| | | | ᠪᠣᠯᠪᠠᠰᠣᠨ᠂ ᠡᠮᠡᠭᠲᠡᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠣᠩᠭᠤᠵᠤ ᠪᠠᠭᠤᠯᠭᠠᠬᠤ | ᠲᠥᠯᠥᠭᠡᠯᠡᠭᠴᠢ ᠶᠢᠨ ᠬᠠᠷᠢᠯᠴᠠᠬᠤ ᠠᠵᠢᠯ ᠤᠨ ᠵᠥᠪᠯᠡᠯ ᠤᠨ ᠡᠷᠬᠢᠯᠡᠭᠴᠢ᠂ ᠤᠯᠠᠭᠠᠨᠬᠠᠳᠠ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠬᠤᠪᠢ ᠬᠥᠮᠦᠨ᠃ | ᠪᠣᠯᠪᠠᠰᠣᠨ ᠪᠣᠯ ︽ᠤᠯᠤᠰ ᠤᠨ ᠬᠡᠦᠬᠡᠳ︾ ᠤᠨ ᠥᠬᠢᠨ᠂ ᠲᠡᠭᠦᠨ ᠤ ᠡᠵᠢ ᠨᠢ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ | ᠤᠷᠤᠭᠰᠠᠨ︾ ᠤ ᠳᠣᠲᠣᠷᠠᠬᠢ ᠨᠢᠭᠡ ᠭᠡᠰᠢᠭᠦᠨ ᠪᠣᠯᠤᠨ᠎ᠠ᠃ 2021 ᠣᠨ ᠳᠤ ᠬᠤᠲᠠ᠂ ᠬᠤᠰᠢᠭᠤ ᠪᠠᠷ ᠤᠷᠢᠭᠳᠠᠭᠰᠠᠨ ︽ᠮᠢᠨᠦ ᠳᠡᠷᠭᠡᠳᠡᠬᠢ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠥᠯᠢᠭᠡᠷ ᠢ ᠤᠬᠠᠭᠤᠯᠤᠨ ᠲᠠᠶᠢᠯᠪᠤᠷᠢᠯᠠᠭᠴᠢ︾ ᠪᠣᠯᠤᠭᠰᠠᠨ ᠠᠴᠠ ᠨᠠᠰᠢ᠂ ᠪᠤᠯᠪᠠᠰᠤᠨ ᠡᠵᠢ ᠶᠢᠨ ᠢᠶᠠᠨ ᠥᠩᠭᠡᠷᠡᠯᠲᠡ ᠪᠠ ᠬᠡᠷ | ᠪᠦᠯᠢ ᠶᠢᠨ ᠥᠯᠢᠭᠡᠷ ᠢ ᠶᠠᠷᠢᠬᠤ ᠪᠠᠷ ᠳᠡᠮᠵᠢᠨ᠂ ᠨᠠᠩ ᠣᠯᠠᠨ ᠬᠥᠮᠦᠰ ᠲᠤ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠵᠤ ᠢᠷᠡᠭᠰᠡᠨ︾ | ᠡᠨᠡ ᠬᠦ ᠭᠠᠵᠠᠷ ᠣᠷᠣᠨ᠂ ᠦᠨᠳᠦᠰᠦᠲᠡᠨ ᠪᠠ ᠴᠢᠰᠤᠨ ᠲᠥᠷᠥᠯ ᠠᠯᠤᠰᠯᠠᠭᠰᠠᠨ ᠭᠠᠶᠢᠬᠠᠮᠰᠢᠭᠲᠤ ᠥᠯᠢᠭᠡᠷ ᠢ ᠣᠶᠢᠯᠠᠭᠠᠭᠤᠯᠪᠠ᠃ 3 ᠵᠢᠯ ᠤᠨ ᠲᠤᠷᠰᠢ᠂ | ᠪᠤᠯᠪᠠᠰᠤᠨ ᠤᠬᠠᠭᠤᠯᠤᠨ ᠲᠠᠶᠢᠯᠪᠤᠷᠢᠯᠠᠭᠴᠢ ᠶᠢᠨ ᠬᠤᠪᠢ ᠪᠠᠷ ᠶᠡᠭᠡ ᠳᠡᠭᠡᠳᠦ ᠰᠤᠷᠭᠠᠭᠤᠯᠢ᠂ ᠪᠠᠶᠢᠭᠤᠯᠭ᠎ᠠ᠂ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠲᠤ | ᠬᠦᠷᠴᠦ᠂ ᠬᠡᠳᠦᠨ ᠠᠷᠪᠠᠨ ᠲᠠᠯᠠᠪᠤᠷ ᠤᠬᠠᠭᠤᠯᠤᠨ ᠲᠠᠶᠢᠯᠪᠤᠷᠢᠯᠠᠵᠤ ᠪᠡᠶᠡᠴᠢᠯᠡᠨ ᠣᠶᠢᠯᠠᠭᠠᠬᠤ ᠳᠠᠭᠠᠨ ᠮᠠᠰᠢ ᠣᠯᠠᠨ ᠮᠠᠷᠲᠠᠭᠳᠠᠰᠢ ᠥᠬᠡᠶ ᠴᠠᠭ ᠮᠥᠴᠡ ᠶᠢ | ᠦᠯᠡᠳᠡᠭᠡᠵᠡᠶ᠃ | ᠪᠣᠯᠪᠠᠰᠣᠨ ᠤ ᠤᠬᠠᠭᠤᠯᠤᠨ ᠶᠠᠷᠢᠬᠤ ᠠᠭᠤᠯᠭ᠎ᠠ᠂ ᠬᠡᠰᠡᠭ ᠬᠤᠭᠤᠴᠠᠭ᠎ᠠ ᠠᠯᠤᠰᠯᠠᠬᠤ ᠪᠦᠷᠢ ᠪᠠᠭ᠎ᠠ ᠬᠤᠪᠢᠷᠠᠯᠲᠠ ᠲᠠᠢ᠃ ᠠᠰᠠᠷᠠᠨ ᠬᠥᠮᠦᠵᠢᠭᠦᠯᠦᠭᠴᠢ | ᠨᠠᠰᠤᠲᠠᠨ ᠡᠵᠢ ᠶᠢᠨ ᠣᠲᠣ ᠶᠢᠨ ᠠᠮᠢᠳᠤᠷᠠᠯ ᠂ ᠪᠤᠰᠤᠳ ︽ᠤᠯᠤᠰ ᠤᠨ ᠬᠡᠦᠬᠡᠳ︾ ᠤᠨ ᠪᠠᠶᠢᠳᠠᠯ ᠨᠢ ᠴᠠᠭ ᠲᠤᠬᠠᠶ ᠳᠤᠨᠢ ᠰᠢᠨᠡᠳᠴᠦ ᠪᠠᠶᠢᠨ᠎ᠠ᠃ ᠪᠣᠯᠪᠠᠰᠣᠨ | ᠡᠵᠢ ᠶᠢᠨ ᠢᠶᠠᠨ ᠥᠯᠢᠭᠡᠷ ᠢ ᠪᠣᠷᠣᠭᠵᠢᠭᠤᠨ ᠪᠥᠭᠡᠳ ᠠᠮᠢᠳᠤᠯᠢᠭ ᠬᠡᠯᠡ ᠪᠠᠷ ᠶᠠᠷᠢᠵᠤ ᠪᠠᠶᠢᠯ᠎ᠠ᠂ ᠲᠡᠷᠡ ᠢᠯᠡᠷᠬᠡᠶᠢᠯᠡᠬᠦ ᠳᠡᠭᠡᠨ᠂ ᠢᠩᠭᠢᠵᠦ ᠤᠬᠠᠭᠤᠯᠤᠨ | ᠲᠠᠶᠢᠯᠪᠤᠷᠢᠯᠠᠬᠤ ᠨᠢ ᠮᠠᠰᠢ ᠤᠳᠬ᠎ᠠ ᠠᠭᠤᠯᠭ᠎ᠠ ᠲᠠᠢ ᠶᠤᠮ᠂ ᠣᠲᠣ ᠲᠡᠷᠡ ᠨᠢᠭᠡᠨᠲᠡ ᠦᠨᠳᠦᠰᠦᠲᠡᠨ ᠤ ᠪᠦᠯᠬᠦᠮᠳᠡᠯ ᠤᠨ ᠪᠣᠣᠬᠢᠶ᠎ᠠ ᠶᠢ ᠲᠣᠰᠴᠤ ᠠᠪᠤᠭᠰᠠᠨ ᠪᠣᠯᠬᠤᠷ | ᠳᠡᠷᠭᠡᠳᠡᠬᠢ ᠨᠡᠶᠢᠲᠡᠯᠢᠭ ᠥᠯᠢᠭᠡᠷ ᠢ ᠠᠭᠤᠳᠠᠯᠤᠨ ᠡᠮᠬᠢᠳᠬᠡᠬᠦ ᠪᠠ ᠤᠬᠠᠭᠤᠯᠤᠨ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠶᠠᠷᠢᠬᠤ ᠪᠣᠯᠤᠨ᠎ᠠ ᠭᠡᠵᠡᠶ᠃ |