᠰᠢᠶᠠᠵᠢᠯ ᠤᠨ ᠲᠡᠵᠢᠭᠡᠨ ᠦᠷᠡᠵᠢᠭᠦᠯᠬᠦ᠂ ᠶᠠᠳᠠᠭᠤ ᠶᠢ ᠲᠡᠳᠬᠦᠬᠦ ᠵᠠᠭᠪᠤᠷ ᠤᠨ ᠠᠮᠵᠢᠯᠲᠠ ᠲᠠᠢ ᠦᠢᠯᠡᠳᠦᠯᠭᠡ ᠶᠢ ᠳᠠᠭᠠᠯᠳᠤᠨ᠂ ᠣᠶᠢᠷ᠎ᠠ ᠶᠢᠨ ᠭᠤᠷᠪᠠᠨ ᠵᠢᠯ ᠳᠤ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠤᠳᠤᠷᠢᠳᠤᠯᠭ᠎ᠠ ᠵᠢᠴᠢ ᠮᠠᠯᠴᠢᠨ ᠲᠠᠷᠢᠶᠠᠴᠢᠨ ᠤ 4000 ᠭᠠᠷᠤᠶ ᠬᠥᠮᠦᠨ ᠤᠳᠠᠭ᠎ᠠ ᠲᠣᠭᠤᠷᠢᠨ ᠦᠵᠡᠵᠦ ᠰᠤᠷᠤᠯᠴᠠᠬᠤ ᠶᠢ ᠭᠥᠯᠢᠶᠡᠨ ᠠᠪᠤᠭᠰᠠᠨ ᠪᠥᠭᠡᠳ ᠪᠠᠰᠠ ᠡᠷᠬᠢᠨ ᠲᠣᠭᠤᠷᠢᠨ ᠤ ᠭᠢᠷᠢᠨ ᠮᠤᠵᠢ᠂ ᠯᠢᠶᠣᠤᠨᠢᠩ ᠮᠤᠵᠢ ᠶᠢᠨ ᠠᠬ᠎ᠠ ᠳᠡᠭᠦᠦ ᠮᠤᠵᠢ ᠶᠢᠨ ᠬᠢᠨ ᠢ ᠲᠡᠳᠡᠨ ᠠᠪᠴᠢᠷᠠᠵᠤ ᠰᠢᠨᠵᠢᠯᠡᠨ ᠪᠠᠶᠢᠴᠠᠭᠠᠯᠭᠠᠵᠤ ᠰᠤᠷᠤᠯᠴᠠᠭᠤᠯᠪᠠ᠃ ᠪᠠᠭᠠᠷᠢᠨ ᠪᠠᠷᠠᠭᠤᠨ ᠬᠤᠰᠢᠭᠤᠨ ᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠤᠷᠤᠯᠴᠠᠨ ᠦᠢᠯᠡᠳᠦᠯᠬᠡᠵᠢᠬᠦᠯᠬᠦ ᠰᠠᠭᠤᠷᠢᠨ ᠭᠠᠵᠠᠷ ᠪᠣᠯᠪᠠ᠃         ᠲᠠᠷᠠᠭᠠᠴᠢ ᠶᠢᠨ ᠠᠯᠬᠤᠮ ᠳᠤ᠂ ᠲᠡᠷᠡ ᠮᠠᠯ ᠠᠵᠤ ᠠᠬᠤᠶ ᠶᠢᠨ ᠬᠤᠷᠰᠢᠶᠠᠵᠢᠯ ᠶᠢ ᠳᠠᠭᠠᠭᠤᠯᠤᠨ ︽ᠺᠣᠮᠫᠠᠨᠢ + ᠬᠤᠷᠰᠢᠶ᠎ᠠ + ᠰᠠᠭᠤᠷᠢᠨ ᠭᠠᠵᠠᠷ ᠤᠨ ᠵᠠᠭᠪᠤᠷ + ᠲᠡᠵᠢᠭᠡᠨ ᠦᠷᠡᠵᠢᠭᠦᠯᠬᠦ ᠡᠷᠦᠬᠡ︾᠎ ᠶᠢᠨ ᠵᠠᠭᠪᠤᠷ ᠢᠶᠠᠷ ᠲᠡᠵᠢᠭᠡᠨ ᠦᠷᠡᠵᠢᠭᠦᠯᠬᠦ ᠬᠡᠪᠴᠢᠶ᠎ᠡ ᠪᠠ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠥᠷᠭᠡᠳᠬᠡᠵᠦ᠂ ᠮᠢᠬᠠᠨ ᠤ ᠬᠤᠯᠪᠣᠭᠠᠲᠤ ᠦᠢᠯᠡᠳᠪᠦᠷᠢ᠂ ᠣᠷᠭᠠᠨᠢᠭ ᠪᠣᠷᠲᠣᠭᠤᠷ ᠤᠨ ᠰᠠᠭᠤᠷᠢᠨ ᠭᠠᠵᠠᠷ ᠵᠡᠷᠭᠡ ᠶᠢ ᠢᠳᠡᠪᠬᠢᠲᠡᠶ ᠪᠡᠯᠡᠳᠬᠡᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠵᠤ᠂ ᠡᠬᠢ ᠪᠠᠶᠠᠯᠢᠭ ᠪᠠ ᠣᠷᠣᠨ ᠪᠦᠰᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃
ᠢᠷᠡᠯᠲᠡ᠄ ᠲᠣᠲᠣᠷᠬᠠᠢ ᠦᠭᠡᠢ