| | | ᠦᠨᠡᠨᠴᠢ᠂ ᠡᠷᠡᠭᠲᠡᠶ᠂ ᠪᠠᠶᠠᠨᠲᠠᠯ᠎ᠠ ᠰᠤᠮᠤ ᠶᠢᠨ ᠬᠠᠷᠠᠭᠠᠨᠠᠳᠠᠯᠠ ᠭᠠᠴᠠᠭᠠᠨ ᠤ ᠮᠠᠯᠴᠢᠨ᠂ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ᠃ | ᠵᠢᠩᠬᠢᠨᠢ ᠰᠠᠶᠢᠬᠠᠨ ᠲᠠᠯ᠎ᠠ ᠨᠤᠲᠤᠭ ᠤᠨ ᠡᠷ᠎ᠡ ᠪᠣᠯᠤᠭᠰᠠᠨ ᠤ ᠬᠤᠪᠢ ᠳᠤ᠂ ᠦᠨᠡᠨᠴᠢ ᠨᠢ ᠬᠠᠷᠠᠬᠠᠨ ᠪᠠᠭ᠎ᠠ ᠠᠴᠠ ᠪᠠᠨ ᠮᠣᠩᠭᠤᠯ ᠠᠳᠤᠭᠤᠨ ᠰᠣᠶᠣᠯ ᠤᠨ | ᠨᠥᠯᠥᠭᠡ ᠶᠢ ᠬᠦᠷᠲᠡᠵᠦ᠂ ᠲᠡᠭᠦᠰᠦᠭᠰᠡᠨ ᠤ ᠪᠠᠨ ᠳᠠᠷᠠᠭ᠎ᠠ᠂ ᠲᠡᠷᠡ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠨᠤᠲᠤᠭ ᠲᠠᠭᠠᠨ ᠪᠤᠴᠠᠵᠤ᠂ | ᠠᠳᠤᠭᠤᠨ ᠤ ᠠᠵᠤ ᠦᠢᠯᠡᠰ ᠢ ᠡᠷᠬᠢᠯᠡᠵᠦ᠂ ᠲᠤᠬᠠᠢ ᠶᠢᠨ ᠭᠠᠵᠠᠷ ᠤᠨ ᠬᠥᠮᠦᠨ ᠪᠦᠬᠦᠨ ᠤ ᠮᠡᠳᠡᠳᠡᠭ ᠮᠣᠩᠭᠤᠯ ᠠᠳᠤᠭᠤᠨ ᠤ ᠲᠡᠵᠢᠭᠡᠪᠦᠷᠢ ᠶᠢᠨ ᠲᠤᠮᠤ ᠡᠷᠦᠬᠡ᠂ | ᠮᠣᠩᠭᠤᠯ ᠠᠳᠤᠭᠤᠨ ᠰᠣᠶᠣᠯ ᠤᠨ ᠰᠢᠯᠢᠳᠡᠭ ᠵᠠᠯᠭᠠᠮᠵᠢᠯᠠᠭᠴᠢ ᠪᠣᠯᠵᠠᠢ᠃ | 2010 ᠣᠨ ᠳᠤ᠂ ᠦᠨᠡᠨᠴᠢ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠵᠣᠬᠢᠶᠠᠨ ᠪᠠᠶᠢᠭᠤᠯᠵᠤ ︽ᠲᠠᠯ᠎ᠠ ᠨᠤᠲᠤᠭ ᠤᠨ ᠵᠠᠯᠠᠭᠤᠴᠤᠳ ᠤᠨ ᠮᠣᠷᠢ | ᠲᠡᠵᠢᠭᠡᠬᠦ ᠲᠤᠰᠬᠠᠶ ᠡᠷᠦᠬᠡ︾ ᠶᠢ ᠪᠠᠶᠢᠭᠤᠯᠵᠤ᠂ ᠮᠠᠯᠴᠢᠨ ᠲᠠᠷᠢᠶᠠᠴᠢᠳ ᠤᠨ ᠰᠢᠯᠢᠳᠡᠭ ᠡᠭᠦᠯᠳᠡᠷ ᠤᠨ ᠮᠣᠩᠭᠤᠯ ᠮᠣᠷᠢ ᠲᠡᠵᠢᠭᠡᠬᠦ ᠶᠢ ᠵᠢᠯᠣᠭᠤᠳᠪᠠ︔ 2017 | ᠣᠨ ᠳᠤ᠂ ᠦᠨᠡᠨᠴᠢ ᠮᠣᠷᠢ ᠰᠤᠷᠭᠠᠬᠤ ᠶᠢᠨ ᠳᠠᠭᠠᠤ ᠭᠡᠭᠦᠤ ᠰᠠᠭᠠᠵᠤ ᠴᠡᠭᠡ ᠶᠢᠨ ᠠᠷᠢᠬᠢ ᠨᠡᠷᠡᠵᠦ᠂ ᠤᠯᠠᠮᠵᠢᠯᠠᠯᠲᠤ ᠴᠡᠭᠡ ᠶᠢ ᠣᠲᠣ ᠦᠶ᠎ᠡ ᠶᠢᠨ ᠠᠳᠤᠭᠤᠨ ᠤ | ᠠᠵᠤ ᠦᠢᠯᠡᠰ ᠲᠤ ᠠᠭᠤᠰᠬᠠᠨ ᠣᠷᠣᠭᠤᠯᠵᠤ᠂ ᠮᠠᠯᠴᠢᠳ ᠢ ᠳᠠᠶᠢᠴᠢᠯᠠᠨ ᠲᠣᠭᠲᠠᠭᠤᠨ ᠢᠶᠠᠷ ᠪᠠᠶᠠᠵᠢᠬᠤ ᠵᠠᠮ ᠢᠶᠠᠷ ᠵᠠᠮᠨᠠᠪᠠ᠃ ᠣᠲᠣ ᠪᠠᠶᠢᠭ᠎ᠠ ᠠᠳᠤᠭᠤ 200 | ᠰᠢᠬᠠᠮ ᠪᠠᠶᠢᠵᠤ᠂ ᠡᠳᠦᠷ ᠪᠦᠷᠢ 120 ᠵᠢᠩ ᠰᠦ ᠰᠠᠭᠠᠵᠤ᠂ ᠵᠢᠯ ᠤᠨ ᠣᠷᠣᠯᠭ᠎ᠠ ᠨᠢ 10 ᠭᠠᠷᠤᠶ ᠲᠦᠮᠡᠨ ᠲᠥᠭᠦᠷᠢᠭ ᠲᠤ ᠬᠦᠷᠴᠦ ᠪᠠᠶᠢᠨ᠎ᠠ︔ ᠦᠨᠡᠨᠴᠢ | ᠪᠠᠰᠠ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ 60 ᠲᠡᠭᠰᠢ ᠳᠥᠷᠪᠡᠯᠵᠢᠨ ᠮᠧᠲᠷ ᠤᠨ ᠠᠳᠤᠭᠤᠨ ᠰᠣᠶᠣᠯ ᠤᠨ ᠦᠵᠡᠭᠦᠯᠦᠯᠭᠡ ᠶᠢᠨ ᠲᠠᠰᠤᠭ ᠢ | ᠪᠠᠶᠢᠭᠤᠯᠪᠠ᠃ | ᠠᠳᠤᠭᠤᠨ ᠰᠣᠶᠣᠯ ᠢ ᠪᠠᠳᠠᠷᠠᠭᠤᠯᠵᠤ᠂ ᠠᠳᠤᠭᠤᠨ ᠤ ᠠᠵᠤ ᠦᠢᠯᠡᠰ ᠢ ᠵᠠᠬ᠎ᠠ ᠳᠡᠯᠭᠡᠭᠦᠷ ᠲᠠᠢ ᠵᠣᠯᠭᠠᠭᠤᠯᠬᠤ ᠶᠢᠨ ᠲᠥᠯᠥᠭᠡ᠂ ᠦᠨᠡᠨᠴᠢ ᠣᠯᠠᠨ ᠤᠳᠠᠭ᠎ᠠ | ᠮᠣᠷᠢ ᠤᠷᠭᠠᠯᠠᠬᠤ᠂ ᠲᠠᠮᠠᠭ᠎ᠠ ᠳᠠᠷᠤᠬᠤ᠂ ᠠᠳᠤᠭᠤ ᠳᠡᠯᠯᠡᠬᠦ᠂ ᠮᠣᠷᠢ ᠤᠷᠤᠯᠳᠤᠬᠤ ᠵᠡᠷᠭᠡ ᠠᠵᠢᠯᠯᠠᠭ᠎ᠠ ᠥᠷᠨᠢᠭᠦᠯᠵᠦ᠂ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠪᠠᠳᠠᠷᠠᠭᠤᠯᠪᠠ︔ ᠡᠭᠦᠨ ᠤ ᠬᠠᠮᠲᠤ᠂ ᠮᠣᠩᠭᠤᠯ ᠠᠳᠤᠭᠤᠨ ᠤ ᠲᠡᠵᠢᠭᠡᠪᠦᠷᠢ ᠶᠢᠨ ᠠᠵᠤ ᠦᠢᠯᠡᠰ ᠤᠨ ᠨᠡᠮᠡᠯᠲᠡ ᠥᠷᠲᠡᠭ ᠢ ᠰᠡᠳᠬᠢᠯ ᠳᠡᠯᠪᠢᠨ | ᠢᠯᠡᠷᠡᠭᠦᠯᠵᠦ᠂ ᠸᠢᠴᠠᠲ ᠬᠤᠳᠠᠯᠳᠤᠭ᠎ᠠ᠂ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠪᠠᠷ ᠮᠠᠨᠳᠤᠭᠰᠠᠨ ᠠᠷᠭ᠎ᠠ ᠬᠡᠯᠪᠡᠷᠢ ᠳᠤ ᠲᠦᠰᠢᠭᠯᠡᠨ᠂ ᠰᠦᠯᠵᠢᠶᠡᠨ ᠳᠡᠭᠡᠷ᠎ᠡ | ᠴᠡᠭᠡ ᠵᠡᠷᠭᠡ ᠪᠦᠲᠦᠭᠡᠭᠳᠡᠬᠦᠨ ᠢ ᠪᠣᠷᠣᠯᠠᠭᠤᠯᠵᠤ᠂ ᠣᠷᠣᠯᠭ᠎ᠠ ᠶᠢ ᠪᠦᠲᠦᠮᠵᠢᠲᠡᠶ ᠳᠡᠭᠡᠭᠰᠢᠯᠡᠭᠦᠯᠦᠨ᠂ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ᠂ | ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ︽ᠳᠠᠭᠠᠭᠤᠯᠤᠭᠴᠢ︾ ᠶᠢ ᠰᠠᠶᠢᠲᠤᠷ ᠬᠢᠪᠠ᠃ |